| | ᠡᠷᠳᠡᠨᠢᠴᠡᠴᠡᠭ︶ 1 ᠰᠠᠷ᠎ᠠ ᠶᠢᠨ15 ᠤ ᠡᠳᠦᠷ ᠤᠨ ᠣᠷᠣᠢ᠂ ᠠᠶᠢᠮᠠᠭ ᠤᠨ ᠰᠣᠶᠣᠯ ᠤᠨ | ᠣᠷᠳᠣᠨ ᠠᠴᠠ ᠭᠤᠣᠯᠯᠠᠨ ᠡᠷᠭᠢᠯᠡᠵᠤ᠂ ᠠᠶᠢᠮᠠᠭ ᠤᠨ ᠺᠢᠨᠤ ᠲᠧᠯᠸᠢᠰ ᠵᠦᠴᠦᠭᠡ ᠳᠠᠭᠤᠷᠢᠯᠢᠬᠴᠢᠳ ᠤᠨ | ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠡ ᠠᠯᠠᠱᠠ ᠠᠶᠢᠮᠠᠭ ᠤᠨ ᠭᠤᠷᠪᠠᠳᠤᠭᠠᠷ ᠤᠳᠠᠭᠠᠨ ᠤ ᠱᠤᠭ ᠶᠠᠷᠢᠶᠠᠨ ᠤ | ᠤᠷᠤᠯᠳᠤᠭᠠᠠ ᠠᠶᠢᠮᠠᠭ ᠤᠨ ᠤᠯᠠᠭᠠᠨᠮᠥ᠋ᠴᠢᠷ ᠤᠨ ᠤᠷᠠᠯᠢᠭ ᠤᠨ ᠲᠢᠩᠬᠢᠮ ᠳᠤ ᠶᠠᠪᠤᠭᠳᠠᠪᠠ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ ᠬᠠᠰᠴᠢᠯᠠᠭᠤ ᠨᠢᠮ᠎ᠠ ︽ᠪᠠᠭᠰᠢ︾ ᠭᠡᠬᠦ | ᠪᠦᠲᠦᠭᠡᠯ ᠢᠶᠠᠷ ᠮᠠᠩᠯᠠᠶᠢᠯᠠᠵᠤ᠂ ᠳ᠋᠊ · ᠤᠯᠠᠭᠠᠨᠭᠡᠷᠡᠯ᠂ ᠳ᠋᠊ · ᠴᠣᠯᠮᠣᠨᠴᠡᠴᠡᠭ ︽ᠬᠠᠷ᠎ᠠ ᠰᠠᠬᠠᠯ ᠤᠨ ᠤᠷᠰᠢᠭ︾ | ᠭᠡᠬᠦ ᠪᠦᠲᠦᠭᠡᠯ ᠢᠶᠠᠷ᠂ ᠭᠠᠯᠪᠠᠳᠤ᠂ ᠨᠢᠮ᠎ᠠ ︽ᠨᠢᠭᠤᠷ ᠤᠯᠠᠶᠢᠪᠠ︾ ᠭᠡᠬᠦ ᠪᠦᠲᠦᠭᠡᠯ ᠢᠶᠠᠷ ᠬᠤᠶᠠᠳᠤᠭᠠᠷ ᠳᠡᠰ ᠲᠤ | ᠲᠣᠳᠣᠷᠠᠨ᠂ ᠰᠣᠶᠣᠯᠴᠡᠴᠡᠭ᠂ ᠲᠦᠮᠡᠨᠪᠠᠶᠠᠷ ︽ᠮᠠᠨᠳᠤ ᠶᠢᠨ ᠬᠠᠳᠠᠭ︾ ᠭᠡᠬᠦ ᠪᠦᠲᠦᠭᠡᠯ ᠢᠶᠠᠷ᠂ ᠨᠡᠷᠡᠨ᠎ᠡ᠂ ᠠᠰᠢᠳᠠ | ︽ᠮᠣᠩᠭᠤᠯ ᠭᠡᠯᠡ ᠮᠣᠯᠣᠷ ᠡᠷᠳᠡᠨᠢ︾ ᠭᠡᠬᠦ ᠪᠦᠲᠦᠭᠡᠯ ᠢᠶᠠᠷ᠂ ᠮᠠᠨᠳᠠ ︽ᠵᠦᠭᠡᠷ ᠨᠢᠭᠡ ᠪᠠᠶᠢᠵᠤ ᠦᠵᠡᠶ᠎ᠡ︾ ᠭᠡᠬᠦ | ᠪᠦᠲᠦᠭᠡᠯ ᠢᠶᠠᠷ ᠭᠤᠷᠪᠠᠳᠤᠭᠠᠷ ᠳᠡᠰ ᠲᠤ ᠲᠣᠳᠣᠷᠠᠵᠠᠢ᠃ | ᠲᠤᠰ ᠤᠳᠠᠭᠠᠨ ᠤ ᠤᠷᠤᠯᠳᠤᠭᠠᠠ ᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠬᠢᠨᠠᠮᠠᠭᠠᠢ | ᠰᠤᠷᠤᠯᠴᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠵᠣᠷᠢᠯᠭ᠎ᠠ ᠪᠠᠷ | ᠵᠣᠬᠢᠶᠠᠨ ᠪᠠᠶᠢᠭᠤᠯᠵᠠᠢ᠃ ᠳᠠᠷᠠᠭᠠᠴᠢ ᠶᠢᠨ ᠤᠳᠠᠭᠠᠨ ᠤ ᠱᠤᠭ ᠶᠠᠷᠢᠶᠠᠨ ᠤ ᠤᠷᠤᠯᠳᠤᠭᠠᠨ ᠪ᠊ ᠭᠠᠯ ᠵᠠᠩᠭᠢᠶ᠎ᠠ ᠶᠢ | ᠠᠯᠠᠱᠠ ᠪᠠᠷᠠᠭᠤᠨ ᠬᠤᠰᠢᠭᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠪᠠᠲᠤᠰᠦ᠋ᠬᠡ ᠳᠤ ᠳᠠᠮᠵᠢᠭᠤᠯᠤᠨ ᠥᠭᠴᠡᠢ᠃ | | |