| ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ | ᠸᠠᠩ ᠯᠢ ᠰᠢᠶᠠ ᠵᠠᠩ ᠶᠠᠨ ᠺᠦᠨ ᠣᠷᠣᠯᠴᠠᠵᠠᠢ | | | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠯᠢ ᠬᠠᠨ︶ 1 ᠰᠠᠷ᠎ᠠ ᠶᠢᠨ 17 ᠤ ᠡᠳᠦᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠵᠥᠪᠯᠡᠬᠦ ᠵᠦᠢᠯᠡᠰ ᠢᠶᠠᠨ ᠠᠮᠵᠢᠯᠲᠠ ᠲᠠᠢ | ᠳᠠᠭᠤᠰᠬᠠᠵᠤ᠂ ᠭᠦᠭᠡᠬᠤᠲᠠ ᠳᠤ ᠢᠯᠠᠯᠲᠠ ᠲᠠᠢ ᠲᠡᠭᠦᠰᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ | ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠠᠢ ᠯᠢ ᠬᠤᠸᠠ᠂ | ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ | ᠰᠠᠭᠠᠲᠠᠪᠠ᠃ | ᠸᠠᠩ ᠯᠢ ᠰᠢᠶᠠ᠂ ᠵᠠᠩ ᠶᠠᠨ ᠺᠦᠨ᠂ ᠱᠢ ᠭᠤᠸᠠᠩ ᠬᠤᠢ᠂ ᠯᠢᠦ ᠱᠤᠸᠠᠩ᠂ ᠪᠦᠦ ᠭᠠᠩ᠂ ᠮᠧᠩ | ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠬᠦᠦᠳᠠᠭᠤᠯᠠ᠂ ᠢᠦᠢ ᠯᠢ ᠰᠢᠨ᠂ ᠴᠢ᠊ ᠪᠠᠲᠤ᠂ | ᠪᠦᠦ ᠰᠢᠶᠠᠨ ᠬᠤᠸᠠ᠂ ᠵᠧᠩ ᠭᠤᠸᠠᠩ ᠵᠤᠤ᠂ ᠶᠣᠣ ᠶᠦᠩ ᠪᠦᠸᠧ᠂ ᠲᠠᠶᠢᠴᠢᠨ᠂ ᠶᠠᠩ ᠶᠢᠨ᠂ ᠰᠦᠨ ᠵᠢᠶᠦ᠋ᠨ | ᠴᠢᠩ᠂ ᠯᠥᠸᠧ ᡁᠢ ᠬᠤ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ | ᠶᠠᠩ ᠵᠢᠶᠧ᠂ ᠶᠠᠩ ᠭᠦᠸᠧ ᠠᠨ᠂ ᠵᠠᠩ ᠸᠧᠨ ᠬᠤᠢ᠂ ᠶᠠᠩ ᠽᠥᠩ ᠷᠧᠨ᠂ ᠯᠢ ᠶᠦᠩ ᠵᠢᠶᠦ᠋ᠨ᠂ ᠴᠧᠨ ᠯᠦ | ᠱᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 532 ᠬᠥᠮᠥᠨ ᠪᠤᠶ᠂ 507 | ᠬᠥᠮᠥᠨ ᠲᠣᠰ ᠤᠳᠠᠭ᠎ᠠ ᠶᠢᠨ ᠪᠦᠭᠦᠳᠡ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ | ᠲᠤᠭ᠎ᠠ ᠳᠤ ᠨᠡᠶᠢᠴᠡᠪᠡ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ | ᠥᠪᠡᠷᠲᠡᠭᠡᠨ ᠵᠠᠰᠠᠬᠤ ᠣᠷᠣᠨ ᠤ 2024 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ | ᠲᠥᠰᠥᠪ ᠤᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ | ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃ | ᠶᠡᠭᠡ ᠬᠤᠷᠠᠯ ᠠᠴᠠ ᠵᠥᠪᠯᠡᠬᠦ ᠵᠦᠢᠯᠡᠰ ᠢᠶᠠᠨ ᠳᠠᠭᠤᠰᠬᠠᠭᠰᠠᠨ ᠤ ᠳᠠᠷᠠᠭ᠎ᠠ ᠰᠦᠨ ᠱᠤᠤ ᠴᠧᠩ ᠶᠠᠷᠢᠶ᠎ᠠ | ᠲᠠᠯᠪᠢᠪᠠ᠃ ᠲᠡᠷᠡ᠂ ᠡᠨᠡ ᠤᠳᠠᠭ᠎ᠠ ᠶᠢᠨ ᠬᠤᠷᠠᠯ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢ | ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠤᠨ ᠠᠵᠢᠯ ᠤᠨ ᠲᠣᠬᠢᠷᠠᠭᠤᠯᠤᠯᠲᠠ ᠶᠢ ᠲᠤᠭᠤᠰᠢᠯᠠᠭᠤᠯᠵᠤ᠂ ᠪᠦᠭᠦ | ᠣᠷᠣᠨ ᠤ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠢᠯᠡᠷᠡᠭᠦᠯᠵᠦ᠂ ᠨᠢᠭᠡ ᠤᠳᠠᠭ᠎ᠠ ᠶᠢᠨ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠶᠡᠭᠡ ᠬᠤᠷᠠᠯ ᠪᠣᠯᠵᠠᠢ | ᠭᠡᠪᠡ᠃ | ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠵᠤ | ᠂ ᠯᠠᠪᠳᠠᠭᠤᠨ ᠪᠠᠲᠤᠲᠠᠢ ᠪᠠᠷ ᠠᠵᠢᠯ ᠬᠢᠵᠦ ᠦᠢᠯᠡᠰ ᠪᠣᠰᠬᠠᠨ᠂ ᠮᠠᠰᠢ ᠤᠯᠠᠨ ᠠᠵᠢᠯ ᠢ ᠯᠠᠪᠳᠠᠭᠤᠨ ᠪᠠᠲᠤᠲᠠᠢ᠂ | ᠭᠤᠶᠢᠳᠠ ᠰᠠᠶᠢᠬᠠᠨ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠰᠢᠨ᠎ᠡ ᠦᠷ᠎ᠡ ᠪᠦᠲᠦᠭᠡᠯ ᠣᠯᠪᠠ᠃ | ᠰᠢᠨ᠎ᠡ ᠨᠢᠭᠡ ᠵᠢᠯ ᠳᠤ ᠡᠷᠴᠢ ᠵᠣᠷᠢᠭ ᠢᠶᠠᠨ ᠬᠥᠪᠴᠢᠯᠡᠨ ᠠᠶᠠᠨ ᠳᠠᠭᠠᠨ ᠲᠠᠭᠢᠨ ᠮᠣᠷᠳᠠᠵᠤ᠂ ᠨᠢᠭᠡ ᠰᠡᠳᠬᠢᠯ ᠨᠢᠭᠡ | ᠵᠣᠷᠢᠭ ᠢᠶᠠᠷ ᠬᠦᠴᠦ ᠪᠠᠨ ᠬᠠᠮᠲᠤᠳᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ᠃ ᠨᠢᠭᠡ ᠳᠤ᠂ | ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ︽ | ᠨᠢᠭᠡ ᠭᠤᠣᠯ ᠱᠤᠭᠤᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠲᠠᠯ᠎ᠠ ᠪᠠᠷ ᠨᠡᠩ | ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠶᠠᠷ ᠲᠤ᠂ ᠴᠤᠴᠠᠯᠲᠠ ᠦᠭᠡᠢ ᠪᠠᠷ ᠴᠢᠨᠠᠷ ᠰᠠᠶᠢᠲᠠᠢ | ᠬᠥᠭᠵᠢᠯᠲᠡ ᠲᠡᠶᠢᠰᠢ ᠤᠷᠤᠭᠰᠢᠯᠠᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠪᠡᠶᠡᠯᠡᠭᠦᠯᠵᠦ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠦᠨ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ | ᠥᠷᠨᠢᠭᠦᠯᠵᠦ᠂ ᠬᠤᠶᠠᠷ ᠶᠡᠭᠡ ᠶᠠᠪᠤᠳᠠᠯ ᠢ ᠢᠮᠠᠭᠲᠠ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠡᠯ᠎ᠡ ᠬᠦᠷᠢᠶᠡᠨ ᠤ | ᠥᠭᠡᠷᠡᠴᠢᠯᠡᠯᠲᠡ ᠶᠢ ᠡᠷᠡᠰ ᠰᠢᠭᠤᠷᠬᠠᠢ ᠠᠬᠢᠭᠤᠯᠤᠨ᠂ ᠨᠢᠭᠡ ᠪᠦᠯᠦᠭ ᠴᠢᠬᠤᠯᠠ ᠶᠡᠭᠡ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠬᠦ ᠶᠢ ᠲᠥᠰᠥᠪᠯᠡᠨ ᠠᠬᠢᠭᠤᠯᠵᠤ᠂ ᠠᠯᠳᠠᠭ᠎ᠠ ᠪᠤᠷᠤᠭᠤ ᠪᠠᠨ | ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ | ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ | ᠲᠦᠰᠢᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠪᠠ ᠤᠯᠠᠨ ᠲᠦᠮᠡᠨ ᠳᠤ ᠦᠢᠯᠡᠴᠢᠯᠡᠬᠦ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠳᠥᠷᠪᠡ ᠳᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠢ ᠬᠢᠭᠰᠡᠨ ᠠᠮᠠᠯᠠᠯᠲᠠ ᠶᠢ ᠪᠦᠭᠦ ᠬᠦᠴᠦᠨ ᠢᠶᠠᠷ ᠰᠠᠶᠢᠲᠤᠷ ᠪᠡᠶᠡᠯᠡᠭᠦᠯᠬᠦ | ᠬᠡᠷᠡᠭᠲᠡᠢ᠃ ᠲᠠᠪᠤ ᠳᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠪᠣᠳᠠᠲᠠᠢ ᠦᠷ᠎ᠡ ᠪᠦᠲᠦᠮᠵᠢ ᠭᠠᠷᠭᠠᠨ᠂ ︽ | ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ | ᠦᠨᠳᠦᠰᠦᠨ ᠱᠠᠲᠤᠨ ᠤ ︽ᠳᠠᠷᠤᠭᠠᠰᠤ ᠶᠢ ᠬᠥᠩᠭᠡᠷᠡᠭᠦᠯᠬᠦ᠂ ᠡᠨᠧᠷᠭᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ | ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠡᠩ ᠰᠠᠶᠢᠲᠤᠷ ᠵᠣᠷᠢᠭᠵᠢᠭᠤᠯᠬᠤ ᠬᠡᠷᠡᠭᠲᠡᠢ ᠭᠡᠪᠡ᠃ | | ᠰᠦᠨ ᠱᠤᠤ ᠴᠧᠩ᠂ ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠥᠪᠥᠷ | ᠮᠣᠩᠭᠤᠯ ᠢᠶᠠᠨ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠥᠭᠵᠢᠭᠦᠯᠬᠦ ᠨᠢ ᠶᠡᠷᠦᠩᠬᠡᠢ ᠱᠦᠵᠢ ᠰᠢ ᠶᠢᠨ ᠫᠢᠩ | ᠪᠣᠯᠣᠨ ᠨᠠᠮ ᠤᠨ ᠲᠥᠪ ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠠᠴᠢᠶᠠᠯᠠᠵᠤ᠂ ᠥᠪᠥᠷ ᠮᠣᠩᠭᠤᠯ ᠤᠨ ᠡᠬᠡ ᠭᠠᠵᠠᠷ | ᠳᠡᠭᠡᠷᠡᠬᠢ 2400 ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ | ᠬᠦᠨᠳᠦ ᠡᠭᠦᠷᠭᠡ ᠮᠥᠷᠥᠨ ᠳᠡᠭᠡᠷ᠎ᠡ ᠪᠠᠶᠢᠨ᠎ᠠ᠂ ᠭᠠᠭᠴᠠ ᠬᠦ ᠲᠡᠮᠡᠴᠡᠪᠡᠰᠦ ᠪᠡᠶᠡᠯᠡᠭᠳᠡᠨ᠎ᠡ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠲᠡᠮᠡᠴᠡᠭᠰᠡᠨ ᠳᠡᠭᠡᠷ᠎ᠡ ᠪᠠᠨ ᠳᠠᠭᠢᠨ ᠴᠢᠷᠮᠠᠶᠢᠨ ᠲᠡᠮᠡᠴᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ | ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ︕ ᠭᠡᠵᠦ ᠬᠡᠯᠡᠪᠡ᠃ | ᠬᠠᠤᠯᠢ ᠳᠤ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠷᠪᠠᠨ ᠳᠥᠷᠪᠡᠳᠦᠭᠡᠷ ᠬᠤᠷᠠᠯ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠳᠤᠷᠢᠳᠬᠤ | ᠨᠥᠬᠦᠳ ᠲᠣᠰ ᠤᠳᠠᠭ᠎ᠠ ᠶᠢᠨ ᠪᠦᠭᠦᠳᠡ ᠬᠤᠷᠠᠯ ᠳᠤ ᠰᠤᠯᠠ ᠣᠷᠣᠯᠴᠠᠪᠠ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃ | |