| ᠰᠦᠨ ᠱᠤᠤ ᠴᠧᠩ ᠨᠠᠷ ᠬᠤᠷᠠᠯ ᠳᠤ ᠤᠷᠤᠯᠴᠠᠵᠤ ᠪᠠᠶᠠᠷ ᠬᠦᠷᠭᠡᠪᠡ ᠵᠠᠩ ᠶᠠᠨ | ᠺᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ | | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠪᠠᠢ ᠳ᠋ᠠᠨ︶ 1 ᠰᠠᠷ᠎ᠠ ᠶᠢᠨ 17 ᠤ ᠦᠳᠡ ᠶᠢᠨ | ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ | ᠵᠥᠪᠯᠡᠬᠦ ᠵᠦᠢᠯᠡᠰ ᠢᠶᠠᠨ ᠠᠮᠵᠢᠯᠲᠠ ᠲᠠᠢ ᠳᠠᠭᠤᠰᠬᠠᠵᠤ᠂ ᠥᠪᠥᠷ ᠮᠣᠩᠭᠤᠯ ᠤᠨ ᠠᠷᠠᠳ ᠤᠨ ᠬᠤᠷᠠᠯ ᠤᠨ | ᠲᠠᠩᠬᠢᠮ ᠳᠤ ᠲᠡᠭᠦᠰᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ | ᠤᠷᠢᠯᠭ᠎ᠠ ᠪᠠᠷ ᠬᠤᠷᠠᠯ ᠳᠤ ᠣᠷᠣᠯᠴᠠᠬᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ | ᠲᠡᠭᠦᠰᠬᠦ ᠶᠡᠭᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠢ ᠳ᠋ᠦᠩ᠂ ᠯᠥᠸᠧ ᡁᠢ ᠬᠤ᠋᠂ ᠴᠡᠴᠡᠭ᠂ ᠸᠧᠢ ᠭᠦᠸᠧ | ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠪᠣᠯᠣᠨ ᠨᠠᠷᠢᠨ ᠪᠢᠴᠢᠭ ᠤᠨ ᠳᠠᠷᠤᠭ᠎ᠠ | ᠶᠠᠩ ᠯᠢ ᠮᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ ᠳᠤ ᠪᠠᠰᠠ᠄ ᠱᠢ ᠭᠤᠸᠠᠩ ᠬᠤᠢ᠂ | ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠦᠦᠳᠠᠭᠤᠯᠠ | ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ | ᠷᠦᠩ᠂ ᠦ᠋ ᠶᠠᠨ ᠭᠠᠩ᠂ ᠰᠦᠨ ᠵᠢᠶᠦ᠋ᠨ ᠴᠢᠩ᠂ ᠶᠠᠩ ᠽᠥᠩ ᠷᠧᠨ᠂ ᠯᠢ ᠶᠦᠩ ᠵᠢᠶᠦ᠋ᠨ᠂ ᠶᠠᠩ ᠭᠦᠸᠧ ᠠᠨ᠂ | ᠴᠧᠨ ᠯᠦ ᠱᠧᠩ ᠨᠠᠷ ᠪᠤᠢ᠃ | ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠥᠷᠥ ᠶᠢᠨ | ᠰᠢᠢᠳᠪᠦᠷᠢ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ | ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ | ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠵᠠᠩ ᠶᠠᠨ ᠺᠦᠨ ᠶᠠᠷᠢᠶᠠᠨ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠭᠡᠰᠢᠭᠦᠳ ᠪᠣᠯᠣᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠪᠡᠶᠡᠯᠡᠭᠦᠯᠵᠦ᠂ | ᠢᠯᠠᠯᠲᠠ ᠲᠠᠢ ᠲᠡᠭᠦᠰᠪᠡ᠃ ᠰᠦᠨ ᠱᠤᠤ ᠴᠧᠩ ᠱᠦᠵᠢ᠂ ᠸᠠᠩ ᠯᠢ ᠰᠢᠶᠠ ᠲᠡᠷᠢᠭᠦᠯᠡᠭᠴᠢ ᠵᠡᠷᠭᠡ ᠤᠳᠤᠷᠢᠳᠤᠯᠭ᠎ᠠ | ᠬᠤᠷᠠᠯ ᠳᠤ ᠣᠷᠣᠯᠴᠠᠵᠤ᠂ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠶᠡᠭᠡ ᠬᠤᠷᠠᠯ ᠤᠨ | ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠭᠡᠰᠢᠭᠦᠳ ᠲᠠᠢ ᠬᠠᠮᠲᠤ ᠪᠠᠷ ᠬᠥᠭᠵᠢᠯᠲᠡ ᠶᠢᠨ ᠶᠡᠭᠡ ᠪᠣᠳᠣᠯᠭ᠎ᠠ ᠶᠢ | ᠰᠦᠪᠡᠭᠴᠢᠯᠡᠪᠡ᠃ ᠡᠭᠢᠯᠡᠯᠲᠡ ᠶᠢᠨ ᠬᠤᠷᠠᠯ ᠳᠡᠭᠡᠷ᠎ᠡ ᠰᠦᠨ ᠱᠤᠤ ᠴᠧᠩ ᠱᠦᠵᠢ ᠶᠠᠷᠢᠶ᠎ᠠ ᠲᠠᠯᠪᠢᠵᠤ᠂ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠭᠦᠢᠴᠡᠳ ᠨᠤᠲᠠᠯᠠᠨ᠂ ᠪᠦᠭᠦ ᠣᠷᠣᠨ ᠤ ᠡᠯ᠎ᠡ | ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠰᠢᠨ᠎ᠡ ᠱᠠᠭᠠᠷᠳᠠᠯᠭ᠎ᠠ ᠳᠤᠷᠠᠳᠴᠤ | ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠡᠲᠡᠭᠡᠳ ᠢᠯᠭᠠᠯ᠂ ᠪᠤᠶ ᠪᠦᠬᠦᠢ ᠭᠡᠰᠢᠭᠦᠳ ᠲᠤ ᠰᠡᠳᠦᠪ ᠳᠤᠷᠠᠳᠤᠨ᠂ | ᠡᠭᠦᠷᠭᠡ ᠲᠤᠰᠢᠶᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠬᠦᠨᠳᠦ ᠨᠠᠶᠢᠳᠠᠯᠭ᠎ᠠ ᠲᠠᠯᠪᠢᠨ᠂ ᠪᠢᠳᠡᠨ ᠢ | ᠶᠡᠬᠡᠳᠡ ᠤᠷᠮᠠᠰᠢᠭᠤᠯᠤᠨ ᠵᠣᠷᠢᠭᠵᠢᠭᠤᠯᠵᠤ᠂ ᠢᠲᠡᠭᠡᠯ ᠵᠣᠷᠢᠭ ᠢ ᠬᠥᠪᠴᠢᠯᠡᠪᠡ᠃ ᠡᠨᠡ ᠤᠳᠠᠭᠠᠨ ᠤ ᠶᠡᠭᠡ ᠬᠤᠷᠠᠯ | ᠨᠢ ᠲᠤᠬ ᠢ ᠥᠨᠳᠥᠷ ᠮᠠᠨᠳᠤᠭᠤᠯᠤᠭᠰᠠᠨ᠂ ᠠᠷᠠᠳᠴᠢᠯᠠᠯ ᠢ ᠪᠠᠳᠠᠷᠠᠭᠤᠯᠤᠭᠰᠠᠨ᠂ ᠪᠦᠯᠬᠦᠮᠳᠡᠯ ᠲᠠᠢ ᠪᠣᠳᠠᠲᠠᠢ ᠶᠢ | ᠡᠷᠬᠢᠮᠯᠡᠭᠰᠡᠨ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠵᠠᠢ ᠭᠡᠪᠡ᠃ | ᠵᠠᠩ ᠶᠠᠨ ᠺᠦᠨ᠂ ᠰᠢᠨ᠎ᠡ ᠨᠢᠭᠡ ᠵᠢᠯ ᠳᠤ ᠪᠢᠳᠡ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ | ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠦᠭᠦ ᠶᠠᠪᠤᠴᠠ ᠡᠯ᠎ᠡ ᠲᠠᠯ᠎ᠠ ᠳᠤ | ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠴᠤᠭ ᠰᠦᠯᠳᠡ ᠶᠢ ᠪᠠᠳᠠᠷᠠᠭᠤᠯᠤᠨ᠂ ᠢᠮᠠᠭᠲᠠ | ᠴᠢᠭᠯᠡᠯ ᠢᠶᠠᠨ ᠪᠠᠲᠤ ᠡᠵᠡᠮᠳᠡᠵᠦ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠬᠡᠵᠦ᠂ ᠦᠢᠯᠡᠳᠦᠯ ᠢᠶᠠᠨ ᠪᠠᠳᠠᠷᠠᠭᠤᠯᠤᠨ᠂ ᠭᠤᠣᠯᠳᠠᠯᠭ᠎ᠠ ᠶᠢᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ᠂ ︽ᠵᠢᠷᠭᠤᠭᠠᠨ ᠢᠨᠵᠧᠨᠧᠷᠢᠩ︾᠂ ︽ | ᠵᠢᠷᠭᠤᠭᠠᠨ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠦᠨ᠂ ᠣᠨ ᠤ ᠵᠥᠪᠯᠡᠬᠦ ᠲᠥᠯᠥᠪᠯᠡᠭᠡ ᠶᠢᠨ ᠵᠥᠪᠯᠡᠬᠦ | ᠰᠡᠳᠦᠪ ᠪᠣᠯᠣᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠤᠰᠬᠠᠢ ᠰᠡᠳᠦᠪ ᠢ ᠨᠠᠷᠢᠨ ᠨᠢᠮᠪᠠᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠢᠭᠡ ᠪᠦᠷᠢ ᠴᠥᠮ ᠰᠦᠨ | ᠱᠤᠤ ᠴᠧᠩ ᠱᠦᠵᠢ ᠶᠢᠨ ᠲᠤᠰᠢᠶᠠᠭᠰᠠᠨ ᠰᠡᠳᠦᠪ ᠤᠨ ᠡᠭᠦᠷᠭᠡ ᠶᠢ ᠨᠠᠷᠢᠨ ᠬᠢᠨᠠᠮᠠᠭᠠᠢ ᠰᠠᠶᠢᠲᠤᠷ ᠬᠠᠷᠢᠭᠤᠯᠵᠤ᠂ | ᠪᠠᠶᠢᠴᠠᠭᠠᠨ ᠰᠤᠳᠤᠯᠤᠯᠲᠠ᠂ ᠵᠥᠪᠯᠡᠯᠭᠡ ᠬᠢᠬᠦ᠂ ᠰᠠᠨᠠᠯ ᠳᠤᠷᠠᠳᠤᠯᠭ᠎ᠠ ᠳᠤᠷᠠᠳᠬᠤ᠂ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠨᠡᠩ ᠤᠯᠠᠨ | ᠴᠢᠭᠯᠡᠭᠦᠯᠦᠯᠲᠦ ᠴᠢᠨᠠᠷᠲᠠᠢ ᠪᠠ ᠪᠣᠳᠠᠲᠤ ᠬᠡᠷᠡᠭᠯᠡᠭᠡᠨ ᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ︽ᠵᠢᠷᠭᠤᠭᠠᠨ | ᠨᠢᠭᠡ︾ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠶᠢ ᠨᠡᠩ ᠰᠠᠶᠢᠲᠤᠷ ᠪᠡᠶᠡᠯᠡᠭᠦᠯᠵᠦ᠂ ᠲᠤᠰᠢᠶᠠᠯ | ᠬᠠᠷᠢᠭᠤᠴᠠᠯᠭ᠎ᠠ ᠪᠠᠨ ︽ᠭᠦᠢᠴᠡᠳᠬᠡᠭᠰᠡᠨ ᠡᠰᠡᠬᠦ︾ ᠠᠴᠠ ︽ᠰᠠᠶᠢᠨ ᠬᠢᠭᠰᠡᠨ ᠡᠰᠡᠬᠦ︾ ᠲᠡᠶᠢᠰᠢ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠭᠤᠣᠯ ᠠᠵᠢᠯ ᠳᠤ ᠣᠷᠤᠯᠴᠠᠬᠤ᠂ ᠬᠥᠭᠵᠢᠯᠲᠡ ᠳᠤ ᠬᠦᠴᠦᠨ | ᠨᠡᠮᠡᠷᠢᠯᠡᠬᠦ ᠶᠢ ᠪᠠᠷᠢᠮᠲᠠᠯᠠᠵᠤ᠂ ᠬᠥᠭᠦᠷᠭᠡ ᠬᠤᠯᠪᠣᠭᠠᠰᠤ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠳᠡᠮᠵᠢᠯᠭᠡ︾ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠵᠢᠷᠭᠤᠭ᠎ᠠ ᠶᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠠᠬᠢᠭᠤᠯᠤᠨ᠂ | ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ | ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠰᠢᠨ᠎ᠡ ᠦᠷ᠎ᠡ ᠪᠦᠲᠦᠮᠵᠢ ᠣᠯᠬᠤ ᠳᠤ ᠬᠦᠴᠦᠨ | ᠨᠡᠮᠡᠷᠢᠯᠡᠬᠦ ᠬᠡᠷᠡᠭᠲᠡᠢ᠃ ᠭᠤᠣᠯ ᠠᠵᠢᠯ ᠳᠤ ᠠᠭᠤᠰᠤᠨ ᠣᠷᠣᠵᠤ᠂ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ | ᠪᠠᠨ ᠭᠦᠢᠴᠡᠳᠬᠡᠬᠦ ᠶᠢ ᠪᠠᠷᠢᠮᠲᠠᠯᠠᠨ᠂ ᠭᠡᠰᠢᠭᠦᠳ ᠤᠨ ᠴᠢᠳᠠᠪᠤᠷᠢᠲᠠᠨ ᠴᠤᠭᠯᠠᠷᠠᠭᠰᠠᠨ᠂ᠤᠶᠤᠨ ᠤᠬᠠᠭᠠᠨ ᠬᠤᠷᠠᠭᠰᠠᠨ | ᠂ ᠥᠷᠭᠡᠨ ᠳᠡᠯᠭᠡᠷ ᠬᠠᠷᠢᠯᠴᠠᠭ᠎ᠠ ᠲᠠᠢ ᠪᠠᠶᠢᠬᠤ ᠳᠠᠪᠠᠭᠤᠯᠢᠭ ᠢ ᠪᠠᠳᠠᠷᠠᠭᠤᠯᠵᠤ᠂ ᠡᠲᠡᠭᠡᠳ ᠢᠯᠭᠠᠯ ᠤᠨ ᠤᠯᠠᠨ | ᠲᠦᠮᠡᠨ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠨ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠪᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠲᠤᠰᠬᠠᠵᠤ᠂ ︽ | ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ | ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ᠂ ᠭᠡᠰᠢᠭᠦᠳ ᠵᠠᠬᠢᠳᠠᠯ ᠰᠤᠷᠪᠤᠯᠵᠢᠯᠠᠯ ᠢ ᠣᠷᠣᠯᠠᠨ | ᠭᠦᠢᠴᠡᠳᠬᠡᠬᠦ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ | ᠪᠠᠶᠢᠳᠠᠯ ᠢ ᠬᠠᠮᠠᠭᠠᠯᠠᠬᠤ ᠳᠤᠮᠳᠠ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ | ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠣᠭᠳᠠᠯ ᠪᠦᠬᠦᠢ | ᠲᠠᠯ᠎ᠠ ᠶᠢᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠵᠠᠢ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃ | |