| ︵2025 ᠣᠨ ᠤ 1 ᠰᠠᠷ᠎ᠠ ᠶᠢᠨ 17 ᠤ ᠡᠳᠦᠷ︶ | ᠰᠦᠨ ᠱᠣᠣ ᠴᠧᠩ | ᠲᠥᠯᠥᠭᠡᠯᠡᠭᠴᠢᠳ ᠠ᠋᠂ ᠨᠥᠬᠦᠳ ᠠ᠋ ᠄ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ | ᠪᠡᠶᠡᠯᠡᠭᠦᠯᠪᠡ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠪᠦᠭᠦ ᠣᠷᠣᠨ ᠤ ᠠᠷᠠᠳ ᠲᠦᠮᠡᠨ ᠤ ᠬᠦᠨᠳᠦ | ᠨᠠᠶᠢᠳᠠᠯᠭ᠎ᠠ ᠶᠢ ᠡᠭᠦᠷᠭᠡᠯᠡᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ | ᠠᠷᠭ᠎ᠠ ᠤᠬᠠᠭᠠᠨ ᠳᠡᠪᠰᠢᠭᠦᠯᠦᠨ᠂ ᠡᠷᠡᠰ ᠴᠢᠩᠭ᠎ᠠ ᠡᠵᠡᠨ ᠬᠥᠮᠥᠨ ᠤ ᠵᠣᠷᠢᠭ ᠰᠠᠨᠠᠭ᠎ᠠ ᠪᠠ ᠳᠡᠭᠡᠳᠦ ᠬᠡᠮᠵᠢᠶᠡᠨ ᠤ | ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠪᠡ᠃ ᠤᠯᠠᠨ ᠢᠶᠠᠷ ᠢᠶᠠᠨ ᠥᠩᠭᠡᠷᠡᠭᠰᠡᠨ ᠨᠢᠭᠡ | ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠰᠢᠨ᠎ᠡ ᠨᠢᠭᠡ ᠵᠢᠯ ᠤᠨ ᠬᠥᠭᠵᠢᠯᠲᠡ ᠶᠢᠨ ᠶᠡᠭᠡ | ᠪᠣᠳᠣᠯᠭ᠎ᠠ ᠶᠢ ᠬᠠᠮᠲᠤ ᠪᠠᠷ ᠵᠥᠪᠯᠡᠨ᠂ ᠡᠯ᠎ᠡ ᠵᠦᠢᠯ ᠤᠨ ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠪᠣᠯᠣᠨ ᠪᠤᠰᠤᠳ ᠡᠯ᠎ᠡ ᠵᠦᠢᠯ ᠤᠨ ᠮᠡᠳᠡᠭᠦᠯᠦᠯᠲᠡ᠂ ᠰᠢᠢᠳᠪᠦᠷᠢ ᠶᠢ ᠬᠢᠨᠠᠨ ᠵᠥᠪᠯᠡᠵᠦ | ᠪᠠᠲᠤᠯᠠᠪᠠ᠃ ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠦᠭᠦᠳᠡ ᠬᠤᠷᠠᠯ ᠤᠨ ᠠᠵᠢᠯ ᠤᠨ ᠲᠣᠬᠢᠷᠠᠭᠤᠯᠤᠯᠲᠠ ᠶᠢ ᠲᠤᠭᠤᠰᠢᠯᠠᠭᠤᠯᠵᠤ᠂ ᠪᠦᠭᠦ ᠣᠷᠣᠨ ᠤ ᠠᠷᠠᠳ ᠲᠦᠮᠡᠨ ᠤ | ᠬᠠᠮᠲᠤ ᠶᠢᠨ ᠬᠦᠰᠡᠯ ᠡᠷᠡᠮᠡᠯᠵᠡᠯ ᠢ ᠢᠯᠡᠷᠡᠭᠦᠯᠪᠡ᠃ | ᠲᠥᠯᠥᠭᠡᠯᠡᠭᠴᠢᠳ ᠠ᠋᠂ ᠨᠥᠬᠦᠳ ᠠ᠋ ︕ | ᠥᠩᠭᠡᠷᠡᠭᠰᠡᠨ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠯᠠᠪᠳᠠᠭᠤᠨ | ᠪᠠᠲᠤᠲᠠᠢ ᠪᠠᠷ ᠠᠵᠢᠯ ᠬᠢᠵᠦ ᠦᠢᠯᠡᠰ ᠪᠣᠰᠬᠠᠨ᠂ ︽ᠲᠠᠪᠤᠨ ᠶᠡᠭᠡ ᠡᠭᠦᠷᠭᠡ︾ ᠶᠢᠨ ᠣᠨ ᠤ ᠠᠵᠢᠯ ᠢ ᠪᠦᠭᠦᠨ ᠢ | ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠪᠠᠶᠠᠷᠯᠠᠭᠤᠰᠢᠲᠠᠢ ᠦᠷ᠎ᠡ ᠪᠦᠲᠦᠭᠡᠯ ᠣᠯᠵᠤ᠂ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠪᠠ᠃ | ᠮᠠᠰᠢ ᠣᠯᠠᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠢᠯᠠᠯᠵᠠᠲᠠᠯ᠎ᠠ ᠰᠠᠶᠢᠬᠠᠨ ᠬᠢᠪᠡ᠃ ᠪᠢᠳᠡ ᠡᠳᠦᠷ | ᠳᠤᠮᠳᠠᠴᠢ ᠪᠠᠷ 6 ᠲᠦᠮᠡᠨ ᠮᠦ ᠶᠢᠨ ᠬᠤᠷᠳᠤᠴᠠ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ | ᠠᠬᠢᠭᠤᠯᠵᠤ᠂ ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ︾ ᠤᠯᠤᠰ ᠤᠨ ᠳᠣᠲᠣᠭᠠᠳᠤ ᠭᠠᠳᠠᠭᠠᠳᠤ ᠶᠢᠨ | ᠥᠷᠭᠡᠨ ᠳᠡᠯᠭᠡᠷ ᠠᠩᠬᠠᠷᠤᠯ ᠪᠠ ᠮᠠᠭᠲᠠᠭᠠᠯ ᠰᠠᠶᠢᠰᠢᠶᠠᠯ ᠢ ᠤᠯᠪᠠ;ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1. | 35 ᠳ᠋ᠦᠩᠰᠢᠭᠤᠷ ᠺᠢᠯᠣᠸᠠᠲ ᠲᠤ ᠬᠦᠷᠴᠦ᠂ ᠲᠣᠭᠲᠠᠭᠤᠨ ᠢᠶᠠᠷ ᠪᠦᠭᠦ ᠤᠯᠤᠰ ᠲᠤ ᠲᠦᠷᠦᠭᠦᠯᠡᠪᠡ;ᠠᠮᠤ | ᠪᠤᠳᠠᠭ᠎ᠠ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ︾᠂ ᠠᠮᠤ ᠪᠤᠳᠠᠭ᠎ᠠ ᠶᠢᠨ ᠤᠨᠠᠯᠲᠠ | 800 ᠳ᠋ᠦᠩᠰᠢᠭᠤᠷ ᠵᠢᠩ ᠢ ᠳᠠᠪᠠᠵᠠᠶ;ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ | ︾ ᠠᠵᠢᠯ ᠡᠬᠢᠯᠡᠮᠡᠭᠴᠡ ᠰᠦᠷ ᠬᠦᠴᠦᠨ ᠢ ᠪᠦᠷᠢᠯᠳᠦᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠲᠠᠯ᠎ᠠ ᠪᠠᠷ ᠲᠠᠰᠤᠷᠠᠯᠲᠠ ᠦᠭᠡᠢ ᠳᠠᠪᠠᠯᠲᠠ ᠶᠢ ᠪᠡᠶᠡᠯᠡᠭᠦᠯᠪᠡ; | ᠳᠤᠯᠠᠭᠠᠯᠠᠭ᠎ᠠ ᠶᠢᠨ ᠢᠨᠵᠧᠨᠧᠷᠢᠩ ᠢᠶᠠᠷ ︽ᠠᠷᠠᠳ ᠣᠯᠠᠨ ᠢ ᠬᠠᠯᠠᠭᠤᠨ ᠳᠤᠯᠠᠭᠠᠨ ᠡᠪᠦᠯᠵᠢᠭᠦᠯᠬᠦ︾ ᠠᠮᠠᠯᠠᠯᠲᠠ ᠶᠢ | ᠪᠡᠶᠡᠯᠡᠭᠦᠯᠪᠡ;︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ︾ ᠪᠦᠭᠦ ᠤᠯᠤᠰ ᠲᠤ | ᠴᠤᠤᠷᠢᠶᠠᠲᠤᠵᠤ᠂ ᠥᠪᠥᠷ ᠮᠣᠩᠭᠤᠯ ᠤᠨ ᠰᠣᠶᠣᠯ ᠤᠨ ᠲᠣᠮᠣ ᠣᠷᠣᠨ ᠤ ᠳᠦᠷᠢ ᠲᠥᠷᠬᠦ ᠬᠤᠯᠠ ᠣᠶᠢᠷ᠎ᠠ ᠳᠤ | ᠠᠯᠳᠠᠷᠰᠢᠪᠠ᠃ | ᠢᠯᠠᠩᠭᠤᠶ᠎ᠠ ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠰᠢᠨ᠎ᠡ ᠵᠠᠮ ᠨᠡᠭᠡᠭᠡᠵᠦ᠂ ᠳᠤᠮᠳᠠ | ᠲᠦᠪᠰᠢᠨ ᠳᠤ ᠣᠷᠣᠬᠤ ᠠᠤᠭ᠎ᠠ ᠪᠤᠳᠤᠯ ᠡᠷᠡᠯᠬᠡᠭ ᠵᠣᠷᠢᠯᠲᠠ ᠶᠠᠭ ᠪᠣᠳᠠᠲᠤ ᠠᠬᠤᠢ ᠪᠣᠯᠵᠤ ᠬᠤᠪᠢᠷᠠᠵᠤ ᠪᠠᠶᠢᠬᠤ ᠨᠢ | ᠤᠷᠮ᠎ᠠ ᠵᠣᠷᠢᠭ ᠢ ᠬᠥᠭᠵᠢᠭᠡᠨ᠎ᠡ᠃ ᠬᠠᠮᠤᠭ ᠤᠨ ᠰᠢᠨ᠎ᠡ ᠮᠡᠳᠡᠭᠡ ᠵᠠᠩᠭᠢ ᠶᠢ ᠦᠨᠳᠦᠰᠦᠯᠡᠪᠡᠯ᠂ 2024 ᠣᠨ ᠳᠤ | ᠮᠠᠨ ᠤ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ 20 ᠳ᠋ᠤᠭᠠᠷ ᠲᠤ ᠣᠷᠣᠵᠤ᠂ ᠪᠦᠭᠦ ᠤᠯᠤᠰ ᠤᠨ ᠳᠤᠮᠳᠠ | ᠲᠦᠪᠰᠢᠨ ᠳᠤ ᠣᠷᠣᠪᠠ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ︽ | ᠪᠢ ᠬᠥᠮᠥᠨ ᠢ ᠬᠦᠷᠬᠦ ᠦᠭᠡᠢ︾ ᠭᠡᠬᠦ ᠦᠵᠡᠯᠲᠡ ᠶᠢ ᠲᠠᠶᠠᠭᠳᠠᠵᠤ᠂ ᠲᠡᠰᠪᠦᠷᠢ ᠬᠠᠲᠠᠭᠤᠵᠢᠯᠲᠠᠢ ᠴᠤᠴᠠᠯᠲᠠ ᠦᠭᠡᠢ | ᠤᠷᠤᠭᠰᠢᠯᠠᠳᠠᠭ ᠯᠠ ᠶᠤᠮ ᠪᠣᠯ ᠥᠪᠥᠷ ᠮᠣᠩᠭᠤᠯ ᠯᠠᠪᠲᠠᠢ ᠨᠡᠩ ᠲᠦᠷᠭᠡᠨ ᠨᠡᠩ ᠰᠠᠶᠢᠨ ᠬᠥᠭᠵᠢᠵᠦ ᠴᠢᠳᠠᠨ᠎ᠠ | ᠭᠡᠳᠡᠭ ᠢ ᠪᠣᠳᠠᠲᠤ ᠶᠠᠪᠤᠳᠠᠯ ᠭᠡᠷᠡᠴᠢᠯᠡᠪᠡ᠃ | ᠲᠥᠯᠥᠭᠡᠯᠡᠭᠴᠢᠳ ᠠ᠋᠂ ᠨᠥᠬᠦᠳ ᠠ᠋︕ | ᠰᠢᠨ᠎ᠡ ᠨᠢᠭᠡ ᠵᠢᠯ ᠳᠤ᠂ ᠪᠢᠳᠡ ᠡᠷᠴᠢ ᠵᠣᠷᠢᠭ ᠢᠶᠠᠨ ᠬᠥᠪᠴᠢᠯᠡᠨ ᠲᠠᠭᠢᠨ ᠰᠢᠨ᠎ᠡ ᠠᠶᠠᠨ ᠳᠤ ᠮᠣᠷᠳᠠᠵᠤ | ᠂ ᠨᠢᠭᠡ ᠰᠡᠳᠬᠢᠯ ᠨᠢᠭᠡ ᠵᠣᠷᠢᠭ ᠢᠶᠠᠷ ᠬᠦᠴᠦ ᠪᠠᠨ ᠬᠠᠮᠲᠤᠳᠬᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠳᠤᠮᠳᠠ ᠨᠡᠩ ᠰᠠᠶᠢᠨ ᠬᠢᠷᠢ ᠪᠦᠲᠦᠮᠵᠢ ᠣᠯᠣᠨ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠭᠤᠶᠢᠳᠠ ᠰᠠᠶᠢᠬᠠᠨ | ᠪᠢᠴᠢᠭᠯᠡᠬᠦ ᠬᠡᠷᠡᠭᠲᠡᠢ᠃ | ᠨᠢᠭᠡ ᠳᠤ᠂ ᠡᠷᠡᠰ ᠭᠤᠶᠢᠪᠢᠰᠢ ᠦᠭᠡᠢ ᠪᠠᠷ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ | ᠤᠷᠤᠭᠰᠢᠯᠠᠬᠤ ᠬᠡᠷᠡᠭᠲᠡᠢ᠃ ᠡᠨᠡ ᠬᠡᠳᠦᠨ ᠵᠢᠯ ᠳᠤ᠂ ᠪᠢᠳᠡ ︽ᠨᠢᠭᠡ ᠭᠤᠣᠯ ᠱᠤᠭᠤᠮ︾ ᠢ ᠲᠤᠭᠤᠰᠢᠯᠠᠭᠤᠯᠬᠤ ᠪᠠᠷ | ᠬᠥᠲᠥᠯᠥᠮᠵᠢ ᠪᠤᠯᠭᠠᠵᠤ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠤᠨ᠂ ︽ᠵᠢᠷᠭᠤᠭᠠᠨ | ᠢᠨᠵᠧᠨᠧᠷᠢᠩ︾ ᠢ ᠶᠡᠭᠡ ᠪᠠᠷ ᠬᠡᠷᠡᠭᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠵᠤ᠂ ᠨᠢᠭᠡ ᠨᠢᠭᠡ ᠵᠢᠯ ᠢᠶᠠᠷ᠂ ᠨᠢᠭᠡ ᠨᠢᠭᠡ ᠠᠯᠬᠤᠮ ᠢᠶᠠᠷ ᠠᠵᠢᠯᠯᠠᠭᠠᠳ᠂ ᠪᠦᠭᠦ ᠣᠷᠣᠨ ᠤ | ᠬᠥᠭᠵᠢᠯᠲᠡ ᠳᠤ ᠰᠢᠨ᠎ᠡ ᠳᠦᠷᠰᠦ ᠪᠠᠶᠢᠳᠠᠯ ᠲᠠᠢ ᠪᠣᠯᠪᠠ᠃ ᠡᠳᠡᠭᠡᠷ ᠠᠵᠢᠯ ᠤᠨ ᠠᠮᠵᠢᠯᠲᠠ ᠪᠦᠳᠦᠮᠵᠢ ᠶᠢ ᠴᠥᠮ | ᠶᠡᠷᠦᠩᠬᠡᠢ ᠱᠦᠵᠢ ᠶᠢᠨ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠥᠪᠥᠷ | ᠮᠣᠩᠭᠤᠯ ᠤᠨ ᠬᠠᠭᠤᠳᠠᠰᠤ︾᠂ ︽ᠦᠨᠳᠦᠰᠦᠲᠡᠨ ᠤ ᠬᠠᠭᠤᠳᠠᠰᠤ︾ ᠶᠢᠨ ᠠᠮᠵᠢᠯᠲᠠ ᠪᠦᠳᠦᠮᠵᠢ ᠪᠣᠯᠣᠨ᠎ᠠ᠃ | ᠪᠢᠳᠡ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ | ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠨ᠂ ᠡᠷᠡᠰ ᠭᠤᠶᠢᠪᠢᠰᠢ ᠦᠭᠡᠢ ᠪᠠᠷ ᠶᠡᠷᠦᠩᠬᠡᠢ ᠱᠦᠵᠢ ᠶᠢᠨ | ᠵᠢᠭᠠᠭᠰᠠᠨ ᠴᠢᠭᠯᠡᠯ ᠢᠶᠠᠷ ᠡᠷᠡᠮᠡᠬᠡᠶᠢᠯᠡᠨ ᠤᠷᠤᠭᠰᠢᠯᠠᠵᠤ᠂ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ | ᠳᠤᠮᠳᠠ ᠲᠦᠪᠰᠢᠨ ᠳᠤ ᠣᠷᠣᠬᠤ︾ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠯᠬᠤᠮ | ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠪᠠᠯ᠂ ᠡᠬᠡ ᠤᠯᠤᠰ ᠤᠨ ᠤᠮᠠᠷᠠᠲᠤ ᠶᠢᠨ ᠡᠨᠡ | ᠬᠦ ᠦᠵᠡᠮᠵᠢ ᠶᠢᠨ ᠣᠷᠣᠨ ᠯᠠᠪᠲᠠᠢ ᠨᠠᠩ ᠦᠵᠡᠰᠬᠦᠯᠡᠩᠲᠦ ᠰᠠᠶᠢᠬᠠᠨ ᠪᠤᠯᠬᠤ ᠶᠤᠮ᠃ | ᠬᠤᠶᠠᠷ ᠲᠤ᠂ ᠴᠤᠴᠠᠯᠲᠠ ᠦᠭᠡᠢ ᠤᠷᠤᠭᠰᠢᠯᠠᠨ ᠴᠢᠨᠠᠷ ᠰᠠᠶᠢᠲᠠᠢ ᠬᠥᠭᠵᠢᠯᠲᠡ ᠲᠡᠶᠢᠰᠢ ᠡᠷᠡᠮᠡᠬᠡᠶᠢᠯᠡᠨ | ᠤᠷᠤᠭᠰᠢᠯᠠᠬᠤ ᠬᠡᠷᠡᠭᠲᠡᠢ᠃ ᠡᠨᠡ ᠵᠢᠯ ᠪᠢᠳᠡ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠪᠡᠶᠡᠯᠡᠭᠦᠯᠵᠦ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠰᠦᠪᠡᠭᠴᠢᠯᠡᠨ | ᠥᠷᠨᠢᠭᠦᠯᠵᠦ᠂ ᠬᠤᠶᠠᠷ ᠶᠡᠭᠡ ᠶᠠᠪᠤᠳᠠᠯ ᠢ ᠲᠤᠭᠤᠰᠢᠲᠠᠢ ᠰᠠᠶᠢᠲᠤᠷ ᠬᠢᠬᠦ ᠬᠡᠷᠡᠭᠲᠡᠢ᠃ ︽ᠵᠢᠷᠭᠤᠭᠠᠨ ᠠᠵᠢᠯᠯᠠᠭ᠎ᠠ︾ | ᠨᠢ ᠪᠦᠭᠦ ᠲᠠᠯ᠎ᠠ ᠶᠢ ᠨᠥᠯᠥᠭᠡᠯᠡᠵᠦ᠂ ᠨᠢᠭᠲᠠ ᠬᠤᠯᠪᠤᠭ᠎ᠠ ᠲᠠᠢ ᠣᠷᠭᠠᠨᠢᠭ ᠪᠦᠬᠦᠯᠢ ᠴᠣᠭᠴᠠ ᠪᠤᠯᠬᠤ ᠤᠴᠢᠷ ᠠᠴᠠ | ᠰᠢᠰᠲ᠋ᠧᠮᠲᠦ ᠴᠢᠨᠠᠷᠲᠠᠢ ᠪᠠᠷ ᠤᠬᠠᠭᠠᠯᠠᠨ ᠲᠥᠯᠥᠪᠯᠡᠵᠦ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ | ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠳᠡᠭᠡᠷ᠎ᠡ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠬᠡᠷᠡᠭᠴᠡᠭᠡ ᠳᠤ ᠬᠠᠨᠳᠤᠭᠤᠯᠤᠨ ᠨᠥᠭᠡᠴᠡᠯᠡᠯᠳᠡ ᠶᠢ ᠠᠳᠬᠤᠵᠤ ᠪᠦᠲᠦᠭᠡᠨ ᠪᠠᠶᠢᠭᠤᠯᠤᠯᠲᠠ ᠶᠢ | ᠠᠳᠬᠤᠵᠤ᠂ ᠵᠠᠬ᠎ᠠ ᠳᠡᠯᠭᠡᠭᠦᠷ ᠠᠴᠠ ᠲᠦᠷᠦᠯ ᠵᠦᠢᠯ ᠣᠯᠵᠤ᠂ ᠲᠦᠷᠦ ᠶᠢᠨ ᠪᠣᠳᠣᠯᠭ᠎ᠠ ᠠᠴᠠ ᠲᠦᠷᠦᠯ ᠵᠦᠢᠯ | ᠣᠯᠵᠤ᠂ ᠠᠷᠭ᠎ᠠ ᠪᠦᠭᠦᠨ ᠢ ᠰᠦᠪᠡᠭᠴᠢᠯᠡᠵᠦ ᠲᠤᠭ᠎ᠠ ᠬᠡᠮᠵᠢᠶ᠎ᠡ ᠭᠦᠢᠴᠡᠳ᠂ ᠶᠠᠰᠤ ᠴᠢᠨᠠᠷ ᠰᠠᠶᠢᠨ᠂ ᠬᠡᠷᠡᠭᠵᠢᠭᠦᠯᠵᠦ | ᠪᠣᠯᠬᠤᠶᠢᠴᠠ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠨᠥᠭᠡᠴᠡᠯᠡᠵᠦ᠂ ᠪᠡᠯᠡ ᠣᠷᠣᠭᠤᠯᠬᠤ ᠡᠨᠡ ᠬᠦ ︽ | ᠮᠣᠷᠢᠨ ᠲᠡᠷᠭᠡ︾ ᠶᠢᠨ ᠬᠥᠳᠡᠯᠭᠡᠬᠦ ᠬᠦᠴᠦᠨ ᠢ ᠨᠡᠩ ᠬᠦᠴᠦᠲᠡᠢ ᠪᠤᠯᠭᠠᠬᠤ ᠬᠡᠷᠡᠭᠲᠡᠢ᠃ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢᠨ ᠲᠠᠯ᠎ᠠ ᠪᠠᠷ᠂ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢ ᠪᠦᠷᠢᠨᠰᠢᠭᠦᠯᠵᠦ᠂ ᠲᠣᠰ | ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠨ ᠥᠭᠴᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠨᠢᠭᠡ ᠰᠡᠳᠬᠢᠯ ᠨᠢᠭᠡ ᠵᠣᠷᠢᠭ ᠢᠶᠠᠷ ᠠᠵᠤ ᠠᠬᠤᠶᠢᠯᠠᠯ ᠢ | ᠬᠠᠪᠰᠤᠷᠤᠨ ᠤᠴᠢᠷ ᠶᠠᠪᠤᠳᠠᠯ ᠢ ᠣᠷᠣᠯᠠᠨ ᠭᠦᠢᠴᠡᠳᠬᠡᠵᠦ ᠥᠭᠬᠦ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢᠨ ᠲᠠᠯ᠎ᠠ ᠪᠠᠷ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠢ ᠢᠯᠡᠭᠦᠬᠡᠨ ᠡᠷᠭᠢᠯᠡᠵᠤ | ᠬᠡᠷᠡᠭᠴᠡᠭᠡ ᠶᠢ ᠥᠷᠭᠡᠳᠬᠡᠨ᠂ ᠬᠡᠷᠡᠭᠴᠡᠭᠡ ᠶᠢ ᠣᠨᠢᠯᠠᠨ ᠪᠣᠯᠪᠠᠰᠤᠷᠠᠯ ᠢ ᠴᠢᠩᠭᠠᠳᠬᠠᠵᠤ᠂ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠤᠨ ᠣᠶᠢᠷ᠎ᠠ ᠬᠠᠪᠢ ᠠᠴᠠ ᠪᠠᠨ ᠠᠵᠢᠯᠴᠢᠨ ᠬᠡᠷᠡᠭᠯᠡᠬᠦ ᠶᠢ ᠠᠬᠢᠭᠤᠯᠵᠤ᠂ ︽ᠠᠵᠢᠯᠴᠢᠨ ᠪᠠᠶᠢᠭᠠᠳ ᠬᠢᠬᠦ | ᠠᠵᠢᠯ ᠦᠭᠡᠢ︾ ᠪᠠ ︽ᠠᠵᠢᠯ ᠪᠠᠶᠢᠭᠠᠳ ᠬᠢᠬᠦ ᠬᠥᠮᠥᠨ ᠦᠭᠡᠢ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ | ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢᠨ ᠲᠠᠯ᠎ᠠ ᠪᠠᠷ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢ ᠣᠷᠣᠭᠤᠯᠤᠨ | ᠠᠪᠴᠢᠷᠠᠵᠤ᠂ ᠦᠨ᠎ᠡ ᠬᠠᠩᠰᠢ ᠶᠢᠨ ᠬᠥᠰᠢᠭᠦᠷᠭᠡ ᠶᠢ ᠬᠡᠷᠡᠭᠯᠡᠵᠦ᠂ ᠬᠤᠳᠠ ᠬᠥᠳᠡᠭᠡ ᠲᠣᠰᠬᠤᠨ᠂ ᠠᠵᠤ | ᠦᠢᠯᠡᠳᠪᠦᠷᠢ ᠲᠠᠷᠢᠶᠠᠯᠠᠩ᠂ ᠦᠢᠯᠡᠳᠪᠦᠷᠢᠯᠡᠯ ᠠᠮᠢᠳᠤᠷᠠᠯ ᠤᠨ ᠪᠦᠭᠦ ᠲᠠᠯ᠎ᠠ ᠪᠠᠷ ᠤᠰᠤ ᠠᠷᠪᠢᠯᠠᠬᠤ ᠶᠢ ᠠᠬᠢᠭᠤᠯᠵᠤ᠂ | ᠥᠪᠥᠷ ᠮᠣᠩᠭᠤᠯ ᠤᠨ ᠣᠷᠣᠰᠢᠯ ᠲᠣᠭᠲᠠᠨᠢᠯ ᠪᠠ ᠬᠥᠭᠵᠢᠯᠲᠡ ᠶᠢᠨ ︽ᠠᠮᠢᠨ ᠭᠤᠣᠯ︾ ᠢ ᠪᠠᠲᠤᠯᠠᠬᠤ ᠬᠡᠷᠡᠭᠲᠡᠢ᠃ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠳᠣᠲᠣᠭᠠᠳᠤ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ | ᠥᠷᠭᠡᠳᠬᠡᠵᠦ᠂ ᠪᠠᠶᠢᠬᠤ ᠪᠠ ᠦᠭᠡᠢ ᠪᠠᠨ ᠰᠣᠯᠢᠯᠴᠠᠵᠤ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ | ᠨᠥᠬᠦᠪᠦᠷᠢᠯᠡᠵᠦ᠂ ︽ᠨᠠᠶᠢᠵᠠ ᠶᠢᠨ ᠲᠣᠭᠤᠷᠢᠭ︾ ᠢᠶᠠᠷ ᠦᠢᠯᠡᠳᠪᠦᠷᠢᠯᠡᠯ ᠤᠨ ᠬᠦᠴᠦᠨ ᠢ ᠡᠭᠦᠰᠬᠡᠬᠦ ᠬᠡᠷᠡᠭᠲᠡᠢ᠃ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠶᠢᠨ ᠲᠠᠯ᠎ᠠ ᠪᠠᠷ᠂ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠠᠯᠠᠭᠤᠨ ᠳᠡᠭᠡᠷ᠎ᠡ ᠨᠢ ᠭᠦᠨᠵᠡᠭᠡᠶᠢᠷᠡᠭᠦᠯᠦᠨ ᠠᠬᠢᠭᠤᠯᠵᠤ᠂ ᠤᠮᠠᠷᠠᠲᠤ | ᠬᠢᠯᠢ ᠶᠢᠨ ᠰᠣᠶᠣᠯ ᠭᠡᠬᠦ ᠡᠨᠡ ᠬᠦ ︽ᠪᠠᠶᠠᠨ ᠠᠭᠤᠷᠬᠠᠢ︾ ᠶᠢ ᠭᠦᠨ ᠮᠠᠯᠲᠠᠵᠤ ᠨᠠᠷᠢᠯᠢᠭ ᠡᠵᠡᠩᠨᠡᠵᠦ᠂ ᠥᠪᠥᠷ | ᠮᠣᠩᠭᠤᠯ ᠢ ᠨᠡᠷ᠎ᠡ ᠢᠳᠡᠷ ᠲᠡᠭᠡᠨ ᠨᠡᠶᠢᠴᠡᠭᠰᠡᠨ ᠰᠣᠶᠣᠯ ᠤᠨ ᠲᠣᠮᠣ ᠣᠷᠣᠨ ᠪᠣᠯᠭᠠᠨ ᠪᠦᠲᠦᠭᠡᠨ ᠪᠠᠶᠢᠭᠤᠯᠬᠤ | ᠬᠡᠷᠡᠭᠲᠡᠢ᠃ | ᠭᠤᠷᠪᠠ ᠳᠤ᠂ ᠡᠷᠡᠰ ᠭᠤᠶᠢᠪᠢᠰᠢ ᠦᠭᠡᠢ ᠪᠠᠷ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠬᠤ | ᠬᠡᠷᠡᠭᠲᠡᠢ᠃ ᠥᠭᠡᠷᠡᠴᠢᠯᠡᠯᠲᠡ ᠪᠣᠯ ᠤᠯᠤᠰ ᠲᠦᠷᠦ ᠶᠢᠨ ᠡᠭᠦᠷᠭᠡ ᠮᠥᠨ᠂ ᠪᠠᠰᠠ ᠴᠤ ᠬᠥᠭᠵᠢᠯᠲᠡ ᠶᠢᠨ ᠬᠦᠴᠢᠷ | ᠠᠰᠠᠭᠤᠳᠠᠯ ᠢ ᠰᠢᠢᠳᠪᠦᠷᠢᠯᠡᠬᠦ ᠲᠦᠯᠬᠢᠭᠦᠷ ᠮᠥᠨ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠷᠸ᠎ᠠ | ᠲᠠᠯ᠎ᠠ ᠠᠴᠠ ᠪᠣᠳᠣᠯᠬᠢᠯᠠᠨ᠂ ᠨᠢᠭᠡ ᠪᠦᠯᠦᠭ ᠴᠢᠬᠤᠯᠠ ᠶᠡᠭᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ | ᠬᠡᠷᠡᠭᠵᠢᠭᠦᠯᠬᠦ ᠶᠢ ᠠᠬᠢᠭᠤᠯᠬᠤ ᠭᠡᠷᠡᠭᠲᠡᠢ;ᠬᠤᠮᠠᠬᠢ ᠲᠠᠯ᠎ᠠ ᠠᠴᠠ ᠭᠠᠷᠳᠠᠵᠤ᠂ ᠠᠯᠳᠠᠭ᠎ᠠ ᠪᠤᠷᠤᠭᠤ ᠪᠠᠨ | ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ | ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠭᠡᠷᠡᠴᠢᠯᠡᠯᠲᠡ ᠶᠢ ᠪᠠᠶᠢᠩᠭᠤ ᠦᠷ᠎ᠡ ᠪᠦᠲᠦᠮᠵᠢ ᠲᠠᠢ | ᠪᠤᠯᠭᠠᠵᠤ᠂ ᠬᠥᠭᠵᠢᠯᠲᠡ ᠶᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ | ᠰᠡᠳᠬᠢᠴᠡ ᠨᠢ ᠠᠰᠠᠭᠤᠳᠠᠯ ᠤᠨ ᠳᠣᠲᠣᠷ᠎ᠠ ᠪᠤᠢ᠂ ᠥᠭᠡᠷᠡᠴᠢᠯᠡᠯᠲᠡ ᠶᠢᠨ ᠠᠷᠭ᠎ᠠ ᠨᠢ ᠵᠠᠬ᠎ᠠ ᠳᠡᠯᠭᠡᠭᠦᠷ ᠲᠤ ᠪᠠᠶᠢᠨ᠎ᠠ᠃ | ᠠᠷᠬᠠᠭ ᠭᠡᠮ ᠳᠤ ᠮᠡᠰᠡ ᠵᠠᠰᠠᠯ ᠬᠢᠵᠦ᠂ ᠠᠷᠬᠠᠭ ᠭᠡᠮ ᠢ ᠵᠠᠰᠠᠬᠤ ᠪᠠᠷ ᠬᠦᠴᠦᠯᠡᠬᠦ ᠬᠡᠷᠡᠭᠲᠡᠢ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠪᠠ ᠨᠡᠶᠢᠭᠡᠮ ᠤᠨ ᠥᠨᠳᠥᠷ ᠪᠦᠲᠦᠮᠵᠢᠲᠡᠶ ᠵᠠᠰᠠᠯᠲᠠ ᠶᠢ ᠨᠥᠯᠥᠭᠡᠯᠡᠵᠦ ᠪᠠᠶᠢᠭ᠎ᠠ | ᠲᠦᠭᠵᠢᠷᠡᠯ ᠠᠰᠠᠭᠤᠳᠠᠯ ᠪᠠ ᠬᠤᠷᠢᠭ᠎ᠠ ᠴᠡᠭ ᠢ ᠡᠷᠡᠰ ᠠᠷᠢᠯᠭᠠᠵᠤ᠂ ᠦᠨᠳᠦᠰᠦᠨ ᠠᠴᠠ ᠨᠢ ᠰᠢᠢᠳᠪᠦᠷᠢᠯᠡᠵᠦ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ | ᠰᠢᠢᠳᠪᠦᠷᠢᠯᠡᠵᠦ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ ᠮᠠᠨ ᠤ ᠣᠷᠣᠨ ᠤ ︽ᠨᠢᠳᠦᠨ ᠳᠤ ᠦᠵᠡᠭᠳᠡᠬᠦ ᠭᠠᠷ︾ | ᠬᠦᠴᠦᠷᠬᠡᠭ᠂ ︽ᠦᠯᠦ ᠦᠵᠡᠭᠳᠡᠬᠦ ᠭᠠᠷ︾ ᠪᠠᠭᠤᠷᠠᠢ ᠪᠠᠶᠢᠵᠤ᠂ ᠦᠷ᠎ᠡ ᠪᠦᠲᠦᠮᠵᠢᠲᠡᠶ ᠵᠠᠬ᠎ᠠ ᠳᠡᠯᠭᠡᠭᠦᠷ ᠪᠣᠯᠣᠨ | ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠬᠠᠮᠢᠶᠠᠷᠬᠤ ᠶᠣᠰᠣᠲᠠᠢ ᠶᠢ ᠨᠢ ᠰᠠᠶᠢᠲᠤᠷ ᠬᠠᠮᠢᠶᠠᠷᠴᠤ᠂ ᠬᠠᠮᠢᠶᠠᠷᠬᠤ ᠳᠤ ᠵᠣᠬᠢᠬᠤ ᠦᠭᠡᠢ ᠶᠢ ᠨᠢ ᠵᠠᠬ᠎ᠠ | ᠳᠡᠯᠭᠡᠭᠦᠷ ᠲᠤ ᠴᠢᠯᠦᠭᠡᠲᠡᠢ ᠲᠤᠰᠢᠶᠠᠨ ᠥᠭᠴᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ | ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ ᠪᠣᠯᠣᠨ ᠣᠯᠠᠨ ᠲᠦᠮᠡᠨ ᠳᠤ | ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠳᠥᠷᠪᠡ ᠳᠤ᠂ ᠠᠷᠭ᠎ᠠ ᠪᠦᠭᠦᠨ ᠢ ᠰᠦᠪᠡᠭᠴᠢᠯᠡᠵᠦ ᠤᠯᠠᠨ ᠲᠦᠮᠡᠨ ᠤ ᠪᠠᠴᠢᠮᠳᠠᠵᠤ ᠲᠦᠪᠡᠭᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠨᠢᠳᠤᠨᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠪᠦᠭᠦ ᠣᠷᠣᠨ ᠤ ᠠᠷᠠᠳ ᠲᠦᠮᠡᠨ ᠳᠤ᠄ ᠦᠨᠳᠦᠰᠦᠨ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ | ᠪᠤᠶᠤ ᠲᠡᠭᠦᠨ ᠠᠴᠠ ᠳᠠᠪᠠᠭᠤᠯᠵᠤ᠂ ᠠᠷᠠᠳ ᠣᠯᠠᠨ ᠤ ᠳᠠᠭᠠᠷᠠᠵᠤ ᠪᠡᠭᠡᠷᠡᠬᠦ ᠠᠰᠠᠭᠤᠳᠠᠯ ᠢ ᠲᠤᠶᠢᠯᠪᠤᠷᠢᠲᠠᠢ | ᠰᠢᠢᠳᠪᠦᠷᠢᠯᠡᠨ᠎ᠡ ᠭᠡᠵᠦ ᠠᠮᠠᠯᠳᠠᠪᠠ᠃ ᠠᠷᠠᠳ ᠤᠨ ᠠᠮᠢᠳᠤᠷᠠᠯ ᠤᠨ ᠡᠨᠡ ᠬᠤᠶᠠᠷ ᠶᠡᠭᠡ ᠶᠠᠪᠤᠳᠠᠯ ᠢ ᠤᠳᠤ ᠴᠥᠮ | ᠪᠡᠶᠡᠯᠡᠭᠦᠯᠪᠡ᠃ ᠡᠯ᠎ᠡ ᠭᠠᠵᠠᠷ ᠤᠨ ᠬᠢᠨ ᠴᠦ ᠴᠥᠭᠡᠨ ᠪᠤᠰᠤ ᠪᠣᠳᠠᠲᠤ ᠶᠠᠪᠤᠳᠠᠯ ᠬᠢᠵᠦ᠂ ᠵᠠᠷᠢᠮ ᠨᠢ ᠬᠤᠲᠠ ᠶᠢᠨ ︽ | ᠬᠠᠭᠤᠴᠢᠨ ᠪᠠᠶᠢᠰᠢᠩ ᠭᠡᠷ︾ ᠢ ᠠᠷᠠᠳ ᠣᠯᠠᠨ ᠤ ︽ᠰᠡᠳᠬᠢᠯ ᠢ ᠳᠤᠯᠠᠭᠠᠴᠠᠭᠤᠯᠤᠭᠰᠠᠨ ᠪᠠᠭᠤᠴᠠ︾ ᠪᠣᠯᠭᠠᠨ | ᠬᠤᠪᠢᠷᠠᠭᠤᠯᠵᠤ᠂ ᠵᠠᠷᠢᠮ ᠨᠢ ᠲᠤᠬᠠᠢ ᠶᠢᠨ ᠭᠠᠵᠠᠷ ᠤᠨ ᠬᠠᠮᠤᠭ ᠤᠨ ᠰᠡᠭᠦᠯᠴᠢ ᠶᠢᠨ ︽ᠲᠡᠭᠷᠢ ᠶᠢᠨ ᠴᠢᠷᠠᠢ ᠬᠠᠷᠠᠵᠤ | ᠴᠠᠭᠢᠯᠭᠠᠨ ᠬᠡᠷᠡᠭᠯᠡᠵᠦ ᠪᠠᠶᠢᠭᠰᠠᠨ︾ ᠭᠠᠴᠠᠭᠠᠨ ᠳᠤ ᠴᠠᠭᠢᠯᠭᠠᠨ ᠨᠠᠪᠲᠠᠷᠡᠭᠦᠯᠵᠦ᠂ ᠣᠯᠠᠨ ᠲᠦᠮᠡᠨ ᠤ ᠮᠠᠭᠲᠠᠭᠠᠯ | ᠰᠠᠶᠢᠰᠢᠶᠠᠯ ᠢ ᠣᠯᠣᠭᠰᠠᠨ ᠪᠠᠶᠢᠨ᠎ᠠ᠃ ᠠᠷᠠᠳ ᠲᠦᠮᠡᠨ ᠳᠤ ᠦᠢᠯᠡᠴᠢᠯᠡᠬᠦ ᠪᠠᠨ ᠬᠡᠵᠢᠶᠡᠳᠡ ᠵᠣᠭᠰᠣᠵᠤ ᠪᠤᠯᠬᠤ | ᠦᠭᠡᠢ᠂ ᠪᠢᠳᠡ ᠤᠯᠠᠨ ᠲᠦᠮᠡᠨ ᠤ ᠠᠮᠤᠷ ᠲᠦᠪᠰᠢᠨ ᠬᠠᠯᠠᠭᠤᠨ ᠬᠦᠢᠲᠡᠨ᠂ ᠢᠳᠡᠵᠦ ᠡᠮᠦᠰᠬᠦ ᠶᠠᠪᠤᠵᠤ | ᠰᠠᠭᠤᠬᠤ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ ᠶᠠᠪᠤᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠳᠤ ᠴᠥᠮ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ | ᠪᠠᠶᠢᠭ᠎ᠠ ︽ᠠᠰᠠᠭᠤᠳᠠᠯ ᠤᠨ ᠨᠠᠷᠢᠨ ᠲᠠᠩᠰᠠ︾ ᠪᠠᠶᠢᠬᠤ ᠬᠡᠷᠡᠭᠲᠡᠢ᠂ ᠠᠯᠢ ᠠᠶᠢᠯ ᠠᠯᠢ ᠡᠷᠦᠭᠡ ᠨᠢ ᠶᠠᠮᠠᠷ | ᠬᠦᠴᠢᠷᠳᠡᠯ ᠪᠠᠶᠢᠬᠤ ᠲᠤᠬᠠᠢ ᠳᠣᠲᠣᠷ᠎ᠠ ᠪᠠᠨ ᠴᠥᠮ ᠲᠤᠭ᠎ᠠ ᠲᠠᠢ ᠪᠠᠶᠢᠵᠤ᠂ ᠴᠠᠭ ᠲᠤᠬᠠᠢ ᠳᠤᠨᠢ ᠰᠢᠢᠳᠪᠦᠷᠢᠯᠡᠬᠦ | ᠬᠡᠷᠡᠭᠲᠡᠢ᠃ ᠠᠷᠠᠳ ᠤᠨ ᠠᠮᠢᠳᠤᠷᠠᠯ ᠤᠨ ᠨᠢᠭᠡᠨ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠨᠢ ᠲᠦᠮᠡ | ᠬᠡᠯᠡᠵᠦ ᠮᠢᠩᠭ᠎ᠠ ᠶᠠᠷᠢᠭᠰᠠᠨ ᠤᠬᠠᠭᠤᠯᠭ᠎ᠠ ᠠᠴᠠ ᠬᠤᠯᠠ ᠳᠡᠭᠡᠷ᠎ᠡ ᠶᠤᠮ᠃ ᠡᠨᠡ ᠤᠳᠠᠭᠠᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠵᠢᠭᠰᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠡᠷᠬᠡᠪᠰᠢ | ᠪᠦᠭᠦᠨ ᠢ ᠪᠡᠶᠡᠯᠡᠭᠦᠯᠬᠦ ᠬᠡᠷᠡᠭᠲᠡᠢ᠃ ᠠᠷᠠᠳ ᠤᠯᠠᠨ ᠢ ᠬᠢᠬᠦ ᠠᠵᠢᠯ ᠲᠠᠢ᠂ ᠣᠯᠬᠤ ᠵᠣᠭᠤᠰ ᠲᠠᠢ᠂ ᠵᠣᠪᠠᠭ᠋ᠤ ᠤᠴᠢᠷ | ᠦᠭᠡᠢ᠂ ᠰᠡᠳᠬᠢᠯ ᠳᠡᠭᠡᠨ ᠬᠦᠰᠡᠯ ᠡᠷᠡᠮᠡᠯᠵᠡᠯ ᠲᠠᠢ᠂ ᠠᠮᠢᠳᠤᠷᠠᠯ ᠳᠠᠭᠠᠨ ᠵᠢᠳᠬᠦᠨ ᠲᠡᠮᠡᠦᠯᠬᠦ ᠬᠠᠷᠠᠯᠲᠠ ᠲᠠᠢ | ᠪᠤᠯᠭᠠᠬᠤ ᠬᠡᠷᠡᠭᠲᠡᠢ᠃ | ᠲᠠᠪᠤ ᠳᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠨ | ᠪᠣᠳᠠᠲᠤ ᠠᠮᠵᠢᠯᠲᠠ ᠡᠭᠦᠳᠬᠦ ᠬᠡᠷᠡᠭᠲᠡᠢ᠃ ᠤᠳᠤ ᠪᠢᠳᠡ ᠨᠡᠬᠡᠵᠦ ᠭᠦᠢᠴᠡᠨ ᠳᠠᠪᠠᠵᠤ ᠭᠠᠷᠬᠤ ᠰᠢᠨ᠎ᠡ ᠠᠯᠬᠤᠮ ᠢ | ᠠᠯᠬᠤᠯ᠎ᠠ᠂ ᠡᠷᠬᠡᠪᠰᠢ ᠰᠢᠭᠤᠷᠬᠠᠶᠢᠯᠠᠨ ᠣᠷᠣᠬᠤ ᠵᠣᠷᠢᠭ᠂ ᠡᠷᠡᠰ ᠬᠠᠳᠠᠨ ᠵᠣᠷᠢᠭ᠂ ᠡᠷᠡᠯᠬᠡᠭ ᠰᠥᠰᠥ ᠵᠣᠷᠢᠭ ᠢᠶᠠᠨ | ᠡᠭᠦᠷᠢᠳᠡ ᠪᠠᠲᠤᠯᠠᠵᠤ᠂ ᠮᠣᠩᠭᠤᠯ ᠮᠣᠷᠢ ᠰᠢᠭ᠋ ᠴᠤᠴᠠᠯᠲᠠ ᠦᠭᠡᠢ ᠤᠷᠤᠭᠰᠢᠯᠠᠬᠤ ᠬᠡᠷᠡᠭᠲᠡᠢ᠃ ᠬᠦᠴᠢᠷ ᠪᠡᠷᠬᠡᠰᠢᠶᠡᠯ | ᠪᠠ ᠥᠷᠢᠰᠦᠯᠳᠦᠭᠡᠨ ᠳᠤ ᠵᠣᠷᠢᠭᠲᠠᠢ ᠪᠠᠷ ᠰᠢᠭᠤᠳ ᠬᠠᠨᠳᠤᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ | ᠳᠠᠭᠠᠷᠠᠪᠠᠯ ᠬᠥᠭᠦᠷᠭᠡ ᠲᠠᠯᠪᠢᠵᠤ᠂ ᠲᠦᠮᠡᠨ ᠪᠡᠷᠬᠡᠰᠢᠶᠡᠯ ᠢ ᠢᠯᠠᠨ ᠳᠠᠪᠠᠵᠤ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ | ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ | ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ ᠶᠢ ᠦᠷᠭᠦᠯᠵᠢᠯᠡᠨ ᠠᠬᠢᠭᠤᠯᠵᠤ᠂ | ᠺᠠᠳ᠋ᠷᠴᠤᠳ ᠤᠨ ᠴᠠᠭ ᠪᠣᠯᠣᠨ ᠤᠶᠤᠨ ᠴᠢᠳᠠᠯ ᠢᠶᠠᠨ ᠵᠢᠩᠬᠢᠨᠢ ᠶᠠᠪᠤᠳᠠᠯ ᠬᠢᠬᠦ ᠳᠡᠭᠡᠷ᠎ᠡ ᠵᠠᠷᠤᠴᠠᠭᠤᠯᠬᠤ ᠪᠤᠯᠭᠠᠬᠤ | ᠬᠡᠷᠡᠭᠲᠡᠢ᠃ ᠳᠡᠭᠡᠷ᠎ᠡ ᠱᠠᠲᠤᠨ ᠳᠠᠭᠠᠨ ᠬᠢᠵᠦ ᠦᠵᠡᠭᠦᠯᠭᠦ ᠶᠢ ᠯᠡ ᠪᠤᠳᠤᠬᠤ᠂ ᠳᠣᠣᠷ᠎ᠠ ᠱᠠᠲᠤᠨ ᠳᠠᠭᠠᠨ | ᠬᠠᠷᠢᠭᠤᠴᠠᠬᠤ ᠦᠭᠡᠢ᠂ ᠬᠤᠭᠤᠰᠤᠨ ᠨᠡᠷ᠎ᠡ ᠶᠢ ᠯᠡ ᠬᠥᠭᠡᠭᠡᠴᠡᠯᠳᠦᠭᠡᠳ ᠪᠣᠳᠠᠲᠤ ᠦᠷ᠎ᠡ ᠪᠦᠲᠦᠮᠵᠢ ᠶᠢ | ᠪᠣᠳᠣᠯᠬᠢᠯᠠᠬᠤ ᠦᠭᠡᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠬᠡᠷᠡᠭ ᠶᠠᠪᠤᠳᠠᠯ ᠳᠤ ᠵᠠᠪᠠᠯ | ᠤᠷᠤᠮ ᠦᠯᠡᠳᠡᠭᠡᠬᠦ ᠡᠨᠡ ᠬᠦ ᠮᠠᠭᠤ ᠳᠠᠳᠬᠠᠯ ᠢ ᠠᠷᠢᠯᠭᠠᠬᠤ ᠬᠡᠷᠡᠭᠲᠡᠢ᠃ ︽ᠳᠠᠷᠤᠭᠠᠰᠤ ᠶᠢ ᠬᠥᠩᠭᠡᠷᠡᠭᠦᠯᠬᠦ᠂ | ᠬᠦᠴᠦᠨ ᠴᠢᠳᠠᠯ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ | ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠭᠦᠢᠴᠡᠳ | ᠪᠠᠳᠠᠷᠠᠭᠤᠯᠵᠤ᠂ ᠤᠯᠠᠨ ᠢ ᠬᠢᠬᠦ ᠶᠣᠰᠣᠲᠠᠢ ᠠᠵᠢᠯ ᠢᠶᠠᠨ ᠬᠢᠵᠦ ᠳᠡᠶᠢᠯᠭᠦ᠂ ᠬᠢᠬᠦ ᠶᠣᠰᠣᠲᠠᠢ ᠠᠵᠢᠯ ᠢᠶᠠᠨ ᠰᠠᠶᠢᠲᠤᠷ | ᠬᠢᠬᠦ ᠪᠤᠯᠭᠠᠬᠤ ᠬᠡᠷᠡᠭᠲᠡᠢ᠃ ᠤᠷᠮᠠᠰᠢᠭᠤᠯᠬᠤ ᠲᠦᠷᠦ ᠶᠢᠨ ᠪᠣᠳᠣᠯᠭ᠎ᠠ ᠪᠠ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠶᠢᠨ ᠲᠥᠯᠥᠭᠡ | ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠲᠠᠢ ᠬᠥᠮᠥᠰ ᠢ ᠣᠷᠣᠨ ᠪᠠᠶᠢᠷᠢ ᠲᠠᠢ ᠪᠤᠯᠭᠠᠬᠤ ᠬᠡᠷᠡᠭᠲᠡᠢ᠃ | ᠲᠥᠯᠥᠭᠡᠯᠡᠭᠴᠢᠳ ᠠ᠋᠂ ᠨᠥᠬᠦᠳ ᠠ᠋︕ | ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠥᠪᠥᠷ ᠮᠣᠩᠭᠤᠯ ᠢᠶᠠᠨ ᠰᠠᠶᠢᠲᠤᠷ | ᠪᠦᠲᠦᠭᠡᠨ ᠪᠠᠶᠢᠭᠤᠯᠵᠤ᠂ ᠰᠠᠶᠢᠲᠤᠷ ᠬᠥᠭᠵᠢᠭᠦᠯᠬᠦ ᠨᠢ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠶᠢᠨ | ᠬᠦᠨᠳᠦ ᠴᠢᠬᠤᠯᠠ ᠬᠦᠰᠡᠯ ᠨᠠᠶᠢᠳᠠᠯᠭ᠎ᠠ ᠪᠣᠯᠣᠨ᠎ᠠ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ 2400 ᠲᠦᠮᠡᠨ | ᠳᠤᠮᠳᠠᠳᠤ ᠶᠢᠨ ᠬᠥᠪᠡᠭᠦᠳ ᠥᠬᠢᠳ ᠤᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠬᠦᠨᠳᠦ ᠡᠭᠦᠷᠭᠡ | ᠮᠥᠷᠥᠨ ᠳᠤ ᠲᠠᠯᠪᠢᠭᠳᠠᠵᠤ᠂ ᠴᠢᠷᠮᠠᠶᠢᠨ ᠲᠡᠮᠡᠴᠡᠬᠦ ᠯᠡ ᠬᠡᠷᠡᠭᠲᠡᠢ ᠪᠢᠯᠡ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠴᠢᠷᠮᠠᠶᠢᠨ | ᠲᠡᠮᠡᠴᠡᠵᠦ᠂ ᠦᠷᠭᠦᠯᠵᠢᠯᠡᠨ ᠴᠢᠷᠮᠠᠶᠢᠨ ᠲᠡᠮᠡᠴᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠮᠵᠢ ᠶᠢᠨ | ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ︕ ᠴᠠᠭᠠᠨ ᠰᠠᠷ᠎ᠠ ᠤᠳᠠᠯ ᠦᠭᠡᠢ | ᠬᠦᠷᠴᠦ ᠢᠷᠡᠬᠦ ᠪᠣᠯᠣᠯ᠎ᠠ᠂ ᠡ᠊ᠨᠳᠡ ᠪᠢ ᠤᠯᠠᠨ ᠳᠤ ᠴᠠᠭᠠᠨ ᠰᠠᠷ᠎ᠠ ᠶᠢᠨ ᠮᠡᠨᠲᠦ ᠬᠦᠷᠭᠡᠶ᠎ᠡ᠂ ᠲᠥᠯᠥᠭᠡᠯᠡᠭᠴᠢᠳ᠂ | ᠨᠥᠬᠦᠳ ᠪᠣᠯᠣᠨ ᠪᠦᠭᠦ ᠣᠷᠣᠨ ᠤ ᠠᠷᠠᠳ ᠲᠦᠮᠡᠨ ᠤ ᠴᠠᠭᠠᠨ ᠰᠠᠷ᠎ᠠ ᠳᠠᠭᠠᠨ ᠪᠠᠶᠠᠷ ᠭᠦᠷ ᠲᠠᠢ᠂ ᠭᠡᠷ | ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ︕ | |