| - ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠪᠣᠯᠣᠨ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ | ᠤ ᠬᠤᠷᠢᠶ᠎ᠠ ᠶᠢᠨ ᠭᠤᠷᠪᠠᠳᠤᠭᠠᠷ ᠬᠤᠷᠠᠯ ᠲᠡᠭᠦᠰᠦᠭᠰᠡᠨ ᠳᠤ ᠬᠠᠯᠠᠭᠤᠨ ᠪᠠᠶᠠᠷ | ᠬᠦᠷᠭᠡᠶ᠎ᠡ | | ᠣᠯᠠᠨ ᠤ ᠣᠶᠤᠨ ᠤᠬᠠᠭᠠᠨ ᠢ ᠲᠥᠪᠯᠡᠷᠡᠭᠦᠯᠵᠦ᠂ ᠲᠦᠮᠡᠨ ᠤ ᠬᠦᠴᠦᠨ ᠴᠢᠳᠠᠯ ᠢ ᠨᠢᠭᠲᠠᠷᠠᠭᠤᠯᠤᠨ᠂ | ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠬᠠᠭᠤᠳᠠᠰᠤ ᠶᠢ ᠪᠢᠴᠢᠭᠯᠡᠨ᠎ᠡ᠃ ᠪᠦᠭᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠯᠠᠭᠤᠨ ᠠᠩᠬᠠᠷᠤᠯ ᠳᠣᠣᠷ᠎ᠠ᠂ ᠬᠤᠷᠠᠯ ᠳᠤ ᠣᠷᠣᠯᠴᠠᠬᠰᠠᠨ | ᠲᠥᠯᠥᠭᠡᠯᠡᠭᠴᠢᠳ ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ | ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ | ᠪᠡᠶᠡᠯᠡᠭᠦᠯᠵᠦ ᠢᠯᠠᠯᠲᠠ ᠲᠠᠢ ᠪᠠᠷ ᠲᠡᠭᠦᠰᠪᠡ᠃ ᠪᠢᠳᠡ ᠶᠡᠭᠡ ᠬᠤᠷᠠᠯ ᠤᠨ ᠲᠡᠭᠦᠰ ᠠᠮᠵᠢᠯᠲᠠ ᠣᠯᠣᠭᠰᠠᠨ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ︕ | ᠬᠠᠮᠲᠤ ᠶᠢᠨ ᠲᠠᠨᠢᠯᠲᠠ ᠬᠤᠷᠠᠯ ᠤᠨ ᠲᠠᠯᠠᠪᠠᠢ ᠶᠢᠨ ᠳᠣᠲᠣᠨ᠎ᠠ ᠭᠠᠳᠠᠨ᠎ᠠ ᠨᠢᠭᠲᠠᠷᠠᠵᠤ᠂ ᠢᠲᠡᠭᠡᠯ ᠵᠣᠷᠢᠭ | ᠤᠮᠠᠷᠠᠲᠤ ᠶᠢᠨ ᠡᠬᠡ ᠭᠠᠵᠠᠷ ᠲᠤ ᠪᠠᠳᠠᠷᠠᠨ᠎ᠠ᠃ ᠬᠤᠶᠠᠷ ᠬᠤᠷᠠᠯ ᠤᠨ ᠬᠤᠭᠤᠴᠠᠭᠠᠨ ᠳᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠦᠭᠡᠢ ᠪᠠᠷ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠳᠡᠪᠰᠢᠭᠦᠯᠵᠦ᠂ ᠡᠵᠡᠨ ᠬᠥᠮᠥᠨ ᠤ | ᠵᠣᠷᠢᠭ ᠰᠠᠨᠠᠭ᠎ᠠ ᠪᠠ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠪᠡ᠃ | ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠡᠯ᠎ᠡ ᠵᠦᠢᠯ ᠤᠨ ᠮᠡᠳᠡᠭᠦᠯᠦᠯᠲᠡ ᠪᠣᠯᠣᠨ ᠰᠢᠢᠳᠪᠦᠷᠢ᠂ | ᠰᠣᠩᠭᠤᠭᠤᠯᠢ ᠶᠢᠨ ᠦᠷ᠎ᠡ ᠳ᠋ᠦᠩ ᠨᠢ ᠪᠦᠭᠦ ᠣᠷᠣᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠶᠢ | ᠢᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠵᠠᠢ᠃ ᠡᠨᠡ ᠪᠣᠯ | ᠲᠤᠭ ᠢ ᠥᠨᠳᠥᠷ ᠮᠠᠨᠳᠤᠭᠤᠯᠤᠭᠰᠠᠨ᠂ ᠡᠷᠴᠢ ᠵᠣᠷᠢᠭ ᠢ ᠬᠥᠪᠴᠢᠯᠡᠭᠰᠡᠨ ᠶᠡᠭᠡ ᠬᠤᠷᠠᠯ ᠮᠥᠨ᠂ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠵᠠᠮ ᠨᠡᠭᠡᠭᠡᠨ ᠰᠢᠨ᠎ᠡ ᠶᠢ ᠡᠭᠦᠳᠦᠭᠰᠡᠨ ᠶᠡᠭᠡ ᠬᠤᠷᠠᠯ ᠮᠥᠨ᠂ | ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠮᠥᠨ᠂ ᠯᠠᠪᠲᠠᠢ ᠣᠷᠣᠨ | ᠳᠠᠶᠠᠭᠠᠷ ᠢ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ | ᠪᠣᠳᠠᠲᠠᠢ ᠶᠢ ᠡᠷᠬᠢᠮᠯᠡᠭᠰᠡᠨ ᠰᠤᠷᠲᠠᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ | ᠳᠠᠶᠢᠴᠢᠯᠠᠨ ᠤᠷᠤᠯᠴᠠᠭᠤᠯᠬᠤ ᠪᠣᠯᠣᠨ᠎ᠠ᠃ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ | ᠬᠤᠷᠢᠶᠠᠬᠤ ᠵᠢᠯ᠂ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠲᠥᠯᠥᠪᠵᠢᠭᠦᠯᠦᠨ | ᠲᠣᠭᠲᠠᠭᠠᠬᠤ ᠵᠢᠯ ᠪᠣᠯᠣᠨ᠎ᠠ᠃ ᠰᠡᠭᠦᠯ ᠬᠤᠷᠢᠶᠠᠬᠤ ᠵᠢᠯ ᠳᠤ ᠰᠡᠭᠦᠯ ᠬᠤᠷᠢᠶᠠᠬᠤ ᠬᠠᠷᠢᠭᠤᠴᠠᠯᠭ᠎ᠠ ᠪᠠᠨ | ᠭᠦᠢᠴᠡᠳᠬᠡᠵᠦ᠂ ᠲᠥᠯᠥᠪᠵᠢᠭᠦᠯᠬᠦ ᠵᠢᠯ ᠳᠤ ᠪᠠᠶᠢᠷᠢᠰᠢᠭᠤᠯᠤᠯᠲᠠ ᠶᠢᠨ ᠠᠷᠭ᠎ᠠ ᠪᠣᠳᠣᠯᠭ᠎ᠠ ᠶᠢ ᠰᠠᠶᠢᠲᠤᠷ | ᠲᠣᠭᠲᠠᠭᠠᠬᠤ ᠬᠡᠷᠡᠭᠲᠡᠢ᠃ ᠪᠢᠳᠡ ᠬᠤᠶᠠᠷ ᠬᠤᠷᠠᠯ ᠠᠴᠠ ᠪᠦᠷᠢᠯᠳᠦᠭᠦᠯᠦᠭᠰᠡᠨ ᠦᠵᠡᠯ ᠰᠠᠨᠠᠭᠠᠨ ᠤ ᠬᠠᠮᠲᠤ ᠶᠢᠨ | ᠲᠠᠨᠢᠯᠲᠠ ᠶᠢ ᠲᠡᠮᠡᠴᠡᠯ ᠤᠨ ᠤᠷᠮ᠎ᠠ ᠰᠡᠳᠬᠢᠯᠭᠡ ᠪᠣᠯᠭᠠᠨ ᠬᠤᠪᠢᠷᠠᠭᠤᠯᠵᠤ᠂ ᠬᠤᠶᠠᠷ ᠬᠤᠷᠠᠯ ᠠᠴᠠ ᠬᠥᠪᠴᠢᠯᠡᠭᠰᠡᠨ | ᠢᠲᠡᠭᠡᠯ ᠵᠣᠷᠢᠭ ᠢ ᠠᠤᠭ᠎ᠠ ᠶᠡᠭᠡ ᠬᠦᠴᠦᠨ ᠴᠢᠳᠠᠯ ᠪᠣᠯᠭᠠᠨ ᠨᠢᠭᠲᠠᠷᠠᠭᠤᠯᠵᠤ᠂ ᠡᠯ᠎ᠡ ᠵᠦᠢᠯ ᠤᠨ ᠬᠠᠷᠠᠯᠲᠠ | ᠡᠭᠦᠷᠭᠡ ᠶᠢ ︽ᠴᠠᠭᠠᠰᠤᠨ ᠳᠡᠭᠡᠷ᠎ᠡ︾ ᠠᠴᠠ ᠪᠣᠳᠠᠲᠠᠢ ᠳᠤ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠬᠤᠷᠠᠯ ᠤᠨ ᠦᠷ᠎ᠡ ᠪᠦᠲᠦᠭᠡᠯ ᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ | ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠤᠯᠠᠮ ᠠᠴᠠ ᠤᠯᠠᠮ ᠳᠡᠭᠡᠭᠰᠢᠯᠡᠨ ᠠᠭᠢᠬᠤ ᠶᠢ ᠪᠦᠭᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠭᠤᠣᠯᠯᠠᠭᠴᠢ ᠬᠦᠴᠦᠨ ᠴᠢᠳᠠᠯ ᠢ ᠨᠢᠭᠲᠠᠷᠠᠭᠤᠯᠵᠤ᠂ ᠲᠤᠭ ᠲᠡᠮᠳᠡᠭ ᠴᠢᠭᠯᠡᠯ ᠢ ᠬᠥᠲᠥᠯᠥᠨ ᠳᠠᠭᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠲᠠᠪᠤᠨ ᠶᠡᠭᠡ | ᠡᠭᠦᠷᠭᠡ︾ ᠶᠢᠨ ᠣᠨ ᠤ ᠠᠵᠢᠯ ᠢ ᠪᠦᠭᠦᠨ ᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠤᠨ ᠦᠷ᠎ᠡ | ᠪᠦᠲᠦᠭᠡᠯ ᠬᠥᠮᠥᠰ ᠢ ᠤᠷᠮᠠᠰᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ ᠁ ᠡᠳᠡᠭᠡᠷ ᠠᠮᠵᠢᠯᠲᠠ ᠪᠦᠲᠦᠮᠵᠢ ᠶᠢ ᠴᠥᠮ | ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ︽ᠥᠪᠥᠷ ᠮᠣᠩᠭᠤᠯ ᠤᠨ ᠬᠠᠭᠤᠳᠠᠰᠤ︾᠂ ︽ᠦᠨᠳᠦᠰᠦᠲᠡᠨ ᠤ ᠬᠠᠭᠤᠳᠠᠰᠤ︾ ᠶᠢᠨ ᠦᠷ᠎ᠡ | ᠪᠦᠲᠦᠭᠡᠯ ᠪᠣᠯᠣᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠢᠳᠪᠦᠷᠢᠲᠦ ᠢᠯᠠᠯᠲᠠ ᠶᠢ ᠲᠡᠮᠡᠴᠡᠨ | ᠣᠯᠵᠤ᠂ ᠡᠷᠡᠮᠡᠬᠡᠶᠢᠯᠡᠨ ᠤᠷᠤᠭᠰᠢᠯᠠᠬᠤ ᠳᠤ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ | ᠡᠷᠬᠢᠮᠯᠡᠵᠦ᠂ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠠᠮᠠᠭᠠᠯᠠᠨ᠂ ︽ᠬᠤᠶᠠᠷ ᠢ | ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠶᠢ ᠰᠠᠯᠤᠯ ᠦᠭᠡᠢ ᠲᠠᠭᠠᠨ | ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ᠂ | ᠳᠤᠮᠳᠠ ᠲᠦᠪᠰᠢᠨ ᠳᠤ ᠣᠷᠣᠬᠤ︾ ᠳᠡᠭᠡᠷ᠎ᠡ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠨᠠᠨᠳᠢᠨ ᠬᠦᠰᠡᠯ ᠡᠷᠡᠮᠡᠯᠵᠡᠯ ᠢ ᠠᠯᠬᠤᠮ ᠠᠯᠬᠤᠮ ᠢᠶᠠᠷ ᠰᠠᠶᠢᠨ | ᠰᠠᠶᠢᠬᠠᠨ ᠪᠣᠳᠠᠲᠤ ᠠᠬᠤᠢ ᠪᠤᠯᠭᠠᠵᠤ ᠬᠤᠪᠢᠷᠠᠭᠤᠯᠬᠤ ᠬᠡᠷᠡᠭᠲᠡᠢ᠃ | ᠶᠡᠭᠡ ᠶᠣᠰᠣ ᠶᠢ ᠬᠡᠯᠡᠬᠦᠢ ᠳᠤᠷ ᠲᠦᠭᠦᠮ ᠠᠳᠠᠯ᠎ᠠ ᠪᠣᠳᠠᠲᠠᠢ ᠠᠵᠢᠯᠯᠠᠬᠤ ᠪᠠᠷ ᠭᠤᠣᠯ ᠪᠤᠯᠭᠠᠮᠤᠢ; | ᠬᠠᠷᠠᠯᠲᠠ ᠲᠣᠳᠣᠷᠬᠠᠢ ᠪᠣᠯᠵᠤ᠂ ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠪᠣᠳᠠᠲᠠᠢ ᠠᠵᠢᠯᠯᠠᠬᠤ ᠪᠣᠯ | ᠬᠠᠮᠤᠭ ᠤᠨ ᠰᠠᠶᠢᠨ ᠡᠭᠦᠷᠭᠡᠯᠡᠯ ᠮᠥᠨ᠂ ᠨᠠᠶᠢᠳᠠᠪᠤᠷᠢᠵᠢᠭᠤᠯᠬᠤ ᠪᠣᠯ ᠬᠠᠮᠤᠭ ᠤᠨ ᠰᠠᠶᠢᠨ ᠭᠠᠷᠤᠭ᠎ᠠ ᠮᠥᠨ᠃ | ᠣᠷᠣᠨ ᠳᠠᠶᠠᠭᠠᠷ ᠢᠶᠠᠨ ᠡᠷᠡᠮᠡᠬᠡᠶᠢᠯᠡᠨ ᠤᠷᠤᠭᠰᠢᠯᠠᠵᠤ᠂ ᠪᠣᠭᠤᠮᠲᠠ ᠰᠢᠪᠲᠤᠯᠬᠤ ᠡᠷᠴᠢ ᠵᠣᠷᠢᠭ᠂ ᠬᠠᠳᠠᠨ ᠵᠣᠷᠢᠭ᠂ | ᠬᠦᠴᠦᠨ ᠴᠢᠳᠠᠯ ᠢᠶᠠᠨ ᠡᠭᠦᠷᠢᠳᠡ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠲᠡᠶᠢᠰᠢ ᠴᠤᠴᠠᠯᠲᠠ ᠦᠭᠡᠢ | ᠤᠷᠤᠭᠰᠢᠯᠠᠨ᠂ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ ᠡᠷᠡᠰ ᠰᠢᠭᠤᠷᠬᠠᠢ ᠠᠬᠢᠭᠤᠯᠵᠤ᠂ ᠠᠷᠭ᠎ᠠ ᠪᠦᠭᠦᠨ ᠢ | ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠢᠢᠳᠪᠦᠷᠢᠯᠡᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠪᠣᠳᠠᠲᠤ ᠦᠷ᠎ᠡ ᠪᠦᠲᠦᠮᠵᠢ ᠣᠯᠵᠤ | ᠪᠣᠳᠠᠲᠤ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠪᠣᠳᠠᠲᠠᠢ ᠬᠢᠬᠦ ᠶᠢ ᠲᠡᠷᠢᠭᠦᠨ ᠳᠤ ᠲᠠᠯᠪᠢᠵᠤ᠂ | ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠳᠤᠵᠦ᠂ ᠬᠠᠷᠢᠭᠤᠴᠠᠯᠭ᠎ᠠ ᠪᠠᠨ ᠪᠡᠶ᠎ᠡ ᠳᠡᠭᠡᠨ ᠡᠭᠦᠷᠭᠡᠯᠡᠵᠦ᠂ | ᠬᠠᠷᠢᠭᠤᠴᠠᠯᠭ᠎ᠠ ᠪᠠᠨ ᠭᠦᠢᠴᠡᠳᠬᠡᠵᠦ᠂ ︽ᠬᠦᠴᠦᠯᠡᠨ ᠴᠢᠷᠮᠠᠶᠢᠵᠤ ᠪᠠᠶᠢᠭᠠᠳ ᠬᠦᠰᠡᠯ ᠵᠣᠷᠢᠯᠲᠠ ᠪᠠᠨ ᠪᠡᠶᠡᠯᠡᠭᠦᠯᠬᠦ︾ | ᠵᠣᠷᠢᠭ ᠰᠠᠨᠠᠭ᠎ᠠ ᠪᠠᠷ ︽ᠬᠥᠮᠥᠨ ᠨᠢᠭᠡ ᠬᠤᠪᠢ ᠴᠢᠷᠮᠠᠶᠢᠪᠠᠯ ᠪᠢ ᠠᠷᠪᠠᠨ ᠬᠤᠪᠢ ᠴᠢᠷᠮᠠᠶᠢᠵᠤ᠂ ᠬᠥᠮᠥᠨ ᠠᠷᠪᠠᠨ | ᠬᠤᠪᠢ ᠴᠢᠷᠮᠠᠶᠢᠪᠠᠯ ᠪᠢ ᠵᠠᠭᠤᠨ ᠬᠤᠪᠢ ᠴᠢᠷᠮᠠᠶᠢᠵᠤ︾᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ | ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ | ᠶᠢ ᠭᠦᠨᠵᠡᠭᠡᠢ ᠥᠷᠨᠢᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠶᠢᠨ ᠰᠢᠨ᠎ᠡ ᠪᠠᠶᠢᠳᠠᠯ ᠢ | ᠨᠡᠭᠡᠭᠡᠵᠦ᠂ ᠵᠣᠷᠢᠭᠲᠠᠢ ᠪᠠᠷ ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠬᠥᠭᠵᠢᠯᠲᠡ ᠶᠢᠨ ᠱᠠᠲᠤ ᠶᠢ ᠳᠡᠪᠢᠰᠬᠦ | ᠬᠡᠷᠡᠭᠲᠡᠢ᠃ | ᠰᠢᠨ᠎ᠡ ᠠᠶᠠᠨ ᠰᠢᠨ᠎ᠡ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠰᠢᠨ᠎ᠡ ᠡᠭᠦᠷᠭᠡ ᠬᠠᠷᠢᠭᠤᠴᠠᠯᠭ᠎ᠠ | ᠰᠢᠨ᠎ᠡ ᠵᠢᠳᠬᠦᠯ ᠴᠢᠷᠮᠠᠶᠢᠯᠭ᠎ᠠ ᠶᠢ ᠤᠷᠢᠶᠠᠯᠠᠵᠤ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠪᠣᠯ ᠮᠠᠨ ᠤ ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ | ᠪᠠᠶᠢᠭᠤᠯᠤᠯ ᠤᠨ ᠠᠴᠢᠶᠠᠯᠠᠪᠤᠷᠢ ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ | ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠭᠡᠯᠪᠡᠷᠢ ᠮᠥᠨ᠃ ᠳᠤᠮᠳᠠᠳᠤ ᠤᠯᠤᠰ ᠤᠨ ᠮᠠᠶ᠋ᠢᠭ | ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠤ ᠦᠢᠯᠡᠳᠦᠯ ᠢ ᠭᠦᠢᠴᠡᠳ ᠪᠠᠳᠠᠷᠠᠭᠤᠯᠬᠤ ᠴᠢᠬᠤᠯᠠᠲᠠᠢ᠂ ᠡᠯ᠎ᠡ ᠲᠠᠯ᠎ᠠ ᠶᠢᠨ ᠬᠢᠨ ᠢᠳᠡᠪᠬᠢᠲᠡᠢ | ᠣᠷᠣᠯᠴᠠᠵᠤ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠬᠦ ᠴᠢᠬᠤᠯᠠᠲᠠᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠷᠠᠭᠤ | ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ | ᠪᠠᠶᠢᠷᠢᠯᠠᠭᠤᠯᠤᠯᠲᠠ ᠪᠠ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠲᠠᠢ ᠨᠠᠩ ᠰᠠᠶᠢᠲᠤᠷ | ᠣᠶᠢᠷᠠᠲᠤᠵᠤ᠂ ᠠᠷᠠᠳ ᠤᠨ ᠪᠠᠶᠢᠳᠠᠯ ᠢ ᠨᠠᠩ ᠰᠠᠶᠢᠲᠤᠷ ᠣᠶᠢᠯᠠᠭᠠᠵᠤ᠂ ᠠᠷᠠᠳ ᠤᠨ ᠣᠶᠤᠨ ᠤᠬᠠᠭᠠᠨ ᠢ ᠨᠠᠩ | ᠰᠠᠶᠢᠲᠤᠷ ᠨᠢᠭᠲᠠᠷᠠᠭᠤᠯᠵᠤ᠂ ᠠᠷᠠᠳ ᠤᠨ ᠠᠮᠢᠳᠤᠷᠠᠯ ᠳᠤ ᠨᠠᠩ ᠰᠠᠶᠢᠲᠤᠷ ᠠᠰᠢᠭ ᠬᠦᠷᠲᠡᠭᠡᠬᠦ ᠬᠡᠷᠡᠭᠲᠡᠢ᠃ ᠥᠷᠭᠡᠨ | ᠤᠯᠠᠨ ᠺᠠᠳ᠋ᠷ ᠤᠯᠠᠨ ᠲᠦᠮᠡᠨ ᠳᠤᠤᠭᠠᠷᠪᠠᠯ ᠲᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠪᠠᠶᠢᠵᠤ᠂ | ᠬᠠᠷᠠᠯᠲᠠ ᠪᠠᠨ ᠪᠠᠲᠤ ᠡᠵᠡᠮᠳᠡᠨ᠂ ᠰᠠᠶᠢᠨ ᠬᠡᠷᠡᠭᠵᠢᠭᠦᠯᠦᠭᠴᠢ᠂ ᠰᠠᠶᠢᠨ ᠠᠵᠢᠯᠯᠠᠭᠴᠢ᠂ ᠪᠣᠳᠠᠲᠠᠢ ᠠᠵᠢᠯᠯᠠᠭᠴᠢ | ᠪᠤᠯᠬᠤ ᠬᠡᠷᠡᠭᠲᠡᠢ᠃ ᠡᠯ᠎ᠡ ᠲᠠᠯ᠎ᠠ ᠶᠢᠨ ᠠᠵᠢᠯ ᠤᠨ ᠡᠷᠴᠢ ᠵᠣᠷᠢᠭ ᠢ ᠬᠥᠭᠵᠢᠭᠡᠵᠦ᠂ ᠵᠢᠵᠢᠭ ᠰᠠᠵᠢᠭ ᠵᠦᠢᠯ ᠢ | ᠴᠢᠷᠮᠠᠶᠢᠨ ᠬᠤᠷᠠᠮᠳᠤᠭᠤᠯᠵᠤ ᠠᠤᠭ᠎ᠠ ᠶᠡᠭᠡ ᠬᠦᠴᠦᠨ ᠪᠤᠯᠭᠠᠵᠤ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠨ | ᠠᠵᠢᠯᠯᠠᠪᠠᠯ ᠦᠨᠡᠨ ᠪᠣᠳᠠᠲᠠᠢ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠢᠶᠠᠨ ᠥᠪᠥᠷ ᠮᠣᠩᠭᠤᠯ ᠤᠨ | ᠬᠥᠭᠵᠢᠯᠲᠡ ᠶᠢ ᠨᠡᠩ ᠲᠦᠷᠭᠡᠨ ᠨᠡᠩ ᠰᠠᠶᠢᠨ ᠪᠤᠯᠭᠠᠵᠤ᠂ ᠰᠢᠨ᠎ᠡ ᠲᠡᠮᠡᠴᠡᠯ ᠢᠶᠠᠷ ᠰᠢᠨ᠎ᠡ ᠭᠠᠶᠢᠬᠠᠮᠰᠢᠭ ᠢ ᠡᠭᠦᠳᠴᠦ | ᠴᠢᠳᠠᠨ᠎ᠠ᠃ | ᠳᠠᠷᠪᠠᠭᠤᠯ ᠬᠡᠶᠢᠰᠬᠡᠨ ᠠᠶᠠᠨ ᠳᠠᠭᠠᠨ ᠮᠣᠷᠳᠠᠬᠤᠶ᠎ᠠ ᠢᠷᠡᠭᠡᠳᠦᠢ ᠬᠦᠰᠡᠯ ᠡᠷᠡᠮᠡᠯᠵᠡᠯ ᠢᠶᠠᠷ ᠳᠦᠭᠦᠷᠡᠩ᠃ | ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠥᠪᠥᠷ ᠮᠣᠩᠭᠤᠯ ᠢᠶᠠᠨ ᠰᠠᠶᠢᠲᠤᠷ ᠪᠦᠲᠦᠭᠡᠨ | ᠪᠠᠶᠢᠭᠤᠯᠵᠤ᠂ ᠰᠠᠶᠢᠲᠤᠷ ᠬᠥᠭᠵᠢᠭᠦᠯᠬᠦ ᠨᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ | ᠶᠢᠨ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠥᠪᠥᠷ ᠮᠣᠩᠭᠤᠯ ᠤᠨ 2400 ᠲᠦᠮᠡᠨ ᠳᠤᠮᠳᠠᠳᠤ ᠶᠢᠨ ᠬᠥᠪᠡᠭᠦᠳ | ᠥᠬᠢᠳ ᠤᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠭᠳᠠᠵᠤ᠂ | ᠴᠢᠷᠮᠠᠶᠢᠨ ᠠᠵᠢᠯᠯᠠᠬᠤ ᠶᠢ ᠯᠡ ᠱᠠᠭᠠᠷᠳᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ᠂ ᠴᠢᠨᠡᠭᠡ ᠪᠠᠷ ᠢᠶᠠᠨ ᠴᠢᠷᠮᠠᠶᠢᠨ ᠨᠡᠬᠡᠵᠦ᠂ ᠪᠦᠭᠦ ᠬᠦᠴᠦ ᠪᠠᠨ | ᠰᠢᠪᠬᠠᠨ ᠤᠷᠤᠭᠰᠢᠯᠠᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠡᠭᠡᠷ᠎ᠡ ᠨᠠᠩ ᠰᠠᠶᠢᠨ ᠬᠢᠷᠢ | ᠪᠦᠲᠦᠮᠵᠢ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠭᠤᠶᠢᠳᠠ ᠰᠠᠶᠢᠬᠠᠨ ᠪᠢᠴᠢᠭᠯᠡᠰᠦᠭᠡᠢ᠃ | |