| - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠨᠢᠭᠡᠨᠲᠡ | ᠥᠭᠦᠯᠡᠬᠦ ᠨᠢ | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | | ᠬᠥᠭᠵᠢᠯᠲᠡ ᠶᠢ ᠠᠬᠢᠭᠤᠯᠬᠤ ᠳᠤ ᠥᠷᠯᠥᠭᠡ ᠦᠳᠡᠰᠢ ᠶᠢ ᠲᠡᠮᠡᠴᠡᠬᠦ ᠬᠡᠷᠡᠭᠲᠡᠢ᠂ ᠰᠠᠶᠢᠨ ᠤᠬᠠᠭᠠᠯᠠᠨ | ᠲᠥᠯᠥᠪᠯᠡᠭᠡ ᠶᠢ ᠨᠠᠶᠢᠳᠠᠪᠤᠷᠢᠵᠢᠭᠤᠯᠬᠤ ᠳᠤ ᠪᠤᠢ᠃ ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ | ᠬᠤᠶᠠᠷ ᠬᠤᠷᠠᠯ ᠨᠢ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠰᠢᠨ᠎ᠡ | ᠨᠢᠭᠡ ᠵᠢᠯ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠨ᠂ ᠦᠷᠭᠦᠯᠵᠢᠯᠡᠨ ᠲᠡᠮᠡᠴᠡᠬᠦ | ᠬᠠᠩᠭᠢᠨᠠᠮ᠎ᠠ ᠪᠦᠷᠢᠶ᠎ᠡ ᠶᠢ ᠬᠠᠩᠭᠢᠨᠠᠭᠤᠯᠪᠠ᠃ ᠪᠦᠭᠦ ᠣᠷᠣᠨ ᠤ ᠡᠯ᠎ᠡ ᠱᠠᠲᠤᠨ ᠤ ᠬᠢᠨ ᠳᠠᠷᠤᠶᠢᠬᠠᠨ ᠬᠥᠳᠡᠯᠦᠯᠴᠡᠵᠦ᠂ | ᠳᠠᠷᠤᠢ ᠲᠦᠷᠭᠡᠨ ᠠᠵᠢᠯᠯᠠᠨ᠂ ᠪᠤᠰᠢᠭᠤ ᠲᠦᠷᠭᠡᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠨ᠂ | ᠴᠢᠩᠭ᠎ᠠ ᠠᠳᠬᠤᠨ ᠲᠦᠷᠭᠡᠨ ᠭᠦᠢᠴᠡᠳᠬᠡᠵᠦ ᠬᠥᠭᠵᠢᠯᠲᠡ ᠶᠢ ᠡᠷᠢᠯᠬᠢᠯᠡᠨ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠠᠶᠢᠭᠠᠳ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ | ᠣᠯᠵᠤ ᠰᠢᠨ᠎ᠡ ᠳᠠᠪᠠᠯᠲᠠ ᠭᠠᠷᠬᠤ ᠶᠢ ᠪᠡᠶᠡᠯᠡᠭᠦᠯᠬᠦ ᠬᠡᠷᠡᠭᠲᠡᠢ᠃ | ᠠᠵᠢᠯ ᠶᠠᠪᠤᠳᠠᠯ ᠢ ᠳᠠᠷᠤᠢ ᠲᠦᠷᠭᠡᠨ ᠭᠦᠢᠴᠡᠳᠬᠡᠬᠦ ᠨᠢ ᠡᠷᠬᠢᠮ᠃ ᠪᠤᠰᠢᠭᠤ ᠲᠦᠷᠭᠡᠨ ᠬᠥᠳᠡᠯᠦᠯᠴᠡᠵᠦ | ᠨᠠᠶᠢᠳᠠᠪᠤᠷᠢᠵᠢᠭᠤᠯᠤᠯᠲᠠ ᠶᠢ ᠠᠳᠬᠤᠬᠤ ᠨᠢ ᠤᠴᠢᠷ ᠶᠠᠪᠤᠳᠠᠯ ᠢ ᠪᠦᠲᠦᠭᠡᠵᠦ᠂ ᠠᠵᠢᠯ ᠢᠶᠠᠨ ᠰᠠᠶᠢᠲᠤᠷ ᠬᠢᠬᠦ ᠶᠢᠨ | ᠵᠠᠩᠭᠢᠯᠠᠭ᠎ᠠ ᠮᠥᠨ᠃ ᠣᠳᠣᠬᠠᠨ ᠳᠤ᠂ ᠥᠪᠥᠷ ᠮᠣᠩᠭᠤᠯ ᠳᠤ ᠲᠦᠷᠭᠡᠨ ᠬᠥᠭᠵᠢᠬᠦ ᠬᠠᠨᠳᠤᠰᠢ ᠢᠯᠡᠷᠡᠵᠦ᠂ | ᠪᠣᠬᠢᠷᠳᠤᠯ ᠦᠭᠡᠢ ᠬᠥᠭᠵᠢᠭᠦᠯᠬᠦ ᠴᠢᠳᠠᠪᠤᠷᠢ ᠪᠠ ᠲᠡᠰ ᠳᠡᠭᠡᠭᠰᠢᠯᠡᠨ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠭᠤᠷ ᠠᠮᠢᠰᠬᠤᠯ ᠥᠳᠬᠡᠷᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠦᠨ᠂ ᠰᠣᠶᠣᠯ ᠤᠨ | ᠪᠠᠶᠢᠭᠤᠯᠤᠯᠲᠠ ᠶᠢᠨ ᠭᠠᠷᠳᠠᠴᠠ ᠪᠣᠳᠠᠲᠠᠶᠢᠵᠢᠵᠤ᠂ ᠥᠭᠡᠳᠡᠯᠡᠨ ᠰᠠᠶᠢᠵᠢᠷᠠᠵᠤ ᠪᠠᠶᠢᠭ᠎ᠠ ᠪᠠᠶᠢᠳᠠᠯ ᠬᠥᠮᠥᠰ ᠢ | ᠤᠷᠮᠠᠰᠢᠭᠤᠯᠤᠨ᠂ ᠤᠷᠤᠭᠰᠢᠯᠠᠨ ᠲᠠᠪᠰᠢᠬᠤ ᠶᠢ ᠵᠣᠷᠢᠭᠵᠢᠭᠤᠯᠵᠤ ᠪᠠᠶᠢᠨ᠎ᠠ᠃ ᠰᠠᠶᠢᠨ ᠰᠠᠶᠢᠬᠠᠨ ᠬᠥᠭᠵᠢᠯᠲᠡ ᠶᠢᠨ | ᠬᠠᠨᠳᠤᠰᠢ ᠶᠢ ᠪᠠᠲᠤᠯᠠᠵᠤ᠂ ᠬᠢᠵᠠᠭᠠᠷ ᠦᠭᠡᠢ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠬᠦ ᠳᠤ᠂ ᠣᠷᠣᠨ | ᠳᠠᠶᠠᠭᠠᠷ ᠡᠷᠴᠢ ᠵᠣᠷᠢᠭ ᠢᠶᠠᠨ ᠬᠥᠪᠴᠢᠯᠡᠨ ᠠᠶᠠᠨ ᠳᠠᠭᠠᠨ ᠳᠠᠭᠢᠨ ᠮᠣᠷᠳᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠨ᠂ ᠴᠤᠴᠠᠯᠲᠠ ᠦᠭᠡᠢ ᠤᠷᠤᠭᠰᠢᠯᠠᠨ | ᠴᠢᠨᠠᠷ ᠰᠠᠶᠢᠲᠠᠢ ᠬᠥᠭᠵᠢᠯᠲᠡ ᠲᠡᠶᠢᠰᠢ ᠡᠷᠡᠮᠡᠬᠡᠶᠢᠯᠡᠨ ᠤᠷᠤᠭᠰᠢᠯᠠᠵᠤ᠂ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ | ᠡᠷᠡᠰ ᠭᠤᠶᠢᠪᠢᠰᠢ ᠦᠭᠡᠢ ᠠᠬᠢᠭᠤᠯᠤᠨ᠂ ᠠᠷᠭ᠎ᠠ ᠪᠦᠭᠦᠨ ᠢ ᠰᠦᠪᠡᠭᠴᠢᠯᠡᠨ ᠣᠯᠠᠨ ᠲᠦᠮᠡᠨ ᠤ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠦᠨᠡᠨ ᠬᠦ ᠠᠳᠬᠤᠨ ᠪᠣᠳᠠᠲᠠᠢ | ᠠᠵᠢᠯᠯᠠᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠪᠣᠳᠠᠲᠤ ᠠᠮᠵᠢᠯᠲᠠ ᠪᠦᠲᠦᠮᠵᠢ ᠣᠯᠵᠤ᠂ ᠯᠠᠪᠳᠠᠭᠤᠨ | ᠪᠠᠲᠤᠲᠠᠢ ᠪᠠᠷ ᠰᠠᠶᠢᠨ ᠤᠬᠠᠭᠠᠯᠠᠨ ᠲᠥᠯᠥᠪᠯᠡᠭᠡ ᠶᠢ ᠴᠠᠭᠠᠰᠤᠨ ᠳᠡᠭᠡᠷ᠎ᠡ ᠠᠴᠠ ᠪᠣᠳᠠᠲᠠᠢ ᠨᠠᠶᠢᠳᠠᠪᠤᠷᠢᠵᠢᠭᠤᠯᠤᠨ᠂ | ᠰᠠᠶᠢᠨ ᠪᠠᠶᠢᠷᠢᠯᠠᠭᠤᠯᠤᠯᠲᠠ ᠶᠢ ᠬᠤᠷᠠᠯ ᠤᠨ ᠲᠠᠯᠠᠪᠠᠶ ᠠᠴᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠠᠵᠢᠯ ᠦᠢᠯᠡᠰ ᠤᠨ ᠬᠤᠷᠳᠤᠴᠠ ᠪᠠᠨ ᠲᠦᠷᠭᠡᠳᠬᠡᠵᠦ᠂ ᠰᠢᠨ᠎ᠡ ᠥᠨᠳᠥᠷᠴᠡ ᠲᠠᠢ ᠪᠤᠯᠬᠤ ᠶᠢ ᠠᠬᠢᠭᠤᠯᠬᠤ ᠬᠡᠷᠡᠭᠲᠡᠢ | ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠢᠩᠭᠠᠨ ᠵᠦᠢᠯ ᠲᠦᠮᠡᠨ ᠵᠤᠷᠪᠤᠰ ᠪᠠᠶᠢᠵᠤ᠂ | ᠭᠤᠣᠯᠳᠠᠯᠭ᠎ᠠ ᠶᠢ ᠡᠵᠡᠮᠰᠢᠵᠦ ᠵᠠᠩᠭᠢᠯᠠᠭ᠎ᠠ ᠶᠢ ᠠᠳᠬᠤᠪᠠᠯ ᠰᠠᠶ᠋ᠢ ᠲᠡᠷᠢᠭᠦᠨ ᠤ ᠰᠢᠲᠠᠷ᠎ᠠ ᠶᠢ ᠰᠠᠶᠢᠲᠤᠷ ᠲᠠᠯᠪᠢᠵᠤ᠂ | ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ ᠴᠢᠳᠠᠨ᠎ᠠ᠃ ᠭᠠᠪᠰᠢᠭᠠᠢ ᠲᠦᠷᠭᠡᠨ ᠬᠥᠳᠡᠯᠦᠯᠴᠡᠵᠦ | ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ | ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠬᠤᠶᠠᠷ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ | ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ | ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠳᠤᠷᠠᠳᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠣᠳᠣᠯᠬᠢᠯᠠᠨ᠂ 11 ᠲᠠᠯ᠎ᠠ ᠶᠢᠨ | ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠪᠢᠳᠡᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ᠂ | ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠡᠷᠢᠯᠬᠢᠯᠡᠬᠦ ᠳᠤ ᠭᠤᠣᠯ ᠰᠢᠪᠲᠤᠯᠬᠤ ᠴᠢᠭᠯᠡᠯ ᠢ | ᠲᠣᠳᠣᠷᠬᠠᠶᠢᠯᠠᠵᠤ᠂ ᠦᠢᠯᠡᠳᠦᠯᠭᠡ ᠶᠢᠨ ᠠᠷᠭ᠎ᠠ ᠵᠠᠮ ᠢ ᠵᠢᠭᠠᠵᠤ ᠥᠭᠴᠡᠢ᠃ ᠣᠷᠣᠨ ᠳᠠᠶᠠᠭᠠᠷ ᠢᠶᠠᠨ ᠬᠠᠮᠲᠤ ᠪᠠᠷ | ᠴᠢᠷᠮᠠᠶᠢᠨ ᠠᠵᠢᠯᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠦᠴᠦ ᠪᠠᠨ ᠬᠠᠮᠲᠤᠳᠬᠠᠨ ᠤᠷᠤᠭᠰᠢᠯᠠᠵᠤ᠂ ᠴᠠᠭ | ᠮᠥᠴᠡ ᠠᠵᠠ ᠲᠣᠭᠢᠶᠠᠯ ᠢ ᠠᠮᠵᠢᠵᠤ᠂ ᠤᠬᠠᠭᠠᠯᠠᠨ ᠲᠥᠯᠥᠪᠯᠡᠭᠡ ᠪᠠᠨ ᠠᠵᠢᠯᠯᠠᠭ᠎ᠠ ᠪᠣᠯᠭᠠᠨ ᠬᠤᠪᠢᠷᠠᠭᠤᠯᠬᠤ ᠶᠢ | ᠲᠦᠷᠭᠡᠳᠬᠡᠵᠦ᠂ ᠠᠵᠢᠯᠯᠠᠭ᠎ᠠ ᠪᠠᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠬᠡᠳᠦᠢ ᠤᠯᠠᠨ ᠠᠷᠭ᠎ᠠ ᠪᠠᠶᠢᠭᠰᠠᠨ ᠴᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠭᠡᠢ ᠪᠣᠯ | ᠬᠤᠭᠤᠰᠤᠨ ᠠᠷᠭ᠎ᠠ ᠲᠡᠳᠦᠢ ᠪᠣᠯᠣᠨ᠎ᠠ︔ ᠬᠡᠳᠦᠢ ᠶᠠᠭᠠᠷᠠᠤ ᠠᠵᠢᠯᠯᠠᠭᠰᠠᠨ ᠴᠤ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠦᠭᠡᠢ ᠪᠣᠯ ᠲᠠᠯᠠᠭᠠᠷ ᠶᠠᠭᠠᠷᠠᠨ᠎ᠠ᠃ ᠬᠥᠭᠵᠢᠯᠲᠡ ᠶᠢᠨ ᠠᠵᠠ ᠲᠣᠭᠢᠶᠠᠯ ᠪᠣᠯ ᠣᠯᠳᠠᠬᠤᠶ᠎ᠠ ᠪᠡᠷᠬᠡ ᠶᠤᠮ᠂ | ᠪᠠᠭ᠎ᠠ ᠯᠠ ᠰᠤᠯᠠᠷᠠᠭᠤᠯᠪᠠᠯ ᠥᠩᠭᠡᠷᠡᠴᠢᠬᠡᠨᠡ᠂ ᠬᠡᠷᠬᠢᠨ ᠵᠠᠭᠤᠨ ᠣᠩᠭᠤᠴᠠ ᠥᠷᠢᠰᠦᠯᠳᠦᠬᠦ ᠤᠷᠤᠯᠳᠤᠭᠠᠨ ᠤ ᠵᠠᠮ | ᠳᠡᠭᠡᠷ᠎ᠡ ᠦᠷᠭᠦᠯᠵᠢᠯᠡᠨ ᠲᠡᠷᠢᠭᠦᠨ ᠤ ᠪᠠᠶᠢᠷᠢ ᠶᠢ ᠲᠡᠮᠡᠴᠡᠨ ᠣᠯᠬᠤ ᠪᠤᠢ︖ ᠬᠡᠷᠬᠢᠨ ᠮᠢᠩᠭᠠᠨ ᠳᠠᠷᠪᠠᠭᠤᠯ | ᠮᠥᠷᠥᠶᠢᠴᠡᠬᠦ ᠲᠡᠮᠡᠴᠡᠭᠡᠨ ᠳᠤ ᠦᠷᠭᠦᠯᠵᠢᠯᠡᠨ ᠳᠠᠪᠠᠵᠤ ᠭᠠᠷᠬᠤ ᠪᠤᠢ︖ᠴᠥᠮ ᠦᠨᠡᠨ ᠬᠦ ᠠᠳᠬᠤᠵᠤ ᠪᠣᠳᠠᠲᠠᠢ | ᠠᠵᠢᠯᠯᠠᠵᠤ᠂ ᠱᠠᠯᠠᠪᠳᠠᠨ ᠲᠦᠷᠭᠡᠨ ᠬᠢᠬᠦ ᠠᠴᠠ ᠰᠠᠯᠵᠤ ᠴᠢᠳᠠᠬᠤ ᠦᠭᠡᠢ ᠶᠤᠮ᠃ ᠪᠤᠰᠢᠭᠤ ᠲᠦᠷᠭᠡᠨ | ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ᠂ ᠬᠡᠯᠡᠵᠦ ᠦᠢᠯᠡᠳᠦᠯᠭᠡᠵᠢᠭᠦᠯᠬᠦ ᠨᠢ ᠭᠤᠣᠯ᠂ ᠴᠢᠨᠠᠷ | ᠰᠠᠶᠢᠲᠠᠢ ᠥᠨᠳᠥᠷ ᠪᠦᠲᠦᠮᠵᠢᠲᠡᠢ ᠪᠠᠶᠢᠬᠤ ᠨᠢ ᠵᠠᠩᠭᠢᠯᠠᠭ᠎ᠠ ᠪᠣᠯᠣᠨ᠎ᠠ᠃ ᠡᠯ᠎ᠡ ᠱᠠᠲᠤ ᠡᠯ᠎ᠡ ᠭᠠᠵᠠᠷ ᠤᠨ ᠬᠢᠨ ︽ | ᠲᠦᠷᠭᠡᠨ ᠬᠥᠳᠡᠯᠦᠯᠴᠡᠬᠦ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠠᠭ ᠮᠥᠴᠡ ᠪᠣᠯ ᠵᠣᠭᠤᠰ ᠮᠥᠩᠭᠦ᠂ | ᠦᠷ᠎ᠡ ᠪᠦᠲᠦᠮᠵᠢ ᠪᠣᠯ ᠠᠮᠢ ᠨᠠᠰᠤ ᠭᠡᠳᠡᠭ ᠢ ᠪᠠᠲᠤ ᠴᠡᠭᠡᠵᠢᠯᠡᠵᠦ᠂ ︽ᠡᠷᠲᠡᠯᠡᠬᠦ︾ ᠰᠡᠳᠬᠢᠴᠡ᠂ ︽ | ᠬᠤᠷᠳᠤᠴᠠ ᠪᠠᠨ ᠲᠦᠷᠭᠡᠳᠬᠡᠬᠦ︾ ᠣᠪᠣᠷ ᠪᠠᠶᠢᠳᠠᠯ᠂ ︽ᠨᠡᠬᠡᠵᠦ ᠭᠦᠢᠴᠡᠬᠦ︾ ᠵᠣᠷᠢᠭ ᠢᠶᠠᠷ ᠡᠯ᠎ᠡ ᠵᠦᠢᠯ ᠤᠨ | ᠠᠵᠢᠯ ᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ᠃ ᠣᠷᠣᠨ ᠳᠠᠶᠠᠭᠠᠷ ᠢᠶᠠᠨ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ | ᠲᠡᠮᠡᠴᠡᠬᠦ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠵᠦ᠂ ᠲᠦᠷᠭᠡᠨ | ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠳᠠᠷᠤᠶᠢᠬᠠᠨ ᠠᠳᠬᠤᠵᠤ᠂ ᠠᠬᠢᠴᠠ ᠶᠢ ᠴᠠᠭ ᠲᠤᠬᠠᠢ ᠳᠤᠨᠢ ᠮᠡᠳᠡᠭᠦᠯᠵᠦ | ᠂ ᠴᠠᠭ ᠮᠥᠴᠡ ᠲᠠᠢ ᠤᠷᠤᠯᠳᠤᠨ ᠤᠴᠢᠷ ᠶᠠᠪᠤᠳᠠᠯ᠂ ᠠᠵᠢᠯ ᠪᠣᠯᠭᠠᠨ ᠢ ᠰᠠᠶᠢᠲᠤᠷ ᠬᠢᠵᠦ᠂ ᠰᠠᠶᠢᠲᠤᠷ ᠪᠡᠶᠡᠯᠡᠭᠦᠯᠵᠦ | ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ | ︽ᠶᠡᠭᠡ ᠬᠠᠨᠳᠤᠰᠢ ᠶᠢ ᠠᠳᠬᠤᠪᠠᠰᠤ ᠵᠥᠪ ᠠᠮᠣᠢ᠂ ᠵᠠᠪᠰᠢᠶᠠᠨ ᠲᠤᠭᠢᠶᠠᠯ ᠢ ᠠᠯᠳᠠᠵᠤ ᠦᠯᠦ | ᠪᠣᠯᠣᠮᠤᠢ︾᠃ ᠥᠷᠭᠡᠨ ᠤᠯᠠᠨ ᠺᠠᠳ᠋ᠷ ᠤᠯᠠᠨ ᠲᠦᠮᠡᠨ ︽ᠡᠷᠴᠢᠯᠡᠭᠦᠷ︾ ᠢᠶᠠᠨ ᠴᠢᠩᠭᠠᠯᠠᠵᠤ᠂ ︽ᠬᠦᠴᠦᠨ ᠴᠢᠳᠠᠯ | ︾ ᠢᠶᠠᠨ ᠭᠦᠢᠴᠡᠳ ᠪᠠᠳᠠᠷᠠᠭᠤᠯᠵᠤ᠂ ᠪᠤᠰᠢᠭᠤ ᠲᠦᠷᠭᠡᠨ ᠬᠥᠳᠡᠯᠦᠯᠴᠡᠵᠦ ᠨᠠᠶᠢᠳᠠᠪᠤᠷᠢᠵᠢᠭᠤᠯᠬᠤ ᠶᠢ ᠠᠵᠢᠯ ᠤᠨ | ᠡᠬᠢᠨ ᠠᠴᠠ ᠳᠠᠭᠤᠰᠲᠠᠯ᠎ᠠ ᠲᠤᠭᠤᠰᠢᠯᠠᠭᠤᠯᠵᠤ᠂ ᠲᠣᠭᠲᠠᠭᠰᠠᠨ ᠶᠠᠪᠤᠳᠠᠯ ᠢᠶᠠᠨ ᠲᠦᠷᠭᠡᠯᠡᠨ ᠬᠢᠬᠦ᠂ ᠱᠠᠯᠠᠪᠳᠠᠨ | ᠨᠠᠶᠢᠳᠠᠪᠤᠷᠢᠵᠢᠭᠤᠯᠵᠤ᠂ ᠪᠠᠶᠢᠷᠢᠯᠠᠭᠤᠯᠤᠭᠰᠠᠨ ᠠᠵᠢᠯ ᠢᠶᠠᠨ ᠲᠤᠭᠤᠰᠢᠲᠠᠢ ᠠᠳᠬᠤᠵᠤ᠂ ᠦᠷ᠎ᠡ ᠪᠦᠲᠦᠮᠵᠢ | ᠣᠯᠬᠤ ᠳᠤ ᠯᠠ ᠭᠦᠷᠪᠡᠯ ᠳᠠᠷᠤᠢ ᠠᠵᠠ ᠲᠣᠭᠢᠶᠠᠯ ᠢ ᠣᠯᠵᠤ᠂ ᠰᠠᠨᠠᠭᠠᠴᠢᠯᠠᠭᠠᠲᠤ ᠡᠷᠬᠡ ᠶᠢ ᠣᠯᠵᠤ᠂ ᠥᠪᠥᠷ | ᠮᠣᠩᠭᠤᠯ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ | ᠠᠬᠢᠭᠤᠯᠵᠤ ᠴᠢᠳᠠᠨ᠎ᠠ᠃ | |