| | ᠰᠦᠨ ᠱᠤᠤ ᠴᠧᠩ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ | | | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠰᠦᠩ ᠱᠤᠸᠠᠩ︶ 1 ᠰᠠᠷ᠎ᠠ ᠶᠢᠨ 16 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ | ᠲᠠᠩᠬᠢᠮ ᠳᠤ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠯᠢᠨ ᠱᠤᠤ ᠴᠦᠨ ᠬᠤᠷᠠᠯ ᠢ ᠡᠷᠭᠢᠯᠡᠪᠡ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ | ᠳ᠋ᠤᠸᠠᠨ ᡁᠢ ᠴᠢᠶᠠᠩ᠂ ᠠᠢ ᠯᠢ ᠬᠤᠸᠠ᠂ ᠵᠠᠩ ᠪᠠᠢ ᠴᠧᠩ᠂ ᠸᠠᠨ ᠴᠤᠤ ᠴᠢ᠂ ᠸᠠᠩ ᠸᠠᠩ ᠱᠧᠩ᠂ ᠾᠧ ᠸᠧᠢ | ᠬᠤᠸᠠ᠂ ᠵᠧᠦ ᠶᠢᠨ ᠰᠢᠩ᠂ ᠾᠧ ᠬᠠᠢ ᠳ᠋ᠦᠩ᠂ ᠴᠢ᠊ · ᠳᠠᠯᠠᠨᠲᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ | ᠮᠥᠷ ᠲᠤ ᠰᠠᠭᠠᠲᠠᠪᠠ᠃ | ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ᠂ ᠱᠢ ᠭᠤᠸᠠᠩ ᠬᠤᠢ᠂ ᠯᠢᠦ ᠱᠤᠸᠠᠩ᠂ | ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ | ᠴᠢᠶᠠᠩ᠂ ᠯᠢ ᠢᠦᠢ ᠭᠠᠩ᠂ ᠢᠦᠢ ᠯᠢ ᠰᠢᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 532 ᠬᠥᠮᠥᠨ ᠪᠤᠶ᠂ 504 ᠬᠥᠮᠥᠨ ᠲᠣᠰ | ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠵᠠᠩ ᠱᠤᠤ ᠴᠦᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠪᠡ᠃ ᠲᠡᠷᠡ᠂ ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ | ᠭᠦᠨᠵᠡᠭᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ | ᠭᠡᠵᠦ ᠵᠢᠭᠠᠵᠤ ᠭᠠᠷᠭᠠᠵᠠᠢ᠃ | ᠵᠠᠩ ᠱᠤᠤ ᠴᠦᠨ 5 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠭᠤᠣᠯ ᠠᠵᠢᠯ ᠢ ᠡᠷᠭᠢᠴᠡᠭᠦᠯᠪᠡ᠄ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ;ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ᠂ ᠪᠠᠴᠢᠮ ᠬᠡᠷᠡᠭᠰᠡᠬᠦ ᠬᠦᠷᠢᠶᠡᠨ ᠳᠠᠬᠢ ᠬᠠᠤᠯᠢ | ᠲᠣᠭᠲᠠᠭᠠᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ ᠪᠠ ᠪᠠᠲᠤᠯᠠᠬᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠪᠠ;ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ | ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠲᠠᠯᠪᠢᠬᠤ ᠶᠢᠨ ᠠᠯᠪᠠᠳᠠᠯᠭ᠎ᠠ ᠶᠢᠨ ᠴᠢᠨᠠᠷ ᠪᠠ ᠪᠣᠳᠠᠲᠤ ᠦᠷ᠎ᠡ ᠪᠦᠲᠦᠮᠵᠢ ᠶᠢ | ᠲᠠᠰᠤᠷᠠᠯᠲᠠ ᠦᠭᠡᠢ ᠨᠡᠮᠡᠭᠳᠡᠭᠦᠯᠪᠠ;ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ᠂ | ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ ᠪᠠᠲᠤᠯᠡᠪᠠ;︽ᠳᠦᠷᠪᠡᠨ ᠪᠠᠶᠢᠭᠤᠯᠭ᠎ᠠ︾ ᠶᠢᠨ ᠪᠠᠶᠢᠷᠢ | ᠲᠣᠭᠲᠠᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠪᠠ᠃ ᠨᠢᠭᠡ ᠵᠢᠯ ᠤᠨ ᠲᠤᠷᠰᠢ᠂ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠢ ᠨᠡᠶᠢᠲᠡ 9 ᠬᠤᠪᠢ ᠲᠣᠭᠲᠠᠭᠠᠵᠤ᠂ 16 ᠬᠤᠪᠢ ᠬᠠᠤᠯᠢ ᠲᠣᠭᠲᠠᠭᠠᠯ ᠳᠤ ᠵᠠᠰᠠᠪᠤᠷᠢ | ᠣᠷᠣᠭᠤᠯᠬᠤ ᠪᠠ ᠬᠦᠴᠦᠨ ᠦᠭᠡᠢ ᠪᠤᠯᠭᠠᠵᠤ᠂ 76 ᠬᠤᠪᠢ ᠬᠠᠤᠯᠢ ᠲᠣᠭᠲᠠᠭᠠᠯ ᠢ ᠬᠢᠨᠠᠨ ᠪᠠᠶᠢᠴᠠᠭᠠᠵᠤ | ᠵᠥᠪᠰᠢᠶᠡᠷᠡᠪᠡ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 6 ᠤᠳᠠᠭ᠎ᠠ ᠵᠣᠬᠢᠶᠠᠨ ᠪᠠᠶᠢᠭᠤᠯᠵᠤ᠂ 42 | ᠵᠦᠢᠯ ᠤᠨ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 5 ᠤᠳᠠᠭ᠎ᠠ ᠶᠢᠨ ᠲᠤᠰᠬᠠᠢ | ᠰᠡᠳᠦᠪᠲᠦ ᠯᠠᠪᠯᠠᠨ ᠠᠰᠠᠭᠤᠬᠤ᠂ ᠬᠠᠨᠤᠮᠵᠢ ᠲᠠᠢ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠠᠵᠢᠯ ᠢ ᠥᠷᠨᠢᠭᠦᠯᠪᠡ᠃ | 6 ᠬᠤᠪᠢ ᠲᠣᠭᠲᠠᠭᠠᠯ᠂ ᠰᠢᠢᠳᠪᠦᠷᠢ ᠶᠢ ᠨᠡᠶᠢᠲᠡᠯᠡᠪᠡ᠃ | ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ ᠥᠭᠡᠷᠡᠴᠢᠯᠡᠯᠲᠡ ᠶᠢᠨ ᠡᠭᠦᠷᠭᠡ ᠶᠢ ᠠᠵᠢᠯ ᠲᠥᠷᠥᠯ | ᠬᠤᠪᠢᠶᠠᠨ ᠠᠬᠢᠭᠤᠯᠬᠤ ᠶᠢ ᠨᠠᠶᠢᠳᠠᠪᠤᠷᠢᠵᠢᠭᠤᠯᠬᠤ ᠲᠣᠭᠲᠠᠴᠠ︾ ᠶᠢ ᠲᠣᠭᠲᠠᠭᠠᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ | ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠳᠦᠷᠢᠮ︾᠂ ︽ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠢ | ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭᠵᠢᠭᠦᠯᠬᠦ ᠠᠷᠭ᠎ᠠ︾ ᠵᠡᠷᠭᠡ | ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠶᠢ ᠬᠢᠨᠠᠨ ᠬᠠᠷᠭᠤᠭᠤᠯᠬᠤ | ᠤᠷᠢᠳᠠᠯ ᠨᠥᠬᠦᠴᠡᠯ ᠪᠤᠯᠭᠠᠵᠤ᠂ ᠳᠠᠩᠰᠠᠯᠠᠵᠤ ᠬᠢᠨᠠᠨ ᠪᠠᠶᠢᠴᠠᠭᠠᠬᠤ ᠴᠢᠬᠤᠯᠠ ᠠᠭᠤᠯᠭ᠎ᠠ ᠪᠤᠯᠭᠠᠵᠤ᠂ ᠤᠳᠤ ᠶᠢᠨ | ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠪᠦᠭᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠴᠡᠪᠡᠷᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ | ᠶᠢᠨ ᠭᠤᠣᠯ ᠰᠢᠵᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷᠡᠬᠢ ᠳᠠᠪᠬᠤᠷ ᠬᠠᠮ ᠦᠢᠯᠡᠳᠦᠯ ᠢ | ᠭᠦᠢᠴᠡᠳ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 28 ᠵᠤᠷᠪᠤᠰ ᠠᠷᠭ᠎ᠠ | ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠶᠢ ᠲᠣᠭᠲᠠᠭᠠᠵᠤ᠂ ᠳᠦᠷᠢᠮ ᠢᠶᠠᠷ ᠭᠤᠣᠯ | ᠰᠢᠵᠢᠮ ᠤᠨ ᠱᠠᠭᠠᠷᠳᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠪᠦᠭᠦ | ᠲᠠᠯ᠎ᠠ ᠪᠠᠷ ᠲᠤᠭᠤᠰᠢᠯᠠᠭᠤᠯᠬᠤ ᠪᠠ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠭᠰᠠᠨ ᠪᠠᠶᠢᠨ᠎ᠠ᠃ ᠭᠤᠣᠯ ᠠᠵᠢᠯ ᠤᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠵᠡᠷᠭᠡ ᠭᠤᠣᠯᠳᠠᠯᠭ᠎ᠠ ᠲᠠᠢ ᠬᠠᠤᠯᠢ ᠲᠣᠭᠲᠠᠭᠠᠬᠤ ᠡᠭᠦᠷᠭᠡ ᠶᠢ | ᠪᠡᠶᠡᠯᠡᠭᠦᠯᠵᠦ᠂ ᠣᠷᠣᠨ ᠪᠦᠰᠡ ᠬᠠᠮᠵᠢᠯᠴᠠᠨ ᠬᠠᠤᠯᠢ ᠲᠣᠭᠲᠠᠭᠠᠬᠤ ᠶᠢ ᠠᠩᠬ᠎ᠠ ᠤᠳᠠᠭ᠎ᠠ ᠥᠷᠨᠢᠭᠦᠯᠪᠡ᠃ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠲᠤᠬᠠᠢ 6 ᠠᠬᠢᠭᠤᠯᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠭᠰᠡᠨ | ᠪᠠᠶᠢᠳᠠᠯ ᠤᠨ ᠲᠤᠬᠠᠢ ᠬᠢᠨᠠᠯᠲᠠ ᠲᠠᠯᠪᠢᠬᠤ ᠶᠢ ᠥᠷᠨᠢᠭᠦᠯᠬᠦ ᠶᠢᠨ ᠬᠠᠮᠲᠤ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ | ᠬᠠᠮᠲᠤ ᠪᠠᠷ ᠪᠠᠶᠢᠴᠠᠭᠠᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ | ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ | ᠠᠷᠭ᠎ᠠ ᠭᠡᠯᠪᠡᠷᠢ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠲᠠᠯᠪᠢᠬᠤ ᠠᠯᠪᠠᠳᠠᠯᠭ᠎ᠠ ᠶᠢᠨ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ | ᠃ ᠲᠥᠯᠥᠭᠡᠯᠡᠭᠴᠢᠳ ᠤᠨ ᠤᠯᠤᠰ ᠲᠥᠷᠥ᠂ ᠦᠵᠡᠯ ᠰᠠᠨᠠᠭ᠎ᠠ᠂ ᠰᠤᠷᠲᠠᠯ ᠤᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠲᠥᠯᠥᠭᠡᠯᠡᠭᠴᠢᠳ ᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠦᠷᠦᠭᠦᠯᠡᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠥᠲᠥᠯᠥᠨ ᠵᠢᠯᠣᠭᠤᠳᠪᠠ᠃ ᠳᠥᠷᠪᠡᠨ ᠵᠦᠢᠯ ᠤᠨ ᠰᠢᠨ᠎ᠡ ᠲᠣᠭᠲᠠᠴᠠ ᠶᠢᠨ | ᠦᠷᠭᠦᠯᠵᠢᠯᠡᠨ ᠥᠷᠭᠡᠵᠢᠬᠦ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠪᠠ᠃ ᠰᠠᠨᠠᠯ ᠵᠥᠪᠯᠡᠯᠭᠡ | ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠪᠡ᠃ ᠥᠪᠡᠷᠲᠡᠭᠡᠨ ᠵᠠᠰᠠᠬᠤ ᠣᠷᠣᠨ ᠤ 270 ᠲᠥᠷᠥ ᠶᠢᠨ | ᠪᠠᠶᠢᠭᠤᠯᠭ᠎ᠠ ᠶᠢᠨ ᠠᠵᠢᠯᠲᠠᠨ ᠢ ᠲᠣᠮᠢᠯᠠᠵᠤ ᠪᠠᠭᠤᠯᠭᠠᠪᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ | ᠰᠠᠨᠠᠭ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠬᠠᠤᠯᠢ | ᠴᠠᠭᠠᠵᠠ ᠶᠢᠨ ᠶᠠᠮᠤᠨ᠂ ᠪᠦᠭᠦ ᠤᠯᠤᠰ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠯᠪᠠᠨ | ᠭᠡᠷ ᠠᠴᠠ ᠵᠠᠷᠯᠠᠨ ᠰᠠᠶᠢᠰᠢᠶᠠᠵᠤ᠂ ᠬᠤᠶᠠᠷ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠦᠭᠦ ᠣᠷᠣᠨ ᠤ | ᠥᠭᠡᠷᠡᠴᠢᠯᠡᠯᠲᠡ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠭᠰᠠᠨ ᠪᠠᠶᠢᠨ᠎ᠠ ᠭᠡᠪᠡ᠃ | ᠵᠠᠩ ᠱᠤᠤ ᠴᠦᠨ᠂ ᠥᠩᠭᠡᠷᠡᠭᠰᠡᠨ ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠣᠯᠣᠭᠰᠠᠨ ᠠᠵᠢᠯ ᠤᠨ ᠠᠮᠵᠢᠯᠲᠠ | ᠪᠦᠳᠦᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ︽ᠬᠤᠶᠠᠷ ᠢ ᠲᠣᠭᠲᠠᠭᠠᠭᠰᠠᠨ︾ ᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠭᠰᠡᠨ ᠤ ᠦᠷ᠎ᠡ ᠳ᠋ᠦᠩ ᠮᠥᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠬᠦᠴᠦᠲᠡᠢ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ | ᠪᠦᠭᠦ ᠲᠥᠯᠥᠭᠡᠯᠡᠭᠴᠢᠳ ᠤᠨ ᠤᠶᠤᠨ ᠤᠬᠠᠭᠠᠨ ᠬᠦᠴᠦᠨ ᠴᠢᠳᠠᠯ ᠪᠠ ᠰᠢᠷᠭᠠᠭᠤ ᠬᠠᠲᠠᠭᠤᠵᠢᠯᠲᠠᠢ ᠬᠦᠴᠦ | ᠬᠥᠯᠥᠰᠦ ᠰᠢᠩᠭᠡᠵᠦ ᠪᠠᠶᠢᠬᠤ ᠪᠥᠭᠡᠳ ᠥᠪᠡᠷᠲᠡᠭᠡᠨ ᠵᠠᠰᠠᠬᠤ ᠣᠷᠣᠨ ᠤ ︽ᠨᠢᠭᠡ ᠵᠠᠰᠠᠭ ᠤᠨ ᠣᠷᠳᠣᠨ ᠨᠢᠭᠡ | ᠵᠥᠪᠯᠡᠯ ᠬᠤᠶᠠᠷ ᠬᠤᠷᠢᠶ᠎ᠠ︾᠂ ᠪᠦᠭᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠨᠡᠶᠢᠭᠡᠮ ᠤᠨ ᠡᠯ᠎ᠡ ᠲᠠᠯ᠎ᠠ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ ᠭᠡᠪᠡ᠃ | ᠵᠠᠩ ᠱᠤᠤ ᠴᠦᠨ᠂ 2025 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ︾ ᠭᠤᠣᠯ ᠠᠵᠢᠯ ᠶᠡᠭᠡ ᠲᠠᠯ᠎ᠠ ᠶᠢᠨ ᠲᠣᠭᠤᠷᠢᠨ ᠳᠤ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢ ᠠᠬᠢᠭᠤᠯᠵᠤ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ | ᠭᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ | ᠶᠠᠩ ᠽᠥᠩ ᠷᠧᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ ᠲᠡᠷᠡ᠂ 2024 ᠣᠨ ᠳᠤ ᠪᠦᠭᠦ | ᠣᠷᠣᠨ ᠤ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ | ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠨ ᠪᠠᠲᠤᠯᠠᠬᠤ ᠳᠡᠭᠡᠷ᠎ᠡ ᠠᠩᠬᠠᠷᠤᠯ ᠢᠶᠠᠨ | ᠲᠥᠪᠯᠡᠷᠡᠭᠦᠯᠦᠨ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠪᠠ᠃ ᠨᠢᠭᠡ ᠵᠢᠯ ᠤᠨ ᠲᠤᠷᠰᠢ᠂ ᠪᠦᠭᠦ | ᠣᠷᠣᠨ ᠤ ᠰᠢᠭᠦᠬᠦ ᠬᠤᠷᠢᠶ᠎ᠠ ᠡᠯ᠎ᠡ ᠲᠥᠷᠥᠯ ᠤᠨ ᠬᠡᠷᠡᠭ ᠢ 108 ᠲᠦᠮᠡᠨ ᠬᠤᠪᠢ ᠭᠥᠯᠢᠶᠡᠨ ᠠᠪᠴᠤ | ᠰᠢᠢᠳᠪᠦᠷᠢᠯᠡᠨ᠂ 102.7 ᠲᠦᠮᠡᠨ ᠬᠤᠪᠢ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠨ᠎ᠠ ᠭᠡᠪᠡ᠃ | ᠶᠠᠩ ᠽᠥᠩ ᠷᠧᠨ 6 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ ᠬᠠᠤᠯᠢ | ᠶᠣᠰᠣᠭᠠᠷ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠳᠤ | ᠦᠢᠯᠡᠴᠢᠯᠡᠨ ᠪᠠᠲᠤᠯᠠᠪᠠ ;ᠭᠤᠣᠯ ᠠᠵᠢᠯ ᠤᠨ ᠲᠣᠭᠤᠷᠢᠨ ᠳᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ | ᠪᠠᠲᠤᠯᠠᠬᠤ ᠶᠢ ᠪᠠᠷᠢᠮᠲᠠᠯᠠᠪᠠ;ᠠᠷᠠᠳ ᠤᠨ ᠲᠥᠯᠥᠭᠡ ᠪᠠᠶᠢᠬᠤ ᠵᠣᠷᠢᠯᠲᠠ ᠶᠢ ᠦᠢᠯᠡᠳᠦᠯᠭᠡᠵᠢᠭᠦᠯᠵᠦ᠂ ᠴᠢᠨᠠᠷ | ᠰᠠᠶᠢᠲᠠᠢ ᠠᠮᠢᠳᠤᠷᠠᠯ ᠳᠤ ᠦᠢᠯᠡᠴᠢᠯᠡᠨ ᠪᠠᠳᠤᠯᠠᠪᠡ;ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠥᠷᠭᠡᠳᠬᠡᠵᠦ᠂ | ᠥᠨᠳᠥᠷ ᠪᠦᠲᠦᠮᠵᠢᠲᠡᠢ ᠪᠠᠷ ᠵᠠᠰᠠᠬᠤ ᠳᠤ ᠦᠢᠯᠡᠴᠢᠯᠡᠨ ᠪᠠᠳᠤᠯᠠᠪᠠ;ᠬᠡᠷᠡᠭ ᠢ ᠬᠠᠮᠢᠶᠠᠷᠬᠤ ᠬᠥᠮᠥᠨ ᠢ | ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠪᠦᠲᠦᠮᠵᠢᠲᠡᠢ ᠰᠢᠭᠦᠨ ᠲᠠᠰᠤᠯᠬᠤ ᠶᠢ | ᠦᠷᠭᠦᠯᠵᠢᠯᠡᠨ ᠠᠭᠢᠭᠤᠯᠪᠠ;ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠢ ᠦᠢᠯᠡᠳᠦᠯᠭᠡᠵᠢᠭᠦᠯᠪᠡ᠃ | ᠶᠠᠩ ᠽᠥᠩ ᠷᠧᠨ᠂ 2025 ᠣᠨ ᠳᠤ ᠪᠦᠭᠦ ᠣᠷᠣᠨ ᠤ ᠰᠢᠭᠦᠬᠦ ᠬᠤᠷᠢᠶ᠎ᠠ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠲᠥᠪ ᠭᠤᠣᠯᠴᠢ ᠪᠠ ᠦᠷ᠎ᠡ ᠪᠦᠲᠦᠮᠵᠢ︾ ᠭᠡᠬᠦ ᠭᠤᠣᠯ ᠰᠡᠳᠦᠪ ᠢ | ᠪᠠᠲᠤ ᠡᠵᠡᠮᠳᠡᠵᠦ᠂ ︽ᠤᠯᠤᠰ ᠲᠦᠷᠦ ᠪᠠᠷ ᠰᠦᠭ ᠰᠦᠨᠡᠰᠦ ᠶᠢ ᠱᠤᠭᠤᠬᠤ︾᠂ ︽ᠴᠢᠨᠠᠷ ᠦᠷ᠎ᠡ ᠪᠦᠲᠦᠮᠵᠢ ᠶᠢ | ᠪᠠᠬᠢᠵᠢᠭᠦᠯᠬᠦ︾᠂ ︽ᠬᠡᠪ ᠪᠣᠯᠪᠠᠰᠤᠷᠠᠯ ᠴᠢᠳᠠᠪᠤᠷᠢ ᠶᠢ ᠳᠡᠭᠡᠭᠰᠢᠯᠡᠭᠦᠯᠭᠦ︾᠂ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠬᠦᠴᠦᠨ ᠴᠢᠳᠠᠯ ᠣᠯᠭᠤᠬᠤ︾ 4 ᠵᠦᠢᠯ ᠤᠨ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠬᠠᠤᠯᠢ | ᠴᠠᠭᠠᠵᠠ ᠶᠢᠨ ᠬᠡᠷᠡᠭ ᠨᠢᠭᠡᠪᠦᠷᠢ ᠳᠤᠮᠳᠠ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ | ᠮᠡᠳᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠬᠠᠤᠯᠢ ᠴᠠᠭᠠᠵᠠ ᠶᠢᠨ ᠲᠤᠯᠭᠠᠭᠤᠷᠢᠯᠠᠯ ᠪᠠ ᠦᠢᠯᠡᠴᠢᠯᠡᠭᠡ | ᠬᠠᠩᠭᠠᠨ᠎ᠠ ᠭᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ | ᠶᠦᠩ ᠵᠢᠶᠦ᠋ᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ | ᠬᠤᠷᠢᠶ᠎ᠠ ᠶᠢᠨ ᠠᠵᠢᠯ ᠤᠨ ᠢᠯᠡᠳᠬᠡᠯ ᠬᠢᠪᠡ᠃ ᠲᠡᠷᠡ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠨᠷᠢᠮᠲᠠᠯᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠡᠷᠡᠭ ᠨᠢᠭᠡᠪᠦᠷᠢ ᠶᠢ | ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ ᠰᠢᠢᠳᠪᠦᠷᠢᠯᠡᠵᠦ᠂ ᠤᠬᠠᠮᠰᠠᠷ ᠠᠴᠠ ᠪᠠᠨ ᠶᠡᠭᠡ ᠲᠠᠯ᠎ᠠ ᠳᠤ | ᠦᠢᠯᠡᠴᠢᠯᠡᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠵᠤ᠂ ᠬᠠᠤᠯᠢ ᠪᠠᠷ ᠵᠠᠰᠠᠬᠤ ᠳᠤ ᠬᠠᠷᠢᠭᠤᠴᠠᠯᠭ᠎ᠠ | ᠡᠭᠦᠷᠭᠡᠯᠡᠪᠡ ᠭᠡᠪᠡ᠃ | ᠯᠢ ᠶᠦᠩ ᠵᠢᠶᠦ᠋ᠨ 5 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠄ | ᠵᠠᠯᠬᠠᠭᠠᠬᠤ ᠪᠠ ᠰᠡᠷᠭᠡᠶᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠢ | ᠪᠦᠭᠦ ᠬᠦᠴᠦᠨ ᠢᠶᠠᠷ ᠢᠶᠠᠨ ᠬᠠᠮᠠᠭᠠᠯᠠᠪᠠ;ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠦᠢᠯᠡᠴᠢᠯᠡᠨ ᠬᠠᠮᠠᠭᠠᠯᠠᠪᠠ;ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠬᠠᠤᠯᠢ ᠶᠣᠰᠣᠭᠠᠷ | ᠪᠠᠲᠤᠯᠠᠪᠠ; ᠬᠢᠨᠠᠯᠲᠠ ᠲᠠᠯᠪᠢᠬᠤ ᠶᠢ ᠴᠢᠩᠭᠠᠳᠬᠠᠬᠤ ᠶᠢ ᠪᠠᠷᠢᠮᠲᠠᠯᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ | ᠪᠦᠲᠦᠮᠵᠢᠲᠡᠢ ᠬᠠᠮᠠᠭᠠᠯᠠᠪᠠ;ᠰᠦᠭ ᠰᠦᠨᠡᠰᠦ ᠶᠢ ᠱᠤᠭᠤᠵᠤ ᠪᠡᠶ᠎ᠡ ᠪᠠᠨ ᠴᠢᠭᠢᠷᠠᠭᠵᠢᠭᠤᠯᠬᠤ ᠶᠢ ᠪᠠᠷᠢᠮᠲᠠᠯᠠᠵᠤ᠂ | ᠰᠢᠯᠭᠠᠷᠠᠭᠰᠠᠨ ᠡᠩᠨᠡᠭᠡ ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠪᠠ᠃ | ᠯᠢ ᠶᠦᠩ ᠵᠢᠶᠦ᠋ᠨ᠂ 2025 ᠣᠨ ᠳᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ | ᠨᠡᠩ ᠥᠨᠳᠥᠷ ᠵᠣᠭᠰᠣᠴᠠ ᠠᠴᠠ ᠤᠯᠤᠰ ᠲᠥᠷᠥ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠡᠩ ᠪᠣᠳᠠᠲᠠᠢ | ᠠᠷᠭ᠎ᠠ ᠬᠡᠮᠵᠢᠶ᠎ᠡ ᠪᠠᠷ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠨᠡᠩ ᠥᠨᠳᠥᠷ ᠶᠠᠰᠤ ᠴᠢᠨᠠᠷ ᠦᠷ᠎ᠡ | ᠠᠰᠢᠭ ᠢᠶᠠᠷ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ ᠶᠢ ᠴᠢᠩᠭᠠᠳᠬᠠᠵᠤ᠂ ᠨᠡᠩ ᠶᠡᠭᠡ ᠡᠷᠴᠢᠮ ᠢᠶᠠᠷ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠡᠩ ᠴᠢᠩᠭ᠎ᠠ ᠱᠠᠭᠠᠷᠳᠠᠯᠭ᠎ᠠ ᠪᠠᠷ | ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠨ᠂ ᠵᠣᠷᠢᠭᠲᠠᠢ ᠬᠢᠵᠦ ᠴᠢᠳᠠᠮᠠᠭᠠᠢ ᠠᠵᠢᠯᠯᠠᠵᠤ᠂ ᠥᠪᠥᠷ ᠮᠣᠩᠭᠤᠯ ᠤᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠶᠢᠴᠠᠭᠠᠬᠤ ᠠᠵᠢᠯ ᠤᠨ ᠨᠡᠩ ᠶᠡᠭᠡ | ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ᠂ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠤᠰᠬᠠᠢ ᠵᠥᠪᠯᠡᠯ ᠤᠨ ᠡᠷᠭᠢᠯᠡᠭᠴᠢ ᠭᠡᠰᠢᠭᠦᠨ ᠤ ᠵᠢᠱᠢᠭᠳᠡᠭᠴᠢ ᠶᠢᠨ | ᠨᠡᠷ᠎ᠡ ᠳᠤᠷᠠᠳᠤᠭᠰᠠᠳ ᠪᠣᠯᠣᠨ ᠪᠠᠲᠤᠯᠠᠬᠤ ᠠᠷᠭ᠎ᠠ ᠶᠢ ᠪᠠᠲᠤᠯᠠᠪᠠ᠃ | ᠬᠠᠤᠯᠢ ᠳᠤ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠷᠪᠠᠨ ᠳᠥᠷᠪᠡᠳᠦᠭᠡᠷ ᠬᠤᠷᠠᠯ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ ᠪᠣᠯᠣᠨ ᠥᠪᠡᠷᠲᠡᠭᠡᠨ ᠵᠠᠰᠠᠬᠤ | ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠳᠤ ᠣᠷᠣᠯᠴᠠᠬᠰᠠᠨ ᠪᠦᠭᠦ ᠭᠡᠰᠢᠭᠦᠳ ᠲᠤᠰ ᠤᠳᠠᠭ᠎ᠠ ᠶᠢᠨ ᠬᠤᠷᠠᠯ ᠳᠤ ᠰᠤᠯᠠ ᠣᠷᠣᠯᠴᠠᠵᠠᠢ | ᠃ | |