| ᠰᠦᠨ ᠱᠤᠤ ᠴᠧᠩ ᠸᠠᠩ ᠯᠢ ᠰᠢᠶᠠ | ᠵᠠᠩ ᠶᠠᠨ ᠺᠦᠨ ᠣᠷᠣᠯᠴᠠᠵᠠᠢ | | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠵᠠᠩ ᠺᠦᠢ︶ 1 ᠰᠠᠷ᠎ᠠ ᠶᠢᠨ 17 ᠤ | ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ | ᠬᠢᠪᠡ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 532 ᠬᠥᠮᠥᠨ ᠪᠤᠶ᠂ 507 ᠬᠥᠮᠥᠨ ᠨᠢ ᠲᠣᠰ | ᠤᠳᠠᠭ᠎ᠠ ᠶᠢᠨ ᠪᠦᠭᠦᠳᠡ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ | ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠪᠡ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠯᠢ | ᠪᠢᠩ ᠷᠦᠩ᠂ ᠦ᠋ ᠶᠠᠨ ᠭᠠᠩ᠂ ᠶᠠᠩ ᠭᠦᠸᠧ ᠠᠨ᠂ ᠰᠦᠬᠡ᠂ ᠲᠠᠩ ᠢ᠂ ᠵᠧᠦ ᠺᠠᠢ᠂ ᠯᠢ ᠯᠢ᠂ ᠬᠤᠸᠠᠩ ᠶᠠ | ᠯᠢ᠂ ᠮᠧᠩ ᠴᠢᠩ ᠸᠧᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ᠂ ᠱᠢ ᠭᠤᠸᠠᠩ ᠬᠤᠢ᠂ ᠯᠢᠦ ᠱᠤᠸᠠᠩ᠂ | ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ | ᠴᠢᠶᠠᠩ᠂ ᠬᠦᠦᠳᠠᠭᠤᠯᠠ᠂ ᠢᠦᠢ ᠯᠢ ᠰᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠢᠴᠢ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ | ᠰᠠᠭᠠᠲᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠤᠰᠬᠠᠢ ᠵᠥᠪᠯᠡᠯ ᠤᠨ ᠡᠷᠭᠢᠯᠡᠭᠴᠢ | ᠭᠡᠰᠢᠭᠦᠳ ᠤᠨ ᠨᠡᠷᠡᠰ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠶᠡᠷᠦᠩᠬᠡᠢ | ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢᠳ ᠤᠨ ᠨᠡᠷᠡᠰ︾ ᠢ ᠪᠠᠲᠤᠯᠠᠪᠠ᠃ | ᠪᠢᠯᠧᠲ ᠥᠭᠴᠦ ᠰᠣᠩᠭᠤᠭᠤᠯᠢ ᠬᠢᠬᠦ ᠪᠠᠷ ᠳᠠᠮᠵᠢᠨ᠂ ᠵᠧᠩ ᠬᠤᠩ ᠹᠠᠨ᠂ ᠳ᠋ᠢᠩ ᠰᠢᠤ ᠹᠧᠩ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠪᠠᠷ ᠰᠣᠩᠭᠤᠬᠳᠠᠪᠠ;ᠸᠠᠨ ᠴᠤᠤ ᠴᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ | ᠰᠣᠩᠭᠤᠬᠳᠠᠪᠠ;ᠢᠦᠢ ᠰᠢᠶᠣᠣ ᠮᠠᠨ᠂ ᠦ᠋ ᡁᠢ ᠴᠢᠶᠠᠩ᠂ ᠵᠠᠩ ᠵᠤᠤ ᠭᠠᠩ᠂ ᠱᠢ ᠸᠧᠨ ᠰᠢᠤᠸᠠᠢ᠂ ᠰᠣᠶᠣᠯᠮ᠎ᠠ᠂ | ᠰᠦᠢ ᠸᠧᠢ ᠵᠢᠶᠦ᠋ᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠡᠰᠢᠭᠦᠨ ᠢᠶᠠᠷ ᠰᠣᠩᠭᠤᠭᠳᠠᠪᠠ᠃ | ᠰᠢᠨ᠎ᠡ ᠪᠠᠷ ᠰᠣᠩᠭᠤᠭᠳᠠᠭᠰᠠᠨ ᠬᠥᠮᠥᠰ ᠬᠠᠤᠯᠢ ᠶᠣᠰᠣᠭᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃ | |