| | ᠵᠠᠩ ᠶᠠᠨ ᠺᠦᠨ ᠣᠷᠣᠯᠴᠠᠵᠠᠢ | | | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠪᠠᠢ ᠳ᠋ᠠᠨ︶ 1 ᠰᠠᠷ᠎ᠠ ᠶᠢᠨ 17 ᠤ ᠦᠳᠡ ᠶᠢᠨ | ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠢ ᠳ᠋ᠦᠩ᠂ | ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠵᠢᠴᠢ ᠨᠠᠷᠢᠨ | ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠬᠤᠷᠠᠯ ᠢ ᠡᠷᠭᠢᠯᠡᠪᠡ᠃ | ᠰᠣᠩᠭᠤᠭᠤᠯᠢ ᠶᠢᠨ ᠶᠡᠭᠡ ᠬᠤᠷᠠᠯ ᠳᠤ 482 ᠭᠡᠰᠢᠭᠦᠨ ᠣᠷᠣᠯᠴᠠᠵᠤ᠂ ᠪᠦᠭᠦ ᠭᠡᠰᠢᠭᠦᠨ ᠤ ᠲᠣᠭᠠᠨ ᠤ | ᠭᠤᠷᠪᠠᠨ ᠤ ᠬᠤᠶᠠᠷ ᠬᠤᠪᠢ ᠠᠴᠠ ᠳᠠᠪᠠᠵᠤ᠂ ᠰᠣᠩᠭᠤᠭᠤᠯᠢ ᠶᠢᠨ ᠠᠷᠭ᠎ᠠ ᠶᠢᠨ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠪᠡ᠃ | ᠬᠤᠷᠠᠯ ᠠᠴᠠ᠂ ᠰᠦᠨ ᠵᠢᠶᠦ᠋ᠨ ᠴᠢᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ | ᠵᠥᠪᠰᠢᠶᠡᠷᠡᠬᠦ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠢᠦᠢ | ᠴᠠᠩ ᠬᠤᠩ᠂ ᠸᠠᠩ ᠭᠦᠶ ᠶᠢᠨ᠂ ᠪᠠᠢ ᠴᠢᠩ ᠶᠤᠸᠠᠨ᠂ ᠸᠧᠢ ᠵᠢᠶᠦ᠋ᠨ ᠤ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ | ᠵᠥᠪᠰᠢᠶᠡᠷᠡᠬᠦ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ | ᠠᠷᠭ᠎ᠠ᠂ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢᠳ ᠤᠨ ᠨᠡᠷᠡᠰ ᠢ | ᠬᠢᠨᠠᠨ ᠵᠥᠪᠯᠡᠵᠦ ᠪᠠᠲᠤᠯᠠᠪᠠ᠃ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢ ᠰᠣᠩᠭᠤᠵᠠᠢ᠃ | ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠪᠣᠯᠣᠨ ᠪᠢᠯᠧᠲ ᠪᠦᠷᠢᠳᠬᠡᠭᠰᠡᠨ ᠦᠷ᠎ᠡ ᠳ᠋ᠦᠩ ᠢ | ᠦᠨᠳᠦᠰᠦᠯᠡᠪᠡᠯ᠂ ᠯᠢᠦ ᠸᠧᠢ᠂ ᠬᠤ᠋ ᠹᠧᠩ᠂ ᠵᠢᠶᠠ ᠶᠤᠸᠠᠢ ᠹᠧᠩ᠂ ᠼᠤᠤ ᠶᠢᠨ ᠱᠠᠨ ᠳᠤᠮᠳᠠᠳᠤ ᠤᠯᠤᠰ ᠤᠨ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ | |