2025 ᠣᠨ ᠳᠤ ᠨᠡᠮᠡᠭᠳᠡᠯ ᠥᠷᠲᠡᠭ  ᠤᠨ ᠭᠠᠶᠢᠯᠢ ᠶᠢᠨ  ᠬᠠᠤᠯᠢ ᠶᠢ ᠬᠡᠷᠡᠭᠵᠢᠭᠦᠯᠬᠦ ᠳᠦᠷᠢᠮ ᠢ ᠱᠠᠯᠠᠪᠳᠠᠨ ᠨᠡᠶᠢᠲᠡᠯᠡᠨ᠎ᠡ
ᠨᠡᠶᠢᠲᠡᠯᠡᠭᠰᠡᠨ ᠴᠠᠭ᠄
2025/4/7
         ᠨᠡᠮᠡᠭᠳᠡᠯ ᠥᠷᠲᠡᠭ   ᠤᠨ ᠭᠠᠶᠢᠯᠢ ᠪᠣᠯ ᠮᠠᠨ ᠤ ᠤᠯᠤᠰ ᠤᠨ ᠨᠢᠭᠡᠳᠦᠭᠡᠷ ᠶᠡᠭᠡ ᠭᠠᠶᠢᠯᠢ ᠶᠢᠨ ᠲᠥᠷᠥᠯ ᠮᠥᠨ᠃ 2024 ᠣᠨ ᠤ 12 ᠰᠠᠷ᠎ᠠ ᠶᠢᠨ 25 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠠᠴᠠ ᠨᠡᠮᠡᠭᠳᠡᠯ ᠥᠷᠲᠡᠭ ᠤᠨ ᠭᠠᠶᠢᠯᠢ ᠶᠢᠨ ᠬᠠᠤᠯᠢ ᠶᠢ ᠪᠠᠲᠤᠯᠠᠪᠠ᠃ ᠰᠤᠷᠪᠤᠯᠵᠢᠯᠠᠬᠴᠢ 1 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ ᠬᠤᠷᠠᠯᠳᠤᠭᠤᠯᠤᠭᠰᠠᠨ ᠪᠦᠭᠦ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠨᠡ ᠵᠢᠯ ᠨᠡᠮᠡᠭᠳᠡᠯ ᠥᠷᠲᠡᠭ   ᠤᠨ ᠭᠠᠶᠢᠯᠢ ᠶᠢᠨ ᠬᠠᠤᠯᠢ ᠶᠢᠨ ᠬᠡᠷᠡᠭᠵᠢᠭᠦᠯᠬᠦ ᠳᠦᠷᠢᠮ ᠢ ᠱᠠᠯᠠᠪᠳᠠᠨ ᠨᠡᠶᠢᠲᠡᠯᠡᠬᠦ ᠪᠣᠯᠣᠨ᠎ᠠ᠃          ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ 2025 ᠣᠨ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠪᠦᠲᠦᠴᠡ ᠶᠢᠨ ᠴᠢᠨᠠᠷᠲᠠᠢ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠦᠴᠦᠯᠡᠨ ᠰᠠᠶᠢᠲᠤᠷ ᠨᠠᠶᠢᠳᠠᠪᠤᠷᠢᠵᠢᠭᠤᠯᠵᠤ᠂ ᠡᠳ᠋ᠯᠡᠬᠦ ᠶᠣᠰᠣᠲᠠᠢ ᠶᠢ ᠨᠢ ᠲᠦᠷᠭᠡᠨ ᠡᠳ᠋ᠯᠡᠭᠦᠯᠦᠨ᠂ ᠮᠡᠬᠡᠯᠡᠨ ᠡᠳ᠋ᠯᠡᠬᠦ ᠶᠢ ᠴᠢᠩᠭ᠎ᠠ ᠰᠡᠷᠭᠡᠶᠢᠯᠡᠨ ᠴᠢᠩᠭ᠎ᠠ ᠪᠠᠶᠢᠴᠠᠭᠠᠨ᠎ᠠ︔ ᠭᠠᠶᠢᠯᠢ ᠰᠦᠢᠳᠬᠡᠯ ᠤᠨ ᠣᠷᠣᠯᠭ᠎ᠠ ᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠬᠤ ᠶᠢ ᠴᠢᠩᠭ᠎ᠠ ᠪᠠᠷᠢᠮᠲᠠᠯᠠᠵᠤ᠂ ︽ᠬᠡᠮᠵᠢᠶ᠎ᠡ ᠠᠴᠠ ᠬᠡᠲᠦᠷᠡᠭᠰᠡᠨ ᠭᠠᠶᠢᠯᠢ ᠰᠦᠢᠳᠬᠡᠯ︾ ᠦᠯᠦ ᠬᠤᠷᠢᠶᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃          ᠬᠡᠷᠡᠭᠯᠡᠭᠡ ᠶᠢ ᠬᠥᠭᠵᠢᠭᠡᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠡᠷᠭᠡ ᠶᠢᠨ ᠲᠣᠭᠤᠷᠢᠨ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠭᠠᠶᠢᠯᠢ ᠶᠢᠨ ᠳᠦᠷᠢᠮ ᠪᠣᠯᠣᠨ ᠵᠢᠷᠤᠮᠵᠢᠬᠰᠠᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ  ᠳᠤ ᠵᠠᠰᠠᠪᠤᠷᠢ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠭᠠᠶᠢᠯᠢ ᠰᠦᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠠᠷᠢᠮᠵᠢᠶ᠎ᠠ ᠶᠢ ᠰᠢᠯᠢᠳᠡᠭᠵᠢᠭᠦᠯᠵᠦ᠂ ᠭᠠᠶᠢᠯᠢ ᠰᠦᠢᠳᠬᠡᠯ ᠤᠨ ᠵᠠᠰᠠᠯᠲᠠ ᠶᠢᠨ ᠲᠣᠭᠠᠴᠢᠯᠠᠯᠲᠠ ᠣᠶᠤᠨᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠭᠦ ᠶᠢ ᠠᠬᠢᠭᠤᠯᠪᠠ᠃          2025 ᠣᠨ ᠳᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠᠰᠠ ︽ᠠᠷᠠᠳ ᠲᠤ ᠲᠥᠭᠦᠮ ᠦᠵᠡᠭᠦᠯᠭᠦ ᠭᠠᠶᠢᠯᠢ ᠭᠦᠢᠴᠡᠳᠬᠡᠬᠦ ᠤᠷᠢᠬᠠᠨ ᠰᠠᠯᠬᠢ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ︽ᠭᠠᠶᠢᠯᠢ ᠪᠠ ᠠᠵᠤ ᠠᠬᠤᠶᠢᠯᠠᠯ ᠢ ᠨᠢᠭᠤᠷᠳᠠᠨ ᠠᠭᠤᠯᠵᠠᠭᠤᠯᠬᠤ︾ ᠪᠠᠶᠢᠩᠭᠤᠵᠢᠭᠰᠠᠨ ᠰᠣᠯᠢᠯᠴᠠᠭ᠎ᠠ ᠪᠠ ᠭᠠᠶᠢᠯᠢ ᠰᠦᠢᠳᠬᠡᠯ  ᠤᠨ ᠦᠢᠯᠡᠴᠢᠯᠡᠭᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ︽ᠭᠠᠶᠢᠯᠢ  ᠶᠢᠨ ᠵᠠᠮ︾  ᠤᠨ ᠬᠢᠯᠢ ᠠᠯᠤᠰᠯᠠᠭᠰᠠᠨ ᠭᠠᠶᠢᠯᠢ ᠲᠠᠲᠠᠪᠤᠷᠢ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠨᠠᠩ ᠰᠠᠶᠢᠲᠤᠷ ᠳᠡᠮᠵᠢᠬᠦ ᠪᠣᠯᠣᠨ᠎ᠠ᠃ ᠡᠭᠦᠨ ᠤ ᠬᠠᠮᠲᠤ᠂ ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠤᠨ ᠰᠢᠯᠢᠳᠡᠭᠵᠢᠭᠦᠯᠵᠦ᠂ ᠭᠠᠶᠢᠯᠢ ᠳᠤ ᠬᠤᠯᠪᠣᠭᠳᠠᠭᠰᠠᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠳᠤ ᠨᠡᠶᠢᠴᠡᠭᠦᠯᠦᠨ ᠠᠵᠢᠯ ᠡᠷᠭᠢᠯᠡᠭᠦ ᠶᠢ ᠬᠥᠲᠥᠯᠥᠨ ᠵᠢᠯᠤᠭᠤᠳᠴᠤ᠂ ᠭᠠᠶᠢᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ ᠰᠦᠷᠳᠡᠭᠦᠯᠬᠦ ᠡᠷᠴᠢᠮ ᠢ ᠴᠢᠩᠭᠠᠷᠠᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠶᠢ ᠪᠠᠶᠢᠩᠭᠤᠵᠢᠭᠤᠯᠤᠨ ᠴᠢᠩᠭᠠᠳᠬᠠᠨ᠎ᠠ᠃
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号