ᠴᠠᠭᠠᠨ ᠰᠠᠷ᠎ᠠ ᠶᠢᠨ ᠵᠥᠭᠡᠭᠡᠪᠦᠷᠢ ᠶᠢᠨ ᠭᠠᠯᠲᠤ ᠲᠡᠷᠭᠡᠨ ᠤ ᠪᠢᠯᠧᠲ ᠢ 1.37 ᠳ᠋ᠦᠩᠰᠢᠭᠤᠷ ᠬᠤᠳᠠᠯᠳᠤᠪᠠ
ᠨᠡᠶᠢᠲᠡᠯᠡᠭᠰᠡᠨ ᠴᠠᠭ᠄
2025/4/7
          ᠰᠤᠷᠪᠤᠯᠵᠢᠯᠠᠬᠴᠢ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 2024 ᠣᠨ ᠤ 12 ᠰᠠᠷ᠎ᠠ ᠶᠢᠨ 31 ᠤ ᠡᠳᠦᠷ ᠴᠠᠭᠠᠨ ᠰᠠᠷ᠎ᠠ ᠶᠢᠨ ᠵᠥᠭᠡᠭᠡᠪᠦᠷᠢ ᠶᠢᠨ ᠭᠠᠯᠲᠤ ᠲᠡᠷᠭᠡᠨ ᠤ ᠪᠢᠯᠧᠲ ᠢ ᠡᠬᠢᠯᠡᠵᠦ ᠬᠤᠳᠠᠯᠳᠤᠭᠰᠠᠨ ᠠᠴᠠ ᠨᠠᠭᠠᠰᠢ᠂ 2025 ᠣᠨ ᠤ 1 ᠰᠠᠷ᠎ᠠ ᠶᠢᠨ 16 ᠤ ᠡᠳᠦᠷ ᠤᠨ 8 ᠴᠠᠭ 30 ᠮᠢᠨᠦ᠋ᠲ ᠪᠤᠯᠲᠠᠯ᠎ᠠ᠂ ᠲᠡᠮᠦᠷ ᠵᠠᠮ ᠤᠨ 12306 ᠶᠢᠨ ᠬᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠤ ᠨᠡᠶᠢᠲᠡ 1.37 ᠳ᠋ᠦᠩᠰᠢᠭᠤᠷ ᠪᠢᠯᠧᠲ ᠢ ᠬᠤᠳᠠᠯᠳᠤᠵᠤ᠂ ᠰᠢᠰᠲ᠋ᠧᠮ ᠤᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃          ᠡᠨᠡ ᠵᠢᠯ ᠤᠨ ᠲᠡᠮᠦᠷ ᠵᠠᠮ ᠤᠨ ᠴᠠᠭᠠᠨ ᠰᠠᠷ᠎ᠠ ᠶᠢᠨ ᠵᠥᠭᠡᠭᠡᠪᠦᠷᠢ 1 ᠰᠠᠷ᠎ᠠ ᠶᠢᠨ 14 ᠤ ᠡᠳᠦᠷ ᠠᠴᠠ ᠡᠬᠢᠯᠡᠵᠦ᠂ 2 ᠰᠠᠷ᠎ᠠ ᠶᠢᠨ 22 ᠤᠨ ᠡᠳᠦᠷ ᠪᠤᠯᠲᠠᠯ᠎ᠠ᠂ 40 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃          ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 1 ᠰᠠᠷ᠎ᠠ ᠶᠢᠨ 16 ᠤ ᠡᠳᠦᠷ᠂ ᠪᠦᠭᠦ ᠤᠯᠤᠰ ᠤᠨ ᠲᠡᠮᠦᠷ ᠵᠠᠮ ᠵᠢᠱᠢᠯᠲᠡ ᠪᠠᠷ 1160 ᠲᠦᠮᠡᠨ ᠬᠥᠮᠥᠨ ᠤᠳᠠᠭ᠎ᠠ ᠠᠶᠠᠨᠴᠢᠳ ᠢ ᠬᠦᠷᠭᠡᠵᠦ᠂ ᠠᠶᠠᠨᠴᠢᠳ ᠤᠨ ᠴᠤᠪᠤᠭ᠎ᠠ ᠲᠡᠷᠭᠡ ᠶᠢ 608 ᠨᠡᠮᠡᠵᠦ ᠶᠠᠪᠤᠭᠤᠯᠬᠤ ᠪᠠᠷ ᠲᠥᠯᠥᠪᠯᠡᠵᠦ ᠪᠠᠶᠢᠨ᠎ᠠ᠃ 1 ᠰᠠᠷ᠎ᠠ ᠶᠢᠨ 15 ᠤ ᠡᠳᠦᠷ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠶᠠᠳᠤᠭᠠᠷ ᠡᠳᠦᠷ ᠲᠤ ᠪᠦᠭᠦ ᠤᠯᠤᠰ ᠤᠨ ᠲᠡᠮᠦᠷ ᠵᠠᠮ 1114.1 ᠲᠦᠮᠡᠨ ᠬᠥᠮᠥᠨ ᠤᠳᠠᠭ᠎ᠠ ᠠᠶᠠᠨᠴᠢᠳ ᠢ ᠬᠦᠷᠭᠡᠵᠦ᠂ ᠵᠥᠭᠡᠭᠡᠪᠦᠷᠢ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠪᠠ᠃          ᠡᠯ᠎ᠡ ᠭᠠᠵᠠᠷ ᠤᠨ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠵᠥᠭᠡᠭᠡᠪᠦᠷᠢ ᠶᠢᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠥᠷᠲᠡᠭᠡ ᠭᠠᠯᠲᠤ ᠲᠡᠷᠭᠡᠨ ᠤ ᠦᠢᠯᠡᠴᠢᠯᠡᠭᠡ ᠪᠣᠯᠣᠨ ᠵᠠᠮ ᠭᠠᠵᠠᠷ ᠳᠡᠭᠡᠷᠡᠬᠢ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠶᠠᠨᠴᠢᠳ ᠤᠨ ᠠᠮᠤᠷ ᠲᠦᠪᠰᠢᠨ ᠡᠮᠬᠢ ᠵᠢᠷᠤᠮ ᠲᠠᠢ ᠬᠠᠯᠠᠭᠤᠨ ᠳᠤᠯᠠᠭᠠᠨ ᠶᠠᠪᠤᠵᠤ ᠰᠠᠭᠤᠬᠤ ᠶᠢ ᠪᠦᠭᠦ ᠬᠦᠴᠦᠨ ᠢᠶᠠᠷ ᠢᠶᠠᠨ ᠪᠠᠲᠤᠯᠠᠪᠠ᠃          ᠤᠯᠤᠰ ᠤᠨ ᠲᠡᠮᠦᠷ ᠵᠠᠮ ᠤᠨ ᠭᠦᠭᠡᠬᠤᠲᠠ ᠶᠢᠨ ᠲᠣᠪᠴᠢᠶᠠᠨ ᠤ ᠪᠦᠯᠦᠭᠯᠡᠯ ᠺᠤᠮᠫᠠᠨᠢ ᠶᠢᠨ ᠬᠢᠨ ᠪᠤᠭᠤᠲᠤ ᠥᠷᠲᠡᠭᠡ ᠳᠤ ᠪᠠᠩᠬᠢ ᠲᠠᠷᠬᠠᠭᠠᠭᠰᠠᠨ ᠦᠢᠯᠡᠴᠢᠯᠡᠭᠡᠨ ᠤ ᠴᠣᠩᠬᠤ ᠭᠠᠷᠭᠠᠵᠤ᠂ ᠨᠠᠰᠤᠲᠠᠢ ᠠᠶᠠᠨᠴᠢᠳ ᠲᠤ ᠪᠢᠯᠧᠲ ᠬᠤᠳᠠᠯᠳᠤᠬᠤ᠂ ᠪᠤᠴᠠᠭᠠᠬᠤ ᠪᠠ ᠳᠠᠭᠢᠵᠤ ᠭᠠᠷ ᠤᠨ ᠥᠰᠥᠭ ᠵᠢᠷᠤᠬᠤ᠂ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠶᠢ ᠤᠷᠢᠳ ᠢᠶᠠᠷ ᠬᠠᠩᠭᠠᠵᠤ᠂ ᠨᠠᠰᠤᠲᠠᠢ ᠠᠶᠠᠨᠴᠢᠳ ᠲᠤ ︽ᠤᠳᠠᠭᠠᠨ︾ ᠪᠠᠶᠢᠬᠤ ᠳᠣᠲᠣᠨᠣ ᠦᠢᠯᠡᠴᠢᠯᠡᠭᠡ ᠬᠠᠩᠭᠠᠪᠠ︔ ᠤᠯᠤᠰ ᠤᠨ ᠲᠡᠮᠦᠷ ᠵᠠᠮ ᠤᠨ ᠴᠧᠩᠳᠦ᠋ ᠶᠢᠨ ᠲᠣᠪᠴᠢᠶ᠎ᠠ ᠶᠢᠨ ᠪᠦᠯᠦᠭᠯᠡᠯ ᠺᠤᠮᠫᠠᠨᠢ ᠨᠢ ᠡᠮᠦᠨᠡᠲᠦ ᠶᠢᠨ ᠴᠠᠭᠢᠯᠭᠠᠨ ᠲᠣᠣᠷ ᠤᠨ ᠭᠦᠢᠶᠠᠩ ᠤᠨ ᠴᠠᠭᠢᠯᠭᠠᠨ ᠬᠠᠩᠭᠠᠬᠤ ᠲᠣᠪᠴᠢᠶ᠎ᠠ ᠯᠤᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠡᠭᠡᠭᠡᠪᠦᠷᠢᠯᠡᠨ ᠬᠠᠮᠠᠭᠠᠯᠠᠬᠤ ᠠᠵᠢᠯᠲᠠᠨ ᠢ ᠲᠣᠬᠢᠷᠠᠭᠤᠯᠤᠨ ᠭᠦᠢᠶᠠᠩ ᠥᠷᠲᠡᠭᠡ᠂ ᠭᠦᠢᠶᠠᠩ ᠤᠨ ᠬᠤᠶᠢᠲᠤ ᠥᠷᠲᠡᠭᠡ ᠵᠡᠷᠭᠡ ᠴᠠᠭᠠᠨ ᠰᠠᠷ᠎ᠠ ᠶᠢᠨ ᠲᠡᠭᠡᠭᠡᠪᠦᠷᠢ ᠶᠢᠨ ᠴᠠᠭᠢᠯᠭᠠᠨ ᠬᠠᠩᠭᠠᠬᠤ ᠶᠢ ᠪᠠᠲᠤᠯᠠᠬᠤ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠴᠠᠭᠢᠯᠭᠠᠨ ᠬᠦᠴᠦᠨ ᠤ ᠲᠥᠬᠦᠭᠡᠷᠦᠮᠵᠢ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠶᠠᠪᠤᠵᠤ ᠰᠠᠭᠤᠬᠤ ᠳᠤ ᠬᠡᠷᠡᠭᠯᠡᠬᠦ ᠴᠠᠭᠢᠯᠭᠠ ᠤ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠪᠠ︔ ᠤᠯᠤᠰ ᠤᠨ ᠲᠡᠮᠦᠷ ᠵᠠᠮ ᠤᠨ ᠨᠠᠨᠴᠠᠩ ᠤᠨ ᠲᠣᠪᠴᠢᠶ᠎ᠠ ᠶᠢᠨ ᠪᠦᠯᠦᠭᠯᠡᠯ ᠺᠤᠮᠫᠠᠨᠢ ᠶᠢᠨ ᠬᠢᠨ ᠶᠢᠩᠲ᠋ᠠᠨ ᠤ ᠬᠤᠶᠢᠲᠤ ᠥᠷᠲᠡᠭᠡᠨ ᠳᠤ ᠰᠤᠷᠤᠬᠴᠢᠳ ᠤᠨ ᠲᠤᠰᠬᠠᠢ ᠥᠷᠲᠡᠭᠡᠨ ᠳᠤ ᠣᠷᠣᠵᠤ ᠭᠠᠷᠬᠤ ᠵᠠᠮ ᠢ ᠨᠡᠭᠡᠭᠡᠵᠦ᠂ ᠰᠠᠶᠢᠨ ᠳᠤᠷᠠᠴᠤᠳ ᠢ ᠲᠣᠬᠢᠷᠠᠭᠤᠯᠵᠤ ᠬᠥᠲᠥᠯᠥᠨ ᠵᠢᠯᠤᠭᠤᠳᠬᠤ ᠦᠢᠯᠡᠴᠢᠯᠡᠭᠡ ᠬᠠᠩᠭᠠᠵᠤ᠂ ᠮᠥᠷᠯᠡᠨ ᠬᠦᠯᠢᠶᠡᠬᠦ ᠴᠠᠭ ᠢ ᠪᠠᠭᠠᠰᠬᠠᠪᠠ᠃      
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号