| ᠬᠤᠸᠠᠩ ᠶᠠ ᠯᠢ ᠪᠠᠢ ᠬᠠᠢ ᠯᠢᠨ ᠶᠠᠷᠢᠶ᠎ᠠ ᠲᠠᠯᠪᠢᠵᠤ ᠸᠠᠩ ᠸᠧᠢ ᠳ᠋ᠦᠩ | ᠯᠦ ᠯᠢ ᠮᠢᠩ ᠬᠤᠷᠠᠯ ᠳᠤ ᠣᠷᠣᠯᠴᠠᠵᠠᠢ | ᠰᠢᠦᠢ ᠠᠢ ᠰᠢᠶᠠᠩ ᠪᠤᠤ ᠶᠦᠨ ᠹᠧᠩ︶ 1 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠭᠦ ᠠᠶᠢᠮᠠᠭ ᠤᠨ | ᠠᠵᠤ ᠠᠬᠤᠢ ᠶᠢᠨ ᠠᠵᠢᠯ ᠤᠨ ᠬᠤᠷᠠᠯ ᠪᠠᠶᠠᠨᠬᠤᠲᠠ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ | ᠱᠦᠵᠢ ᠬᠤᠸᠠᠩ ᠶᠠ ᠯᠢ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠡᠨᠡ ᠵᠢᠯ ᠤᠨ ᠠᠵᠤ ᠠᠬᠤᠢ ᠶᠢᠨ ᠠᠵᠢᠯ ᠳᠤ ᠲᠣᠬᠢᠷᠠᠭᠤᠯᠤᠯᠲᠠ | ᠬᠢᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠭᠢᠯᠡᠭᠴᠢ | ᠸᠠᠩ ᠸᠧᠢ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠬᠤᠷᠠᠯ ᠳᠤ | ᠣᠷᠣᠯᠴᠠᠵᠠᠢ ᠃ | ᠬᠤᠷᠠᠯ ᠳᠡᠭᠡᠷ᠎ᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ 2024 ᠣᠨ ᠤ ᠠᠵᠢᠯ ᠢ ᠳ᠋ᠦᠩᠨᠡᠨ᠂ 2025 ᠣᠨ ᠤ | ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ | ᠬᠤᠷᠠᠯ ᠠᠴᠠ᠂ ᠨᠢᠭᠡ ᠵᠢᠯ ᠤᠨ ᠲᠤᠷᠰᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠠᠶᠢᠮᠠᠭ ᠢᠶᠠᠷ ᠢᠶᠠᠨ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠶᠡᠭᠡ | ᠪᠠᠷ ᠬᠡᠷᠡᠭᠵᠢᠭᠦᠯᠦᠨ᠂ ︽157︾ ᠰᠡᠳᠬᠢᠴᠡ ᠶᠢ ᠨᠠᠶᠢᠳᠠᠪᠤᠷᠢᠵᠢᠭᠤᠯᠵᠤ᠂ ᠴᠤᠴᠠᠯᠲᠠ ᠦᠭᠡᠢ ᠤᠷᠤᠭᠰᠢᠯᠠᠨ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠪᠠ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠲᠠᠯ᠎ᠠ ᠪᠠᠷ | ᠪᠣᠳᠠᠲᠤ ᠦᠷ᠎ᠡ ᠪᠦᠲᠦᠮᠵᠢ ᠣᠯᠵᠤ᠂ ᠵᠢᠷᠭᠤᠭᠠᠨ ᠢᠨᠵᠧᠨᠧᠷᠢᠩ ᠢ ᠶᠡᠭᠡ ᠪᠠᠷ ᠠᠬᠢᠭᠤᠯᠤᠨ᠂ ᠠᠵᠤ ᠠᠬᠤᠢ ᠶᠢᠨ | ᠬᠥᠭᠵᠢᠯᠲᠡ ᠡᠷᠴᠢᠮᠲᠡᠢ ᠪᠣᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠦᠷ᠎ᠡ ᠪᠦᠲᠦᠮᠵᠢ ᠮᠡᠳᠡᠭᠳᠡᠮ᠎ᠡ | ᠪᠣᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠭᠦᠨᠵᠡᠭᠡᠶᠢᠷᠡᠨ ᠠᠬᠢᠵᠤ᠂ ᠠᠯᠤᠰ ᠭᠡᠳᠤ ᠶᠢᠨ ᠬᠥᠭᠵᠢᠯᠲᠡ ᠳᠤ | ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠶᠠᠪᠤᠳᠠᠯ ᠢ ᠪᠡᠶᠡᠯᠡᠭᠦᠯᠦᠨ᠂ ᠤᠯᠠᠨ ᠲᠦᠮᠡᠨ ᠤ ᠬᠠᠮᠤᠭ ᠠᠴᠠ | ᠠᠩᠬᠠᠷᠴᠤ ᠪᠠᠶᠢᠭ᠎ᠠ ᠨᠢᠭᠡ ᠪᠦᠯᠦᠭ ᠪᠣᠳᠠᠲᠤ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠳᠤ ᠴᠥᠮ | ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠪᠠ ᠭᠡᠵᠦ ᠦᠵᠡᠪᠡ᠃ | ᠬᠤᠷᠠᠯ ᠠᠴᠠ᠂ 2025 ᠣᠨ ᠤ ᠠᠵᠢᠯ ᠢ ᠰᠠᠶᠢᠲᠤᠷ ᠬᠢᠬᠦ ᠳᠤ ᠨᠠᠮ ᠤᠨ ᠪᠠᠶᠢᠭᠤᠯᠤᠯᠲᠠ ᠪᠠᠷ | ᠤᠳᠤᠷᠢᠳᠤᠮᠵᠢ ᠪᠣᠯᠭᠠᠨ᠂ ︽ᠵᠢᠷᠭᠤᠭᠠᠨ ᠠᠵᠢᠯᠯᠠᠭ᠎ᠠ︾ ᠪᠠᠷ ᠭᠠᠷᠳᠠᠴᠠ ᠪᠣᠯᠭᠠᠨ᠂ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ ᠪᠠᠷ ᠭᠤᠣᠯᠳᠠᠭᠤᠯᠤᠨ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠪᠠᠯ ᠢᠯᠠᠬᠤ ᠢᠲᠡᠭᠡᠯ ᠵᠣᠷᠢᠭ ᠢᠶᠠᠨ | ᠪᠠᠲᠤᠳᠬᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢ ᠵᠣᠷᠢᠭ ᠢᠶᠠᠨ ᠬᠥᠪᠴᠢᠯᠡᠵᠦ᠂ ︽157︾ | ᠰᠡᠳᠬᠢᠴᠡ ᠳᠤ ᠰᠢᠨ᠎ᠡ ᠰᠢᠪᠲᠤᠯᠤᠯᠲᠠ ᠲᠠᠢ ᠪᠤᠯᠭᠠᠬᠤ ᠶᠢ ᠲᠠᠰᠤᠷᠠᠯᠲᠠ ᠦᠭᠡᠢ ᠠᠬᠢᠭᠤᠯᠤᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠰᠠᠶᠢᠨ ᠰᠠᠶᠢᠬᠠᠨ ᠡᠭᠢᠯᠡᠯᠲᠡ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ | ᠠᠵᠢᠯᠯᠠᠭ᠎ᠠ ᠪᠠᠷ ᠤᠳᠤᠷᠢᠳᠤᠮᠵᠢ ᠪᠤᠯᠭᠠᠵᠤ᠂ ︽ᠨᠢᠭᠡ ᠵᠢᠱᠢᠶ᠎ᠡ ᠦᠵᠡᠭᠦᠯᠭᠦ ᠠᠶᠢᠮᠠᠭ ᠢ ᠪᠠᠶᠢᠭᠤᠯᠬᠤ︾ ᠠᠵᠢᠯ ᠳᠤ | ᠰᠢᠨ᠎ᠡ ᠰᠢᠪᠲᠤᠯᠤᠯᠲᠠ ᠭᠠᠷᠭᠠᠬᠤ ᠶᠢ ᠪᠦᠭᠦ ᠬᠦᠴᠦᠨ ᠢᠶᠠᠷ ᠠᠬᠢᠭᠤᠯᠤᠨ᠂ ᠤᠮᠠᠷᠠᠲᠤ ᠬᠢᠯᠢ ᠶᠢᠨ ᠰᠣᠶᠣᠯ ᠤᠨ | ᠲᠥᠷᠥᠯ ᠲᠡᠮᠳᠡᠭᠲᠦ ᠶᠢ ᠰᠠᠶᠢᠲᠤᠷ ᠴᠣᠭᠴᠠᠯᠠᠵᠤ᠂ ᠪᠦᠯᠬᠦᠮᠳᠡᠨ ᠲᠡᠮᠡᠴᠡᠵᠦ ᠡᠷᠡᠮᠡᠬᠡᠶᠢᠯᠡᠨ ᠤᠷᠤᠭᠰᠢᠯᠠᠬᠤ ᠬᠦᠴᠦᠨ ᠢ | ᠨᠢᠭᠲᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠵᠢᠱᠢᠶ᠎ᠡ ᠦᠵᠡᠭᠦᠯᠭᠦ ᠠᠶᠢᠮᠠᠭ ᠢ ᠪᠠᠶᠢᠭᠤᠯᠬᠤ ᠠᠵᠢᠯ ᠢ ᠢᠮᠠᠭᠲᠠ ᠪᠠᠷᠢᠮᠲᠠᠯᠠᠨ ᠠᠬᠢᠭᠤᠯᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠣᠳᠣᠬᠢᠴᠢᠯᠠᠭᠰᠠᠨ ᠠᠯᠠᠱᠠ ᠶᠢ ᠪᠦᠲᠦᠭᠡᠨ ᠪᠠᠶᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠᠷ ᠭᠠᠷᠳᠠᠴᠠ | ᠪᠤᠯᠭᠠᠵᠤ᠂ ᠠᠵᠠ ᠲᠣᠭᠢᠶᠠᠯ ᠢ ᠠᠮᠵᠢᠨ᠂ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠦᠷᠦᠯ ᠵᠦᠢᠯ ᠢ | ᠢᠳᠡᠪᠬᠢᠲᠡᠢ ᠰᠦᠪᠡᠭᠴᠢᠯᠡᠨ᠂ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢ ᠥᠨᠳᠥᠷ | ᠪᠦᠲᠦᠮᠵᠢᠳᠡᠢ ᠠᠳᠬᠤᠨ᠂ ︽ᠲᠠᠪᠤᠨ ᠶᠡᠭᠡ ᠰᠠᠭᠤᠷᠢᠨ︾ ᠢ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ | ᠪᠤᠯᠬᠤ ᠶᠢ ᠪᠦᠭᠦ ᠬᠦᠴᠦᠨ ᠢᠶᠠᠷ ᠠᠬᠢᠭᠤᠯᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠵᠢᠱᠢᠶ᠎ᠡ ᠦᠵᠡᠭᠦᠯᠭᠦ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠥᠪᠡᠷ ᠤᠨ ᠦᠷᠳᠡᠭ ᠢ ᠪᠠᠭᠤᠷᠠᠭᠤᠯᠵᠤ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠵᠦ᠂ | ᠭᠤᠷᠪᠠᠨ ᠶᠡᠭᠡ ᠡᠯᠡᠰᠦ ᠮᠠᠩᠬ᠎ᠠ ᠶᠢ ᠨᠣᠭᠲᠣᠯᠠᠬᠤ ᠤᠢ ᠰᠢᠭᠤᠢ ᠡᠪᠡᠰᠦ ᠪᠡᠯᠴᠢᠭᠡᠷ ᠤᠨ ᠪᠦᠰᠡ ᠬᠠᠷᠢᠯᠴᠠᠨ ᠨᠡᠶᠢᠯᠡᠬᠦ | ᠶᠢ ᠠᠬᠢᠭᠤᠯᠬᠤ ᠵᠡᠷᠭᠡ ᠲᠠᠯ᠎ᠠ ᠪᠠᠷ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠲᠦᠷᠭᠡᠳᠬᠡᠨ᠂ | ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠵᠡᠷᠭᠡ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠬᠦ ᠬᠡᠷᠡᠭᠲᠡᠢ᠃ | ᠰᠢᠨ᠎ᠡ ᠡᠨᠧᠷᠭᠢ ᠶᠢᠨ ᠲᠣᠮᠣ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠪᠣᠬᠢᠷᠳᠤᠯ ᠦᠭᠡᠢ ᠴᠠᠭᠢᠯᠭᠠᠨ ᠢ | ᠰᠢᠩᠭᠡᠬᠡᠨ ᠠᠪᠬᠤ ᠪᠠ ᠪᠣᠬᠢᠷᠳᠤᠯ ᠦᠭᠡᠢ ᠡᠨᠧᠷᠭᠢ ᠪᠠᠷ ᠣᠷᠣᠯᠠᠭᠤᠯᠬᠤ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠲᠣᠯᠣᠭᠠᠶᠢᠯᠠᠭᠴᠢ ᠭᠤᠣᠯ ᠴᠣᠭᠴᠠ ᠶᠢ ᠣᠷᠣᠭᠤᠯᠤᠨ ᠠᠪᠴᠢᠷᠠᠬᠤ᠂ ᠠᠵᠤ ᠦᠢᠯᠡᠰ ᠤᠨ | ᠰᠢᠰᠲ᠋ᠧᠮ ᠢ ᠲᠡᠭᠦᠯᠳᠡᠷᠵᠢᠭᠦᠯᠬᠦ᠂ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ᠂ ᠬᠠᠮᠲᠤᠷᠠᠯᠴᠠᠨ | ᠰᠢᠩᠭᠡᠬᠡᠨ ᠠᠪᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ | ᠲᠠᠪᠠᠯᠳᠠᠳᠤ ᠬᠥᠭᠵᠢᠯᠲᠡ ᠶᠢ ᠠᠬᠢᠭᠤᠯᠤᠨ᠂ ᠡᠨᠡ ᠵᠢᠯ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠳᠠᠭᠢᠨ ᠢᠶᠠᠷ | ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠢ ᠪᠦᠲᠦᠭᠡᠨ | ᠪᠠᠶᠢᠭᠤᠯᠬᠤ ᠲᠠᠯ᠎ᠠ ᠪᠠᠷ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠬᠤ ᠪᠠᠷ ᠳᠠᠮᠵᠢᠨ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠭᠦᠨᠵᠡᠭᠡᠢ ᠠᠭᠤᠰᠤᠯᠴᠠᠭᠰᠠᠨ ᠳᠠᠭᠠᠯᠲᠠ ᠦᠢᠯᠡᠳᠬᠦᠨ ᠢ ᠥᠷᠭᠡᠳᠬᠡᠵᠦ᠂ ᠠᠵᠤ | ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠤᠨ᠂ ᠥᠷᠢᠰᠦᠯᠳᠦᠭᠡᠨ ᠤ ᠳᠠᠪᠠᠭᠤᠯᠢᠭ ᠲᠣᠪᠣᠶᠢᠮ᠎ᠠ᠂ ᠨᠡᠷ᠎ᠡ ᠨᠥᠯᠥᠭᠡ | ᠲᠠᠢ ᠣᠳᠣᠬᠢᠴᠢᠯᠠᠭᠰᠠᠨ ᠠᠵᠤ ᠦᠢᠯᠡᠰ ᠢ ᠬᠦᠴᠦᠯᠡᠨ ᠴᠣᠭᠴᠠᠯᠠᠬᠤ ᠬᠡᠷᠡᠭᠲᠡᠢ᠃ ᠲᠡᠮᠡᠭᠡᠨ ᠤ ᠠᠵᠤ ᠦᠢᠯᠡᠰ ᠤᠨ | ᠵᠢᠱᠢᠶ᠎ᠡ ᠦᠵᠡᠭᠦᠯᠭᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠣᠲᠣ ᠦᠶ᠎ᠡ ᠶᠢᠨ ᠲᠡᠮᠡᠭᠡᠨ ᠤ ᠠᠵᠤ | ᠦᠢᠯᠡᠰ ᠤᠨ ᠲᠡᠵᠢᠭᠡᠨ ᠦᠷᠡᠵᠢᠭᠦᠯᠬᠦ ᠰᠢᠰᠲ᠋ᠧᠮ᠂ ᠡᠳ᠋ᠰᠢᠭᠦᠯᠬᠦ ᠰᠢᠰᠲ᠋ᠧᠮ ᠪᠠ ᠡᠵᠡᠩᠨᠡᠨ ᠪᠣᠷᠣᠯᠠᠭᠤᠯᠬᠤ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠦᠢᠯᠡᠰ ᠤᠨ ᠬᠡᠪᠴᠢᠶ᠎ᠡ ᠪᠠ ᠶᠠᠰᠤ ᠴᠢᠨᠠᠷ ᠢ ᠵᠡᠷᠭᠡ ᠪᠠᠷ | ᠳᠡᠭᠡᠭᠰᠢᠯᠡᠭᠦᠯᠭᠦ ᠶᠢ ᠪᠡᠶᠡᠯᠡᠭᠦᠯᠦᠨ᠂ ᠡᠨᠡ ᠵᠢᠯ ᠤᠨ ᠲᠡᠮᠡᠭᠡᠨ ᠤ ᠠᠵᠤ ᠦᠢᠯᠡᠰ ᠤᠨ ᠪᠦᠭᠦ ᠬᠡᠯᠬᠢᠶᠡᠨ ᠤ | ᠦᠢᠯᠡᠳᠬᠦᠨ ᠤ ᠥᠷᠲᠡᠭ ᠢ 20% ᠪᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠠᠮᠢ ᠠᠬᠤᠢ ᠶᠢᠨ ᠡᠯᠡᠰᠦᠨ ᠤ | ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠬᠡᠪᠴᠢᠶᠡᠵᠢᠭᠦᠯᠦᠨ | ᠳᠠᠷᠢᠬᠤ᠂ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ᠂ ᠨᠠᠷᠠᠲᠤ ᠲᠡᠮᠳᠡᠭᠵᠢᠭᠦᠯᠦᠨ ᠡᠵᠡᠩᠨᠡᠨ ᠪᠣᠷᠣᠯᠠᠭᠤᠯᠬᠤ | ᠵᠡᠷᠭᠡ ᠪᠦᠭᠦ ᠠᠵᠤ ᠦᠢᠯᠡᠰ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠨᠡ | ᠵᠢᠯ ᠤᠨ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 20% ᠪᠠᠷ ᠨᠡᠮᠡᠭᠳᠡᠭᠦᠯᠬᠦ ᠪᠠᠷ ᠴᠢᠷᠮᠠᠶᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠰᠤ ᠠᠷᠪᠢᠯᠠᠬᠤ᠂ ᠠᠵᠢᠯ ᠣᠯᠭᠤᠯᠲᠠ ᠶᠢ ᠠᠬᠢᠭᠤᠯᠬᠤ᠂ ᠠᠵᠤ ᠠᠬᠤᠶᠢᠯᠠᠯ ᠢ | ᠲᠤᠰᠠᠯᠠᠬᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ | ᠪᠠᠷ ᠤᠳᠤᠷᠢᠳᠤᠮᠵᠢ ᠪᠤᠯᠭᠠᠵᠤ᠂ ︽ᠲᠤᠯᠤᠭᠠᠨ ᠶᠡᠭᠡ ᠢᠨᠵᠧᠨᠧᠷᠢᠩ︾ ᠳᠤ ᠰᠢᠨ᠎ᠡ ᠰᠢᠪᠲᠤᠯᠤᠯᠲᠠ ᠭᠠᠷᠭᠠᠬᠤ ᠶᠢ | ᠪᠦᠭᠦ ᠬᠦᠴᠦᠨ ᠢᠶᠠᠷ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠰᠤᠨ ᠤ ᠬᠦᠴᠢᠷᠳᠡᠯ ᠢ ᠰᠢᠢᠳᠪᠦᠷᠢᠯᠡᠬᠦ ᠳᠤ | ᠭᠦᠢᠴᠡᠳᠬᠡᠯ ᠲᠤᠭ᠎ᠠ ᠳᠤ ᠲᠦᠰᠢᠭᠯᠡᠬᠦ᠂ ᠠᠷᠪᠢᠯᠠᠬᠤ ᠳᠤ ᠲᠦᠰᠢᠭᠯᠡᠬᠦ᠂ ᠦᠵᠡᠯ ᠤᠬᠠᠮᠰᠠᠷ ᠲᠤ ᠲᠦᠰᠢᠭᠯᠡᠬᠦ ᠶᠢ | ᠴᠢᠩᠭᠠᠳᠬᠠᠨ᠂ ᠠᠵᠠ ᠲᠣᠭᠢᠶᠠᠯ ᠢ ᠠᠮᠵᠢᠨ ᠭᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ ᠤᠰᠤ ᠠᠷᠪᠢᠯᠠᠵᠤ | ᠬᠠᠩᠭᠠᠯᠭ᠎ᠠ ᠶᠢ ᠨᠡᠮᠡᠭᠳᠡᠭᠦᠯᠬᠦ ᠨᠢᠭᠡ ᠪᠦᠯᠦᠭ ᠳᠦᠷᠦᠯ ᠵᠦᠢᠯ ᠢ ᠬᠡᠷᠡᠭᠵᠢᠭᠦᠯᠦᠨ᠂ ᠵᠠᠬ᠎ᠠ ᠳᠡᠯᠭᠡᠭᠦᠷᠴᠢᠯᠡᠭᠰᠡᠨ ᠠᠷᠭ᠎ᠠ | ᠪᠠᠷᠢᠯ ᠢᠶᠠᠷ ᠤᠰᠤ ᠠᠷᠪᠢᠯᠠᠬᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠵᠦ᠂ ᠤᠰᠤ ᠠᠷᠪᠢᠯᠠᠬᠤ ᠦᠵᠡᠯ | ᠤᠬᠠᠮᠰᠠᠷ ᠢᠶᠠᠨ ᠴᠢᠩᠭᠠᠳᠬᠠᠨ᠂ ᠲᠠᠷᠢᠶᠠᠯᠠᠩ ᠤᠨ ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ | ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠵᠤ ᠬᠡᠷᠡᠭᠯᠡᠬᠦ ᠶᠢ ᠨᠢᠭᠡᠳᠦᠯᠲᠡᠢ ᠲᠥᠯᠥᠪᠯᠡᠨ | ᠠᠬᠢᠭᠤᠯᠬᠤ ᠬᠡᠷᠡᠭᠲᠡᠢ᠃ | ᠬᠠᠮᠲᠤ ᠪᠠᠷ ᠪᠦᠯᠬᠦᠮᠳᠡᠨ ᠲᠡᠮᠡᠴᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠤᠮ ᠪᠣᠯ᠂ | ᠠᠯᠠᠱᠠ ᠯᠠᠪᠲᠠᠢ ᠠᠵᠠ ᠲᠣᠭᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ᠂ | ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠵᠦ ᠴᠢᠳᠠᠨ᠎ᠠ ᠭᠡᠳᠡᠭ ᠢ ᠰᠡᠩᠬᠡᠷᠡᠭᠦᠯᠵᠦ ᠪᠠᠶᠢᠨ᠎ᠠ᠃ | ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ᠂ ᠠᠵᠤ | ᠠᠬᠤᠶᠢᠯᠠᠯ ᠪᠣᠯᠣᠨ ᠬᠤᠶᠠᠷ ᠶᠡᠭᠡ ᠴᠡᠷᠢᠭ ᠤᠨ ᠶᠠᠪᠤᠳᠠᠯ ᠤᠨ ᠰᠠᠭᠤᠷᠢᠨ ᠤ ᠲᠤᠯᠭᠠᠮ ᠬᠡᠷᠡᠭᠴᠡᠭᠡ ᠶᠢ ᠴᠢᠩᠭ᠎ᠠ | ᠠᠩᠬᠠᠷᠴᠤ᠂ ︽ᠠᠷᠠᠳ ᠤᠨ ᠰᠡᠳᠬᠢᠯ ᠢ ᠳᠤᠯᠠᠭᠠᠴᠠᠭᠤᠯᠬᠤ︾᠂ ︽ᠠᠵᠤ ᠠᠬᠤᠶᠢᠯᠠᠯᠲᠠᠳ ᠤᠨ ᠰᠡᠳᠬᠢᠯ ᠢ | ᠳᠤᠯᠠᠭᠠᠴᠠᠭᠤᠯᠬᠤ︾᠂ ︽ᠴᠡᠷᠢᠭ ᠤᠨ ᠰᠡᠳᠬᠢᠯ ᠢ ᠳᠤᠯᠠᠭᠠᠴᠠᠭᠤᠯᠬᠤ︾ ᠠᠵᠢᠯ ᠢ ᠰᠢᠯᠢᠳᠡᠭᠵᠢᠭᠦᠯᠦᠨ᠂ | ᠠᠶᠢᠮᠠᠭ ᠤᠨ ᠲᠡᠰ ᠤᠨ ᠠᠷᠠᠳ ᠤᠨ ᠠᠮᠢᠳᠤᠷᠠᠯ ᠤᠨ15 ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠵᠦ᠂ | ᠬᠥᠮᠥᠰ ᠤᠨ ᠰᠡᠳᠬᠢᠯ ᠢ ᠳᠤᠯᠠᠭᠠᠴᠠᠭᠤᠯᠬᠤ ᠪᠠᠷ ᠳᠠᠮᠵᠢᠨ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ | ᠬᠡᠷᠡᠭᠲᠡᠢ᠃ ᠨᠡᠭᠡᠭᠡᠯᠲᠡᠲᠤ ᠬᠠᠮᠲᠤᠷᠠᠯᠴᠠᠭᠠᠨ ᠤ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠭᠠᠳᠠᠭᠠᠳᠤ ᠳᠠᠭᠠᠨ ᠪᠣᠭᠤᠮᠲᠠ ᠶᠢᠨ ᠠᠵᠤ ᠠᠬᠤᠢ ᠶᠢ ᠪᠤᠵᠠᠭᠠᠶᠢᠷᠠᠭᠤᠯᠤᠨ᠂ ᠴᠡᠭᠡ ᠪᠣᠭᠤᠮᠲᠠ ᠪᠠᠷ ᠥᠩᠭᠡᠷᠡᠬᠦ | ᠪᠠᠷᠠᠭᠠᠨ ᠤ ᠬᠡᠮᠵᠢᠶ᠎ᠡ᠂ ᠠᠷᠠᠯᠵᠢᠶᠠᠨ ᠤ ᠬᠡᠮᠵᠢᠶ᠎ᠡ ᠶᠢᠨ ᠰᠢᠨ᠎ᠡ ᠲᠡᠮᠳᠡᠭᠯᠡᠯ ᠢ ᠡᠭᠦᠳᠬᠦ ᠪᠠᠷ ᠬᠦᠴᠦᠯᠡᠵᠦ᠂ ᠥᠯᠵᠡᠢ | ᠪᠣᠭᠤᠮᠲᠠ ᠶᠢ ᠵᠢᠩᠬᠢᠨᠢ ᠪᠠᠷ ᠨᠡᠪᠲᠡᠷᠡᠭᠦᠯᠬᠦ ᠨᠥᠬᠦᠴᠡᠯ ᠳᠤ ᠬᠦᠷᠭᠡᠬᠦ ᠭᠡᠷᠡᠭᠳᠡᠢ;ᠳᠣᠲᠣᠭᠠᠳᠤ ᠳᠠᠭᠠᠨ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠴᠡᠪᠡᠷ | ᠡᠨᠧᠷᠭᠢ ᠶᠢ ᠰᠢᠩᠭᠡᠭᠡᠬᠦ᠂ ᠠᠵᠤ ᠦᠢᠯᠡᠰ ᠢ ᠲᠡᠰ ᠳᠡᠪᠰᠢᠭᠦᠯᠬᠦ᠂ ᠡᠬᠢ ᠪᠠᠶᠠᠯᠢᠭ ᠤᠨ ᠡᠯᠧᠮᠧᠨ᠋ᠲ ᠵᠡᠷᠭᠡ ᠬᠦᠷᠢᠶ᠎ᠡ | ᠴᠠᠷᠠᠭᠠᠨ ᠳᠤ ᠬᠠᠷᠢᠯᠴᠠᠨ ᠠᠰᠢᠭ ᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠠᠬᠢᠭᠤᠯᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠭᠤᠷᠬᠠᠢ ᠡᠷᠢᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠦᠨ᠂ ᠴᠢᠨᠠᠷ ᠰᠠᠶᠢᠲᠠᠢ | ᠬᠥᠭᠵᠢᠯᠲᠡ ᠳᠤ ᠲᠠᠪᠴᠠᠩ ᠬᠠᠩᠭᠠᠵᠤ᠂ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠰᠤᠷᠪᠤᠯᠵᠢ᠂ ᠬᠢᠯᠢ ᠬᠢᠵᠠᠭᠠᠷ ᠢ ᠰᠠᠬᠢᠵᠤ ᠬᠠᠮᠠᠭᠠᠯᠠᠬᠤ ᠶᠢ ᠨᠢᠭᠡ | ᠴᠣᠭᠴᠠᠵᠢᠭᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠪᠦᠰᠡ ᠬᠤᠯᠪᠤᠭᠠᠯᠠᠨ ᠰᠡᠷᠭᠡᠶᠢᠯᠡᠬᠦ | ᠂ ᠠᠵᠤ ᠦᠢᠯᠡᠰ ᠬᠤᠯᠪᠤᠭᠠᠯᠠᠨ ᠬᠥᠳᠡᠯᠦᠯᠴᠡᠬᠦ᠂ ᠪᠦᠭᠦ ᠠᠵᠢᠯᠲᠠᠨ ᠬᠤᠯᠪᠤᠭᠠᠯᠠᠨ ᠵᠠᠰᠠᠬᠤ ᠲᠣᠭᠲᠠᠴᠠ ᠶᠢ | ᠴᠢᠩᠭᠠᠳᠬᠠᠨ᠂ ᠡᠯᠡᠰᠦᠷᠬᠡᠭᠵᠢᠯ ᠢ ᠵᠠᠰᠠᠬᠤ ᠳᠦᠷᠤᠯ ᠵᠦᠢᠯ ᠢ ︽ᠭᠦᠪᠡᠭᠡ ᠳᠠᠭᠠᠤ᠂ ᠬᠢᠯᠢ ᠳᠠᠭᠠᠤ᠂ ᠵᠠᠮ ᠳᠠᠭᠠᠤ︾ | ᠪᠠᠶᠢᠷᠢᠯᠠᠭᠤᠯᠬᠤ ᠶᠢ ᠲᠦᠯᠬᠢᠨ ᠠᠬᠢᠭᠤᠯᠵᠤ᠂ ᠨᠢᠭᠡ ᠴᠣᠭᠴᠠᠵᠢᠭᠤᠯᠬᠤ ᠠᠵᠢᠯ ᠢ ᠰᠠᠶᠢᠲᠤᠷ ᠬᠢᠵᠦ᠂ | ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠪᠠ ᠴᠢᠳᠠᠪᠤᠷᠢ ᠶᠢ ᠨᠡᠮᠡᠭᠳᠡᠭᠦᠯᠵᠦ ᠤᠯᠠᠨ | ᠲᠠᠯ᠎ᠠ ᠪᠠᠷ ᠠᠰᠢᠭ ᠭᠦᠷᠳᠡᠭᠦ ᠶᠢ ᠪᠡᠶᠡᠯᠡᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠪᠣᠯᠣᠨ ᠠᠵᠤ ᠦᠢᠯᠡᠰ ᠢ ᠲᠡᠰ | ᠳᠡᠪᠰᠢᠭᠦᠯᠬᠦ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠂ ᠤᠨᠢᠨ ᠳᠡᠭᠡᠷ᠎ᠡ ᠨᠢ ᠬᠦᠴᠦᠯᠡᠵᠦ ᠪᠠᠶᠢᠭᠠᠳ ᠠᠵᠤ ᠦᠢᠯᠡᠰ ᠢ ᠬᠦᠴᠦᠷᠬᠡᠭᠵᠢᠭᠦᠯᠵᠦ᠂ | ᠠᠵᠠ ᠲᠣᠭᠢᠶᠠᠯ ᠢ ᠠᠮᠵᠢᠨ ᠬᠥᠳᠡᠯᠭᠡᠬᠦ ᠬᠦᠴᠦᠨ ᠢ ᠪᠤᠢ ᠪᠣᠯᠭᠠᠨ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ᠂ | ᠤᠯᠠᠨ ᠡᠰᠢᠴᠢᠯᠡᠨ ᠬᠥᠭᠵᠢᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ | ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠰᠠᠭᠤᠷᠢ ᠲᠥᠬᠦᠭᠡᠷᠦᠮᠵᠢ ᠶᠢ | ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠪᠦᠯᠦᠭ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠰᠲ᠋ᠧᠮ ᠲᠠᠢ ᠲᠥᠯᠥᠪᠵᠢᠭᠦᠯᠦᠨ᠂ ᠶᠠᠪᠤᠵᠤ ᠰᠠᠭᠤᠬᠤ | ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠬᠤᠳᠠ ᠬᠥᠳᠡᠭᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ | ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠪᠣᠭᠤᠮᠲᠠ | ᠰᠢᠪᠲᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠶᠡᠭᠡ ᠡᠷᠴᠢᠮ ᠢᠶᠠᠷ ᠴᠢᠳᠠᠪᠤᠷᠢᠲᠠᠨ ᠢ | ᠬᠥᠮᠥᠵᠢᠭᠦᠯᠦᠨ᠂ ᠨᠡᠩ ᠤᠯᠠᠨ ᠪᠣᠳᠠᠲᠠᠢ ᠠᠷᠭ᠎ᠠ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠰᠢᠨ᠎ᠡ ᠡᠨᠧᠷᠭᠢ᠂ | ᠡᠯᠡᠰᠦᠨ ᠤ ᠠᠵᠤ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ | ᠪᠣᠭᠤᠮᠲᠠ ᠰᠢᠪᠲᠤᠯᠬᠤ ᠠᠵᠢᠯ ᠢ ᠶᠡᠭᠡ ᠪᠠᠷ ᠥᠷᠨᠢᠭᠦᠯᠦᠨ᠂ ᠨᠡᠩ ᠤᠯᠠᠨ ᠴᠢᠳᠠᠪᠤᠷᠢᠲᠠᠨ ᠢ ᠳᠠᠳᠠᠨ ᠠᠪᠴᠢᠷᠠᠵᠤ᠂ | ᠨᠡᠩ ᠤᠯᠠᠨ ᠰᠢᠨᠵᠢᠯᠡᠬᠦ ᠤᠬᠠᠭᠠᠨ ᠤ ᠡᠭᠦᠳᠦᠯᠲᠡ ᠶᠢᠨ ᠦᠷ᠎ᠡ ᠪᠦᠲᠦᠭᠡᠯ ᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠨ᠂ ᠣᠨᠣᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠤᠨ᠂ ᠺᠠᠳ᠋ᠷ ᠤᠨ ᠡᠩᠨᠡᠭᠡ ᠶᠢ ᠰᠠᠶᠢᠲᠤᠷ ᠳᠠᠪᠲᠠᠨ ᠪᠤᠯᠪᠠᠰᠤᠷᠠᠭᠤᠯᠵᠤ᠂ ᠤᠯᠤᠰ | ᠲᠥᠷᠥ ᠶᠢᠨ ᠠᠮᠢ ᠠᠬᠤᠢ ᠶᠢ ᠰᠢᠯᠢᠳᠡᠭᠵᠢᠭᠦᠯᠦᠨ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠨ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠪᠠ ︽157︾ ᠰᠡᠳᠬᠢᠴᠡ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠢᠲᠡᠭᠡᠯ | ᠵᠣᠷᠢᠭ ᠢᠶᠠᠨ ᠬᠥᠪᠴᠢᠯᠡᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠯᠠᠪᠳᠠᠭᠤᠨ ᠪᠠᠲᠤᠲᠠᠢ ᠠᠵᠢᠯᠯᠠᠨ᠂ ᠵᠣᠷᠢᠭᠲᠠᠢ | ᠰᠡᠳᠬᠢᠵᠦ ᠵᠣᠷᠢᠭᠲᠠᠢ ᠬᠢᠵᠦ᠂ ᠴᠢᠩᠭ᠎ᠠ ᠠᠳᠬᠤᠨ ᠲᠦᠷᠭᠡᠨ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ | ᠲᠦᠪᠰᠢᠨ ᠳᠤ ᠣᠷᠣᠬᠤ ᠳᠤ ᠨᠡᠩ ᠤᠯᠠᠨ ᠠᠯᠠᠱᠠ ᠶᠢᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠠᠯᠠᠱᠠ ᠵᠡᠭᠦᠨ ᠬᠤᠰᠢᠭᠤᠨ ᠤ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ | ᠲᠣᠭᠤᠷᠢᠨ ᠦᠵᠡᠵᠦ᠂ ᠡᠯ᠎ᠡ ᠬᠤᠰᠢᠭᠤ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ 2025 | ᠣᠨ ᠤ ᠠᠵᠢᠯ ᠤᠨ ᠰᠡᠳᠬᠢᠴᠡ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠦ ᠰᠠᠨᠠᠯ ᠢᠶᠠᠨ ᠰᠣᠯᠢᠯᠴᠠᠪᠠ᠃ |