ᠢᠲᠡᠭᠡᠯ ᠵᠣᠷᠢᠭ ᠢᠶᠠᠨ ᠪᠠᠲᠤᠳᠬᠠᠵᠤ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ ᠲᠡᠷᠢᠭᠦᠨ ᠳᠤ ᠣᠷᠣᠬᠤ ᠪᠠᠷ ᠡᠷᠡᠮᠡᠬᠡᠶᠢᠯᠡᠨ ᠲᠡᠮᠡᠴᠡᠨ᠎ᠡ
ᠨᠡᠶᠢᠲᠡᠯᠡᠭᠰᠡᠨ ᠴᠠᠭ᠄
2025/4/7
                             ᠢᠲᠡᠭᠡᠯ ᠵᠣᠷᠢᠭ ᠢᠶᠠᠷ ᠬᠥᠭᠵᠢᠯᠲᠡ ᠶᠢᠨ ᠬᠦᠴᠦᠨ ᠢ ᠨᠢᠭᠲᠠᠷᠠᠭᠤᠯᠵᠤ᠂ ᠪᠣᠳᠠᠲᠠᠢ ᠠᠵᠢᠯᠯᠠᠵᠤ ᠰᠢᠨ᠎ᠡ ᠢᠷᠠᠭᠤ ᠬᠠᠭᠤᠳᠠᠰᠤ ᠶᠢ ᠪᠢᠴᠢᠭᠯᠡᠨ᠎ᠡ᠃ 1 ᠰᠠᠷ᠎ᠠ ᠶᠢᠨ 19 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠭᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠨᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2024 ᠣᠨ ᠤ ᠪᠦᠭᠦ ᠠᠶᠢᠮᠠᠭ ᠤᠨ ᠠᠵᠢᠯ ᠢ ᠪᠤᠰᠤᠳᠴᠢ ᠪᠠᠷ ᠳ᠋ᠦᠩᠨᠡᠨ᠂ ᠣᠳᠣᠬᠠᠨ ᠤ ᠠᠵᠠ ᠲᠣᠭᠢᠶᠠᠯ ᠢ ᠰᠢᠰᠲ᠋ᠧᠮ ᠲᠠᠢ ᠵᠠᠳᠠᠯᠵᠤ᠂ 2025 ᠣᠨ ᠤ ᠪᠦᠭᠦ ᠲᠠᠯ᠎ᠠ ᠶᠢᠨ ᠠᠵᠢᠯ ᠳᠤ ᠦᠨᠳᠦᠰᠦᠨ ᠵᠢᠷᠤᠮᠵᠢᠯ ᠬᠠᠩᠭᠠᠵᠤ᠂ ᠬᠥᠮᠥᠰ ᠢ ᠵᠣᠷᠢᠭᠵᠢᠭᠤᠯᠤᠨ ᠤᠷᠮᠠᠰᠢᠭᠤᠯᠤᠭᠰᠠᠨ ᠬᠤᠷᠠᠯ ᠪᠣᠯᠤᠭᠰᠠᠨ ᠪᠠᠶᠢᠨ᠎ᠠ᠃          ᠮᠠᠷᠲᠠᠭᠳᠠᠰᠢ ᠦᠭᠡᠢ 2024 ᠣᠨ ᠢ ᠡᠷᠭᠢᠴᠡᠭᠦᠯᠬᠦᠶ᠎ᠡ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠠᠯᠠᠱᠠ ᠳᠤ ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠪᠠ᠃ ᠨᠢᠭᠡ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ ᠪᠦᠭᠦ ᠠᠶᠢᠮᠠᠭ ᠤᠨ ᠡᠯ᠎ᠡ ᠦᠨᠳᠦᠰᠦᠲᠡᠨ ᠤ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽157︾ ᠰᠡᠳᠬᠢᠴᠡ ᠶᠢ ᠯᠠᠪᠳᠠᠭᠤᠨ ᠪᠠᠲᠤᠲᠠᠢ ᠠᠬᠢᠭᠤᠯᠤᠨ᠂ ᠦᠯᠡᠮᠵᠢ ᠦᠷ᠎ᠡ ᠪᠦᠲᠦᠭᠡᠯ ᠭᠠᠷᠭᠠᠬᠤ ᠶᠢ ᠪᠡᠶᠡᠯᠡᠭᠦᠯᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠦᠨ ᠠᠮᠵᠢᠯᠲᠠ ᠪᠦᠲᠦᠮᠵᠢ ᠭᠠᠷᠭᠠᠵᠤ᠂ ︽ᠵᠢᠷᠭᠤᠭᠠᠨ ᠢᠨᠵᠧᠨᠧᠷᠢᠩ︾ ᠢ ᠶᠡᠭᠡ ᠪᠠᠷ ᠬᠡᠷᠡᠭᠵᠢᠭᠦᠯᠦᠨ᠂ ᠠᠵᠤ ᠠᠬᠤᠢ ᠶᠢᠨ ᠥᠷᠨᠢᠭᠦᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠭᠦᠨᠵᠡᠭᠡᠶᠢᠷᠡᠭᠦᠯᠦᠨ᠂ ᠠᠯᠤᠰ ᠭᠡᠳᠤ ᠶᠢᠨ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ ᠶᠡᠭᠡ ᠶᠠᠪᠤᠳᠠᠯ ᠴᠢᠬᠤᠯᠠ ᠶᠠᠪᠤᠳᠠᠯ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠨᠢᠭᠡ ᠪᠦᠯᠦᠭ ᠪᠣᠳᠠᠲᠤ ᠠᠰᠠᠭᠤᠳᠠᠯ ᠢ ᠰᠢᠢᠳᠪᠦᠷᠢᠯᠡᠨ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠪᠠ᠃          ᠡᠳᠡᠭᠡᠷ ᠠᠮᠵᠢᠯᠲᠠ ᠨᠢ ᠪᠢᠳᠡᠨ ᠳᠤ ᠬᠥᠭᠵᠢᠯᠲᠡ ᠶᠢᠨ ᠢᠲᠡᠭᠡᠯ ᠵᠣᠷᠢᠭ ᠪᠣᠯᠣᠨ ᠬᠥᠳᠡᠯᠭᠡᠬᠦ ᠬᠦᠴᠦᠨ ᠣᠯᠭᠤᠭᠰᠠᠨ ᠢᠶᠠᠷ ᠪᠠᠷᠠᠬᠤ ᠦᠭᠡᠢ᠂ ᠨᠡᠩ ᠴᠤ ᠪᠢᠳᠡᠨ ᠳᠤ᠄ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠤᠯᠭᠠᠬᠤ ᠶᠢ ᠪᠠᠷᠢᠮᠲᠠᠯᠠᠨ᠂           ᠴᠠᠭ ᠲᠣᠭᠢᠶᠠᠯ ᠢ ᠠᠮᠵᠢᠬᠤ ᠳᠤ ᠪᠢᠳᠡ ᠡᠷᠬᠡᠪᠰᠢ ᠶᠡᠭᠡ ᠬᠠᠨᠳᠤᠰᠢ ᠶᠢ ᠴᠢᠳᠠᠮᠠᠭᠠᠢ ᠡᠵᠡᠮᠳᠡᠵᠦ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠥᠭᠡᠳ ᠪᠠᠰᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠪᠣᠯᠬᠤᠷ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ  ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠦᠭᠦ ᠤᠯᠤᠰ ᠤᠨ ᠪᠠᠶᠢᠳᠠᠯ ᠠᠴᠠ ᠦᠵᠡᠪᠡᠯ᠂ ᠤᠯᠤᠰ ᠠᠴᠠ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠠᠯᠢ ᠤᠯᠠᠨ ᠲᠦᠷᠦ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠤᠯᠭᠠᠵᠦ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠤᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠨᠡᠩ ᠡᠷᠴᠢᠮᠲᠡᠢ ᠪᠤᠯᠪᠠ;ᠪᠦᠭᠦ ᠣᠷᠣᠨ ᠤ ᠪᠠᠶᠢᠳᠠᠯ ᠠᠴᠠ ᠦᠵᠡᠪᠡᠯ᠂ ᠥᠪᠥᠷ ᠮᠣᠩᠭᠤᠯ ᠤᠨ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠠᠤᠭ᠎ᠠ ᠰᠠᠨᠠᠭ᠎ᠠ ᠡᠷᠡᠯᠬᠡᠭ ᠵᠣᠷᠢᠭ ᠪᠣᠳᠠᠲᠤ ᠠᠬᠤᠢ ᠪᠣᠯᠵᠤ ᠂ 2024 ᠣᠨ ᠳᠤ ᠪᠦᠭᠦ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ 20 ᠳ᠋ᠤᠭᠠᠷ ᠲᠤ ᠵᠢᠭᠰᠠᠭᠠᠭᠳᠠᠨ᠂ 5 ᠵᠢᠯ ᠢ ᠥᠩᠭᠡᠷᠡᠭᠡᠭᠡᠳ ᠳᠤᠮᠳᠠ ᠲᠦᠢᠪᠰᠢᠨ ᠳᠤ ᠲᠠᠭᠢᠨ ᠤᠷᠤᠪᠠ;ᠪᠦᠭᠦ ᠠᠶᠢᠮᠠᠭ ᠤᠨ ᠪᠠᠶᠢᠳᠠᠯ ᠠᠴᠠ ᠦᠵᠡᠪᠡᠯ᠂ ᠠᠯᠠᠱᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠠᠨᠳᠤᠰᠢ ᠡᠷᠴᠢᠮᠲᠡᠢ ᠪᠥᠭᠡᠳ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠠᠭᠤᠷᠢ ᠪᠠᠲᠤᠲᠠᠢ ᠪᠠᠶᠢᠵᠤ᠂ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠪᠣᠭᠤᠮᠲᠠ ᠶᠢᠨ ᠠᠷᠠᠯᠵᠢᠶ᠎ᠠ ᠬᠤᠳᠠᠯᠳᠤᠭ᠎ᠠ ᠥᠷᠨᠢᠩᠭᠦᠢ ᠬᠥᠭᠵᠢᠨ᠂ ᠴᠢᠨᠠᠷ ᠰᠠᠶᠢᠲᠠᠢ ᠬᠥᠭᠵᠢᠯᠲᠡ ᠰᠠᠶᠢᠬᠠᠨ ᠢᠷᠡᠭᠡᠳᠦᠢ ᠲᠠᠢ ᠪᠠᠶᠢᠨ᠎ᠠ᠃ ᠡᠳᠡᠭᠡᠷ ᠨᠢ ᠴᠥᠮ ᠪᠢᠳᠡᠨ ᠤ ᠬᠥᠭᠵᠢᠯᠲᠡ ᠪᠠᠨ ᠲᠦᠷᠭᠡᠳᠬᠡᠬᠦ ᠳᠤ ᠡᠷᠬᠢᠮ ᠨᠠᠨᠳᠢᠨ ᠠᠵᠠ ᠲᠣᠭᠢᠶᠠᠯ ᠪᠠ ᠪᠠᠲᠤ ᠪᠠᠬᠢ ᠲᠦᠰᠢᠭ ᠲᠤᠯᠭᠠᠭᠤᠷᠢ ᠪᠣᠯᠵᠤ ᠪᠠᠶᠢᠨ᠎ᠠ᠃ ᠪᠢᠳᠡ ᠬᠠᠷᠠᠯᠲᠠ ᠪᠠᠨ ᠣᠨᠣᠴᠠᠲᠠᠢ ᠲᠣᠭᠲᠠᠭᠠᠵᠤ᠂ ᠦᠨᠡᠨ ᠬᠦ  ᠠᠳᠬᠤᠨ ᠪᠣᠳᠠᠲᠠᠢ ᠠᠵᠢᠯᠯᠠᠵᠤ ᠤᠷᠤᠭᠰᠢᠯᠠᠳᠠᠭ ᠯᠠ ᠶᠤᠮ ᠪᠣᠯ ᠯᠠᠪᠲᠠᠢ ᠬᠦᠴᠢᠷ ᠪᠡᠷᠬᠡᠰᠢᠶᠡᠯ ᠪᠣᠯᠣᠨ ᠥᠷᠢᠰᠦᠯᠳᠦᠭᠡᠨ ᠢ ᠢᠯᠠᠨ ᠳᠠᠪᠠᠵᠤ᠂ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠪᠡᠶᠡᠯᠡᠭᠦᠯᠵᠦ ᠴᠢᠳᠠᠬᠤ ᠶᠤᠮ᠃          ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠬᠤ ᠳᠤ᠂ ᠪᠢᠳᠡ ᠡᠷᠬᠡᠪᠰᠢ ᠡᠷᠡᠰ ᠰᠢᠭᠤᠷᠬᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠵᠣᠷᠢᠭᠲᠠᠢ ᠰᠡᠳᠬᠢᠨ ᠵᠣᠷᠢᠭᠲᠠᠢ ᠬᠢᠵᠦ ᠵᠣᠷᠢᠭᠲᠠᠢ ᠲᠡᠮᠡᠴᠡᠬᠦ ᠴᠢᠬᠤᠯᠠᠲᠠᠢ᠃ ᠲᠣᠰ ᠤᠳᠠᠭᠠᠨ ᠤ ᠬᠤᠷᠠᠯ ᠠᠴᠠ ᠪᠦᠭᠦ ᠠᠶᠢᠮᠠᠭ ᠤᠨ ᠡᠨᠡ ᠵᠢᠯ ᠤᠨ ᠡᠯ᠎ᠡ ᠵᠦᠢᠯ ᠤᠨ ᠠᠵᠢᠯ ᠢᠯᠠᠩᠭᠤᠶ᠎ᠠ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠠᠢ᠃ ᠡᠨᠡ ᠨᠢ ᠬᠥᠭᠵᠢᠯᠲᠡ ᠶᠢᠨ ᠶᠡᠭᠡ ᠬᠠᠨᠳᠤᠰᠢ ᠪᠠ ᠠᠶᠢᠮᠠᠭ ᠤᠨ ᠪᠣᠳᠠᠲᠤ ᠪᠠᠶᠢᠳᠠᠯ ᠢ ᠭᠦᠨᠵᠡᠭᠡᠢ ᠵᠠᠳᠠᠯᠵᠤ᠂ ᠠᠵᠠ ᠲᠣᠭᠢᠶᠠᠯ ᠪᠠ ᠥᠷᠢᠰᠦᠯᠳᠦᠭᠡᠨ ᠢ ᠣᠨᠣᠪᠴᠢᠲᠠᠶ ᠡᠵᠡᠮᠳᠡᠭᠰᠡᠨ ᠰᠠᠭᠤᠷᠢᠨ ᠳᠡᠭᠡᠷ᠎ᠡ ᠭᠠᠷᠭᠠᠭᠰᠠᠨ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠪᠥᠭᠡᠳ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠪᠦᠭᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠷᠠᠯ ᠤᠨ ᠰᠢᠢᠳᠪᠦᠷᠢ ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠵᠣᠷᠢᠭᠲᠠᠢ ᠰᠢᠨ᠎ᠡ ᠶᠢ ᠡᠭᠦᠳᠬᠦ᠂ ᠰᠢᠨ᠎ᠡ ᠶᠢ ᠡᠭᠦᠳᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠤᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽157︾ ᠰᠡᠳᠬᠢᠴᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ᠂ ᠬᠠᠷᠰᠢ ᠰᠠᠭᠠᠳ ᠢ ᠡᠪᠳᠡᠨ᠂ ᠥᠭᠡᠷᠡᠴᠢᠯᠡᠯᠲᠡ ᠪᠠᠷ ᠳᠠᠮᠵᠢᠨ ᠨᠡᠩ ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ ᠃ ᠪᠢᠳᠡ ᠵᠤᠷᠰᠢᠯ ᠤᠨ ᠬᠦᠯᠢᠶᠡᠰᠦᠯᠡᠯ ᠠᠴᠠ ᠵᠣᠷᠢᠭᠲᠠᠢ ᠮᠤᠯᠲᠤᠷᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠣᠷᠢᠭᠲᠠᠢ ᠲᠤᠷᠰᠢᠵᠤ᠂ ᠵᠣᠷᠢᠭᠲᠠᠢ ᠠᠵᠢᠯᠯᠠᠳᠠᠭ ᠯᠠ ᠶᠤᠮ ᠪᠣᠯ ᠯᠠᠪᠳᠠᠶ᠎ᠠ ᠲᠤᠰ ᠪᠡᠶ᠎ᠡ ᠶᠢᠨ ᠳᠠᠪᠠᠭᠤᠯᠢᠭ ᠪᠠ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢᠶᠠᠨ ᠬᠥᠭᠵᠢᠯᠲᠡ ᠶᠢᠨ ᠪᠣᠳᠠᠲᠤ ᠪᠦᠲᠦᠮᠵᠢ ᠪᠣᠯᠭᠠᠨ ᠬᠤᠪᠢᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠵᠤ᠂ ᠠᠯᠠᠱᠠ ᠶᠢᠨ ᠨᠡᠩ ᠭᠡᠷᠡᠯ ᠰᠠᠴᠤᠷᠠᠩᠭᠤᠢ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠣᠨ ᠨᠡᠭᠡᠭᠡᠵᠦ ᠴᠢᠳᠠᠬᠤ ᠶᠤᠮ᠃        
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号