| -ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ | ᠬᠤᠷᠠᠯ ᠵᠢᠴᠢ ᠪᠦᠭᠦ ᠠᠶᠢᠮᠠᠭ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠳᠤᠭᠤᠶᠢᠯᠠᠩ ᠤᠨ ᠶᠠᠷᠢᠯᠴᠠᠭ᠎ᠠ ᠶᠢᠨ ᠲᠠᠲᠠᠯᠠᠭ᠎ᠠ | ᠰᠤᠷᠪᠤᠯᠵᠢᠯᠠᠬᠴᠢ ᠵᠠᠩ ᠢᠦᠢ ᠨᠡᠷᠡᠨ᠎ᠡ ᠥᠯᠵᠡᠶᠢᠪᠠᠲᠤ ᠦ᠋ ᠴᠤᠤ ᠲᠡᠷᠭᠡᠯ | | ᠨᠢᠳᠤᠨᠤᠨ ᠵᠢᠯ ᠤᠨ ᠠᠮᠵᠢᠯᠲᠠ ᠪᠦᠲᠦᠮᠵᠢ ᠶᠢ ᠲᠡᠶᠢᠮᠦ ᠭᠢᠯᠪᠠᠷᠬᠠᠨ ᠢᠶᠠᠷ ᠣᠯᠣᠭᠰᠠᠨ ᠪᠢᠰᠢ᠂ ᠡᠨᠡ ᠵᠢᠯ | ᠤᠨ ᠠᠵᠢᠯ ᠤᠨ ᠬᠠᠷᠠᠯᠲᠠ ᠲᠣᠳᠣᠷᠬᠠᠢ ᠪᠣᠯᠪᠠ᠃ 1 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠭᠦ ᠠᠶᠢᠮᠠᠭ ᠤᠨ | ᠠᠵᠤ ᠠᠬᠤᠢ ᠶᠢᠨ ᠠᠵᠢᠯ ᠤᠨ ᠬᠤᠷᠠᠯ ᠪᠠᠶᠠᠨᠬᠤᠲᠠ ᠳᠤ ᠬᠤᠷᠠᠯᠳᠤᠪᠠ᠃ ᠳᠤᠭᠤᠶᠢᠯᠠᠩ ᠬᠤᠪᠢᠶᠠᠨ ᠶᠠᠷᠢᠯᠴᠠᠬᠤ | ᠳᠤᠮᠳᠠ᠂ ᠬᠤᠷᠠᠯ ᠳᠤ ᠣᠷᠣᠯᠴᠠᠭᠰᠠᠳ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠪᠣᠯᠣᠨ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠤ ᠶᠠᠷᠢᠶᠠᠨ ᠤ | ᠲᠣᠭᠤᠷᠢᠨ ᠳᠤ ᠬᠥᠭᠵᠢᠶᠡᠨᠲᠡᠢ ᠶᠠᠷᠢᠯᠴᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃ | ︽ᠰᠠᠶ᠋ᠢᠬᠠᠨ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠨᠢ | ᠬᠥᠮᠥᠰ ᠤᠨ ᠰᠡᠳᠬᠢᠯ ᠢ ᠬᠥᠭᠵᠢᠭᠡᠵᠦ᠂ ᠤᠷᠮ᠎ᠠ ᠵᠣᠷᠢᠭ ᠢ ᠬᠥᠪᠴᠢᠯᠡᠪᠡ᠃ ᠪᠢᠳᠡ ᠬᠠᠷᠠᠯᠲᠠᠲᠤ ᠡᠭᠦᠷᠭᠡ ᠶᠢᠨ | ᠲᠣᠭᠤᠷᠢᠨ ᠳᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ︾᠃ | ᠠᠯᠠᠱᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠲᠢᠶᠠᠨ ᠶᠤᠸᠠᠨ᠂ ᠬᠤᠵᠢᠷ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠲᠥᠷᠥᠯ ᠵᠦᠢᠯ ᠢ ᠰᠠᠶᠢᠲᠤᠷ ᠲᠥᠯᠥᠪᠵᠢᠭᠦᠯᠵᠦ᠂ ᠳᠠᠪᠠᠭᠤᠯᠢᠭ ᠢᠶᠠᠨ ᠥᠷᠭᠡᠳᠬᠡᠨ᠂ ᠳᠤᠮᠳᠠᠳᠤ ᠤᠯᠤᠰ ᠤᠨ | ᠬᠤᠵᠢᠷ ᠤᠨ ᠬᠤᠲᠠ ᠶᠢ ᠴᠣᠬᠴᠠᠯᠠᠨ᠎ᠠ;ᠭᠦᠷᠢᠶᠡᠯᠡᠩ ᠲᠣᠭᠤᠷᠢᠭ ᠪᠠ ᠠᠵᠤ ᠦᠢᠯᠡᠰ ᠤᠨ ᠲᠠᠰ ᠳᠡᠪᠰᠢᠬᠦ ᠶᠢ ᠪᠦᠭᠦ | ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠲᠠᠩᠰᠤᠬᠪᠤᠯᠠᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠪᠦᠲᠦᠭᠡᠨ ᠪᠠᠶᠢᠭᠤᠯᠬᠤ ᠶᠢ ᠲᠦᠷᠭᠡᠳᠬᠡᠨ᠂ ᠪᠠᠶᠠᠨᠬᠤᠲᠠ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠤᠯᠤᠰ ᠤᠨ ᠳᠠᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠪᠦᠲᠦᠭᠡᠨ ᠪᠠᠶᠢᠭᠤᠯᠬᠤ ᠶᠢ ᠳᠦᠷᠭᠡᠳᠭᠡᠨ᠎ᠠ; | ᠠᠵᠤ ᠠᠬᠤᠶᠢᠯᠠᠯ ᠢ ᠳᠠᠮᠵᠢᠠ ᠲᠡᠳᠬᠦᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠪᠦᠭᠦ | ᠬᠦᠴᠦᠨ ᠢᠶᠠᠷ ᠢᠶᠠᠨ ᠦᠢᠯᠡᠴᠢᠯᠡᠨ᠎ᠡ ︽ᠰᠢᠨ᠎ᠡ ᠡᠨᠧᠷᠭᠢ + ᠠᠵᠤ ᠦᠢᠯᠡᠳᠪᠦᠷᠢ︾ ᠶᠢᠨ ᠲᠣᠭᠤᠷᠢᠨ ᠳᠤ᠂ | ᠪᠣᠬᠢᠷᠳᠤᠯ ᠦᠭᠡᠢ ᠥᠨᠳᠥᠷ ᠠᠴᠢᠶᠠᠯᠠᠪᠤᠷᠢ ᠶᠢᠨ ᠳᠦᠷᠦᠯ ᠵᠦᠢᠯ ᠢ ᠪᠠᠶᠢᠭᠤᠯᠬᠤ ᠪᠠᠷ ᠴᠢᠷᠮᠠᠶᠢᠵᠤ᠂ ᠦᠢᠯᠡᠳᠬᠦ | ᠦᠢᠯᠡᠰ ᠤᠨ ᠪᠣᠬᠢᠷᠳᠤᠯ ᠦᠭᠡᠢ ᠪᠠᠷ ᠬᠥᠭᠵᠢᠬᠦ ᠶᠢ ᠠᠬᠢᠭᠤᠯᠤᠨ᠎ᠠ ᠭᠡᠵᠦ ᠪᠠᠶᠢᠯ᠎ᠠ᠃ ᠬᠤᠷᠠᠯ ᠠᠴᠠ᠂ | ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠠᠷᠠᠳ ᠲᠤ ᠪᠡᠶᠡᠯᠡᠭᠦᠯᠵᠦ ᠥᠭᠬᠦ ᠪᠣᠳᠠᠲᠤ ᠶᠠᠪᠤᠳᠠᠯ ᠤᠨ ᠳᠦᠷᠦᠯ | ᠵᠦᠢᠯ ᠲᠠᠢ ᠪᠦᠭᠦ ᠲᠠᠯ᠎ᠠ ᠪᠠᠷ ᠵᠣᠯᠭᠠᠭᠤᠯᠬᠤ ᠶᠢᠨ ᠬᠠᠮᠲᠤ᠂ ᠣᠯᠠᠨ ᠲᠦᠮᠡᠨ ᠳᠤ ᠳᠠᠭᠢᠨ 15 ᠪᠣᠳᠠᠲᠤ ᠶᠠᠪᠤᠳᠠᠯ | ᠬᠢᠵᠦ ᠥᠭᠬᠦ ᠪᠠᠷ ᠲᠣᠭᠲᠠᠭᠠᠨ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ᠂ ᠬᠤᠲᠠ ᠶᠢᠨ | ᠶᠠᠪᠤᠳᠠᠯ ᠤᠨ ᠲᠥᠬᠦᠭᠡᠷᠦᠮᠵᠢ ᠶᠢᠨ ᠲᠥᠯᠦᠪᠵᠢᠭᠦᠯᠭᠡ᠂ ᠬᠤᠲᠠ ᠬᠥᠳᠡᠭᠡ ᠶᠢᠨ ᠤᠰᠤᠨ ᠤ ᠴᠢᠨᠠᠷ ᠢ ᠳᠡᠭᠡᠭᠰᠢᠯᠡᠭᠦᠯᠭᠦ | ᠢᠨᠵᠧᠨᠧᠷᠢᠩ ᠵᠡᠷᠭᠡ ᠶᠢ ᠪᠠᠭᠲᠠᠭᠠᠨ᠎ᠠ᠃ ᠠᠯᠠᠱᠠ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠵᠢᠶᠣᠣ ᠸᠧᠨ ᠵᠢᠶᠦ᠋ᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠷᠠᠳ ᠣᠯᠠᠨ ᠤ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ | ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠨ᠎ᠡ ᠭᠡᠵᠦ ᠢᠯᠡᠷᠬᠡᠶᠢᠯᠡᠯ᠎ᠡ᠃ | ᠬᠤᠷᠠᠯ ᠠᠴᠠ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ | ᠢᠨᠵᠧᠨᠧᠷᠢᠩ ᠤᠨ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠵᠤ᠂ ᠤᠰᠤ ᠠᠷᠪᠢᠯᠠᠬᠤ ᠭᠡᠯᠪᠡᠷᠢ ᠶᠢᠨ | ᠨᠡᠶᠢᠭᠡᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ ᠤᠰᠤ ᠶᠢ ᠠᠷᠪᠢᠯᠠᠵᠤ ᠬᠡᠷᠡᠭᠯᠡᠬᠦ ᠶᠢ ᠵᠣᠷᠢᠭᠵᠢᠭᠤᠯᠬᠤ | ᠲᠦᠷᠦ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠨᠢᠭᠡ ᠪᠦᠯᠦᠭ ᠤᠰᠤ ᠠᠷᠪᠢᠯᠠᠵᠤ ᠬᠠᠩᠭᠠᠯᠭ᠎ᠠ ᠶᠢ | ᠨᠡᠮᠡᠭᠳᠡᠭᠦᠯᠬᠦ ᠲᠦᠷᠦᠯ ᠵᠦᠢᠯ ᠢ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠠᠯᠠᠱᠠ ᠠᠶᠢᠮᠠᠭ ᠤᠨ | ᠤᠰᠤᠨ ᠤ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠰᠢᠶᠧ ᠹᠠᠩ ᠷᠧᠨ ᠡᠭᠦᠨ ᠤ ᠲᠤᠬᠠᠢ᠄ ︽ᠤᠰᠤᠨ ᠠᠰᠢᠭᠯᠠᠯᠲᠠ ᠶᠢᠨ ᠠᠵᠢᠯ ᠤᠨ ᠪᠦᠭᠦ ᠠᠶᠢᠮᠠᠭ ᠤᠨ | ᠴᠢᠨᠠᠷ ᠰᠠᠶᠢᠲᠠᠢ ᠬᠥᠭᠵᠢᠯᠲᠡ ᠳᠠᠬᠢ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠶᠡᠷᠦᠩᠬᠡᠢ ᠬᠡᠮᠵᠢᠶ᠎ᠡ ᠪᠠ | ᠬᠦᠴᠦᠯᠡᠴᠡ ᠶᠢᠨ ᠬᠤᠣᠰ ᠡᠵᠡᠮᠳᠡᠯ ᠤᠨ ᠬᠠᠮᠢᠶᠠᠷᠤᠯᠲᠠ ᠶᠢ ᠴᠢᠩᠳᠠᠯᠠᠨ᠂ ᠤᠰᠤ ᠠᠷᠪᠢᠯᠠᠬᠤ ᠠᠵᠢᠯᠯᠠᠭ᠎ᠠ ᠪᠠᠷ ᠭᠤᠣᠯ | ᠭᠠᠷᠳᠠᠴᠠ ᠪᠣᠯᠭᠠᠨ᠂ ᠲᠠᠷᠢᠶᠠᠯᠠᠩ ᠤᠨ ᠤᠰᠤ ᠶᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ | ᠦᠢᠯᠡᠳᠪᠦᠷᠢ ᠶᠢᠨ ᠤᠰᠤ ᠶᠢ ᠠᠷᠪᠢᠯᠠᠵᠤ ᠪᠣᠬᠢᠷᠳᠤᠯ ᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠶᠢ ᠠᠷᠪᠢᠯᠠᠵᠤ | ᠬᠤᠬᠢᠷᠠᠯ ᠢ ᠪᠠᠭᠠᠰᠬᠠᠬᠤ ᠶᠢ ᠠᠬᠢᠭᠤᠯᠵᠤ᠂ ᠤᠰᠤᠨ ᠤ ᠡᠷᠬᠡ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ | ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ ᠮᠤᠵᠢ ᠣᠷᠣᠨ ᠠᠯᠤᠰᠯᠠᠨ ᠬᠠᠲᠤᠨ ᠭᠤᠣᠯ ᠤᠨ | ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠠᠶᠢᠨ ᠰᠦᠪᠡᠭᠴᠢᠯᠡᠵᠦ᠂ ᠪᠦᠭᠦ ᠠᠶᠢᠮᠠᠭ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠤᠰᠤᠨ ᠠᠰᠢᠭᠯᠠᠯᠲᠠ ᠶᠢᠨ ᠪᠠᠲᠤᠯᠠᠭ᠎ᠠ ᠬᠠᠩᠭᠠᠨ᠎ᠠ︾ ᠭᠡᠵᠦ ᠪᠠᠶᠢᠯ᠎ᠠ᠃ | ᠬᠤᠷᠠᠯ ᠠᠴᠠ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠪᠠ ᠠᠵᠤ ᠠᠬᠤᠶᠢᠯᠠᠯ ᠢ ᠳᠡᠮᠵᠢᠬᠦ | ᠠᠵᠢᠯᠯᠠᠭ᠎ᠠ ᠶᠢ ᠪᠦᠭᠦ ᠲᠠᠯ᠎ᠠ ᠪᠠᠷ ᠠᠬᠢᠭᠤᠯᠤᠨ᠂ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠵᠦ᠂ | ᠪᠦᠭᠦ ᠠᠶᠢᠮᠠᠭ ᠤᠨ ᠠᠵᠤ ᠠᠬᠤᠢ ᠶᠢᠨ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠶᠢ ᠠᠬᠢᠭᠤᠯᠤᠨ᠎ᠠ | ᠭᠡᠵᠦ ᠳᠤᠷᠠᠳᠪᠠ᠃ ᠠᠯᠠᠱᠠ ᠠᠶᠢᠮᠠᠭ ᠤᠨ ᠬᠤ᠋ ᠮᠧᠩ ᠡᠨᠧᠷᠭᠢ ᠶᠢᠨ ᠠᠵᠤ ᠦᠢᠯᠡᠰ ᠤᠨ ᠪᠦᠯᠦᠭᠯᠡᠯ ᠤᠨ | ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠰᠢᠶᠣᠣ ᠷᠧᠨ᠄ ︽ᠳᠡᠭᠡᠳᠦ ᠰᠢᠨ᠎ᠡ ᠮᠡᠷᠭᠡᠵᠢᠯ ᠤᠨ | ᠣᠷᠣᠨ ᠨᠢ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡᠨ ᠤ ᠲᠠᠯ᠎ᠠ ᠪᠠᠷ ᠮᠠᠰᠢ ᠶᠡᠭᠡ ᠳᠡᠭᠡᠭᠰᠢᠯᠡᠯᠲᠡ ᠲᠠᠢ | ᠪᠣᠯᠵᠤ᠂ ᠡᠨᠡ ᠨᠢ ᠪᠢᠳᠠᠠ ᠤ ᠠᠯᠠᠱᠠ ᠳᠤ ᠪᠡᠯᠡ ᠣᠷᠣᠭᠤᠯᠤᠯᠲᠠ ᠬᠢᠬᠦ ᠳᠤ ᠤᠯᠠᠮ ᠢᠲᠡᠭᠡᠯ ᠲᠠᠢ ᠪᠣᠯᠭᠠᠪᠠ᠃ | ᠪᠢᠳᠠ ᠠᠮᠤᠷ ᠲᠦᠪᠰᠢᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠣᠷᠣᠭᠤᠯᠤᠯᠲᠠ ᠪᠠᠨ | ᠦᠷᠭᠦᠯᠵᠢᠯᠡᠨ ᠨᠡᠮᠡᠭᠳᠡᠭᠦᠯᠦᠨ᠎ᠡ ᠭᠡᠪᠡ᠃ | ᠨᠢᠳᠤᠨᠤᠨ᠂ ᠳ᠋ᠦᠩ ᠧ ᠧ ᠵᠢᠶᠣᠣ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ︽ᠵᠤᠸᠠᠩ | ᠪᠧᠨ︾ ᠨᠠᠷᠠᠲᠤ ᠲᠡᠮᠳᠡᠭ ᠪᠦᠭᠦ ᠪᠥᠮᠪᠥᠷᠴᠡᠭ ᠲᠤ ᠠᠩᠬ᠎ᠠ ᠲᠠᠷᠬᠠᠭᠠᠬᠤ ᠬᠤᠷᠠᠯ ᠬᠢᠵᠡᠢ᠂ ᠡᠨᠡ ᠨᠢ ᠳ᠋ᠦᠩ ᠧ ᠧ | ᠵᠢᠶᠣᠣ ᠬᠢᠭᠡᠳ ᠠᠯᠠᠱᠠ ᠠᠶᠢᠮᠠᠭ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠪᠠᠶᠠᠷᠲᠤ ᠶᠠᠪᠤᠳᠠᠯ | ᠪᠣᠯᠤᠭᠰᠠᠨ ᠢᠶᠠᠷ ᠪᠠᠷᠠᠬᠤ ᠦᠭᠡᠢ᠂ ᠪᠠᠰᠠ ᠴᠤ ᠠᠯᠠᠱᠠ ᠶᠢᠨ ᠣᠨᠴᠠᠯᠢᠭᠲᠤ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠦᠰᠦᠨ ᠪᠣᠶᠢᠵᠢᠵᠤ ᠪᠤᠵᠠᠭᠠᠶᠢᠷᠠᠭᠰᠠᠨ ᠶᠡᠭᠡ ᠶᠠᠪᠤᠳᠠᠯ ᠪᠣᠯᠣᠨ᠎ᠠ᠃ ᠳ᠋ᠦᠩ ᠧ ᠧ ᠵᠢᠶᠣᠣ ᠴᠠᠭᠠᠨ | ᠭᠤᠶᠣᠣ ᠡᠷᠡᠭᠦᠯ ᠮᠡᠨᠳᠦ ᠶᠢᠨ ᠰᠢᠨᠵᠢᠯᠡᠭᠡ ᠮᠡᠷᠭᠡᠵᠢᠯ ︵ᠠᠯᠠᠱᠠ︶ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ | ᠳᠠᠭᠠᠭᠠᠮᠠᠯ ᠪᠧᠢ ᠭᠤᠸᠠᠩ᠄ ︽ᠰᠢᠨ᠎ᠡ ᠨᠢᠭᠡ ᠵᠢᠯ ᠳᠤ᠂ ᠪᠢᠳᠡ ᠦᠢᠯᠡᠳᠬᠦᠨ ᠢ ᠰᠤᠳᠤᠯᠤᠨ ᠨᠡᠭᠡᠭᠡᠬᠦ ᠪᠠ ᠵᠠᠬ᠎ᠠ | ᠳᠡᠯᠭᠡᠭᠦᠷ ᠤᠨ ᠪᠣᠷᠤᠯᠠᠭᠤᠯᠭ᠎ᠠ ᠶᠢ ᠲᠦᠷᠭᠡᠳᠬᠡᠵᠦ᠂ ᠬᠢᠲᠠᠳ ᠡᠮ ᠡᠮᠨᠡᠯᠭᠡ ᠪᠠᠷ ᠠᠯᠠᠱᠠ ᠶᠢᠨ ᠥᠯᠢᠭᠡᠷ ᠢ ᠰᠠᠶᠢᠲᠤᠷ | ᠶᠠᠷᠢᠬᠤ ᠪᠠᠷ ᠴᠢᠷᠮᠠᠶᠢᠨ᠎ᠠ᠃ ᠳᠠᠷᠠᠭᠠᠴᠢ ᠶᠢᠨ ᠠᠯᠬᠤᠮ ᠳᠤ᠂ ᠴᠠᠭᠠᠨ ᠭᠤᠶᠣᠣ ᠵᠡᠷᠭᠡ ᠰᠢᠷᠢᠰ ᠰᠢᠨ᠎ᠡ | ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ ᠪᠠᠷ ᠲᠥᠯᠥᠪᠵᠢᠭᠦᠯᠵᠦ᠂ ᠥᠪᠥᠷ ᠮᠣᠩᠭᠤᠯ ᠤᠨ ᠨᠠᠩ ᠣᠯᠠᠨ | ᠣᠨᠴᠠ ᠭᠠᠷᠤᠯᠲᠠ᠂ ᠠᠯᠠᠱᠠ ᠶᠢᠨ ᠣᠨᠴᠠ ᠭᠠᠷᠤᠯᠲᠠ ᠶᠢ ᠥᠪᠥᠷ ᠮᠣᠩᠭᠤᠯ ᠠᠴᠠ ᠭᠠᠷᠭᠠᠨ᠂ ᠳᠤᠮᠳᠠᠳᠤ ᠤᠯᠤᠰ᠂ | ᠪᠦᠭᠦ ᠳᠡᠯᠡᠬᠡᠢ ᠳᠤ ᠬᠠᠨᠳᠤᠭᠤᠯᠬᠤ ᠪᠣᠯᠣᠨ᠎ᠠ ᠭᠡᠵᠦ ᠪᠠᠶᠢᠯ᠎ᠠ᠃ | ᠡᠨᠡ ᠵᠢᠯ᠂ ᠠᠯᠠᠱᠠ ᠠᠶᠢᠮᠠᠭ ᠳᠡᠯᠡᠬᠡᠢ ᠶᠢᠨ ᠲᠠᠰ ᠤᠨ ᠵᠢᠭᠤᠯᠴᠢᠯᠠᠯ ᠤᠨ ᠬᠠᠷᠠᠯᠲᠠᠲᠤ ᠣᠷᠣᠨ ᠢ | ᠴᠣᠭᠴᠠᠯᠠᠬᠤ ᠶᠢᠨ ᠲᠣᠭᠤᠷᠢᠨ ᠳᠤ᠂ ᠵᠢᠭᠤᠯᠴᠢᠯᠠᠯ ᠤᠨ ᠵᠡᠷᠭᠡ ᠳᠠᠰ ᠢ ᠳᠡᠭᠡᠭᠰᠢᠯᠡᠭᠦᠯᠦᠨ᠂ ︽ᠲᠠᠪᠤ ᠶᠢ | ᠰᠢᠯᠢᠳᠡᠭᠵᠢᠭᠦᠯᠦᠨ ᠳᠡᠭᠡᠭᠰᠢᠯᠡᠭᠦᠯᠭᠦ︾ ᠶᠢ ᠬᠦᠴᠦᠯᠡᠨ ᠠᠳᠬᠤᠵᠤ᠂ ᠨᠠᠷᠠᠲᠤ ᠲᠥᠷᠥᠯ ᠲᠡᠮᠳᠡᠭᠲᠦ ᠶᠢ ᠤᠯᠠᠮ | ᠨᠢᠭᠡ ᠠᠯᠬᠤᠮ ᠬᠦᠴᠦᠷᠬᠡᠭᠵᠢᠭᠦᠯᠦᠨ᠂ ᠡᠵᠡᠩᠨᠡᠯᠲᠡ ᠶᠢᠨ ᠭᠡᠯᠪᠡᠷᠢ ᠪᠠᠶᠢᠳᠠᠯ ᠢ ᠨᠠᠷᠢᠯᠢᠭ ᠪᠣᠯᠭᠠᠨ᠎ᠠ᠃ ᠠᠯᠠᠱᠠ ᠶᠢᠨ | ᠵᠢᠦᠢ ᠶᠠᠨ ᠴᠧᠩ ᠯᠦᠩ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ | ᠳᠠᠭᠠᠭᠠᠮᠠᠯ ᠾᠧ ᠶᠦᠩ᠄ ︽ᠶᠠᠷᠢᠶᠠᠨ ᠤ ᠭᠤᠣᠯᠳᠠᠯᠭ᠎ᠠ ᠲᠣᠪᠣᠶᠢᠮ᠎ᠠ᠂ ᠬᠠᠷᠠᠯᠲᠠ ᠨᠢ ᠲᠣᠳᠣᠷᠬᠠᠢ᠂ ᠠᠷᠭ᠎ᠠ | ᠬᠡᠮᠵᠢᠶ᠎ᠡ ᠨᠢ ᠪᠣᠳᠠᠲᠠᠢ ᠶᠢ ᠡᠷᠬᠢᠮᠯᠡᠵᠦ᠂ ᠮᠠᠨ ᠤ ᠠᠵᠤ ᠠᠬᠤᠶᠢᠯᠠᠯ ᠤᠨ ᠬᠥᠭᠵᠢᠯᠲᠡ ᠳᠤ ᠴᠢᠭᠯᠡᠯ ᠢ ᠲᠣᠳᠣᠷᠬᠠᠢ | ᠵᠢᠭᠠᠵᠤ᠂ ᠢᠲᠡᠭᠡᠯ ᠵᠣᠷᠢᠭ ᠢ ᠬᠥᠪᠴᠢᠯᠡᠪᠡ᠃ ᠪᠢᠳᠡ ᠲᠣᠣᠷᠠᠢ ᠶᠢᠨ ᠣᠶ ᠶᠢᠨ ᠤᠯᠤᠰ ᠤᠨ ᠲᠠᠰ ᠤᠨ ᠵᠢᠭᠤᠯᠴᠢᠯᠠᠯ | ᠤᠨ ᠠᠮᠠᠷᠠᠯᠲᠠ ᠶᠢᠨ ᠣᠷᠣᠨ ᠢ ᠭᠤᠶᠤᠴᠢᠯᠠᠨ ᠮᠡᠳᠡᠭᠦᠯᠬᠦ ᠪᠠ ᠪᠦᠲᠦᠭᠡᠨ ᠪᠠᠶᠢᠭᠤᠯᠬᠤ ᠶᠢ ᠢᠳᠡᠪᠬᠢᠲᠡᠢ | ᠲᠦᠷᠭᠡᠳᠬᠡᠵᠦ᠂ ᠠᠯᠠᠱᠠ ᠶᠢᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠤᠨ ᠠᠯᠳᠠᠷᠰᠢᠯ ᠪᠠ ᠨᠥᠯᠥᠭᠡᠯᠡᠬᠦ | ᠬᠦᠴᠦᠨ ᠢ ᠳᠡᠭᠡᠭᠰᠢᠯᠡᠭᠦᠯᠭᠦ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠯᠡ᠃ | ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠵᠢᠶᠠ ᠯᠢ ᠨᠣᠣᠰᠣ ᠨᠣᠣᠯᠣᠭᠤᠷ ᠤᠨ | ᠬᠢᠵᠠᠭᠠᠷᠲᠤ ᠺᠤᠮᠫᠠᠨᠢ ᠴᠢᠨᠠᠷ ᠰᠠᠶᠢᠲᠠᠢ ᠲᠦᠭᠦᠬᠡᠢ ᠮᠠᠲ᠋ᠧᠷᠢᠶᠠᠯ ᠪᠠ ᠲᠡᠷᠢᠭᠦᠨ ᠤ ᠡᠳ᠋ᠰᠢᠭᠦᠯᠬᠦ ᠮᠡᠷᠭᠡᠵᠢᠯ ᠢ ᠠᠰᠢᠭᠯᠠᠨ᠂ | ᠤᠯᠤᠰ ᠤᠨ ᠳᠣᠲᠣᠭᠠᠳᠤ ᠭᠠᠳᠠᠭᠠᠳᠤ ᠳᠤ ᠤᠯᠠᠠ ᠠᠷᠪᠢᠨ ᠠᠵᠤ ᠠᠬᠤᠶᠢᠯᠠᠯ ᠤᠨ ᠬᠢᠨ ᠲᠠᠢ ᠲᠣᠭᠲᠠᠭᠤᠨ | ᠬᠠᠷᠢᠴᠠᠭ᠎ᠠ ᠪᠠᠶᠢᠭᠤᠯᠵᠤ᠂ ᠪᠦᠲᠦᠭᠡᠭᠳᠡᠬᠦᠨ ᠨᠢ ᠢᠲ᠋ᠠᠯᠢ᠂ ᠠᠩᠭ᠍ᠯᠢ᠂ ᠶᠠᠫᠤᠨ ᠵᠡᠷᠭᠡ ᠤᠯᠤᠰ ᠲᠤ ᠪᠣᠷᠣᠯᠠᠭᠤᠯᠤᠭᠳᠠᠨ | ᠂ ᠺᠤᠮᠫᠠᠨᠢ ᠶᠢᠨ ᠵᠢᠯ ᠤᠨ ᠳᠤᠮᠳᠠᠴᠢ ᠣᠷᠣᠯᠭ᠎ᠠ 1.2 ᠳ᠋ᠦᠩᠰᠢᠭᠤᠷ ᠲᠥᠭᠦᠷᠢᠭ ᠲᠤ ᠬᠦᠷᠴᠡᠢ᠃ ᠠᠯᠠᠱᠠ ᠵᠡᠭᠦᠨ | ᠬᠤᠰᠢᠭᠤᠨ ᠤ ᠵᠢᠶᠠ ᠯᠢ ᠨᠣᠣᠰᠣ ᠨᠣᠣᠯᠣᠭᠤᠷ ᠤᠨ ᠬᠢᠵᠠᠭᠠᠷᠲᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠢ | ᠫᠢᠩ᠄ ︽ᠪᠢᠳᠡ ᠠᠯᠠᠱᠠ ᠶᠢᠨ ᠴᠢᠨᠠᠷ ᠰᠠᠶᠢᠲᠠᠢ ᠢᠮᠠᠭᠠᠨ ᠨᠣᠣᠯᠣᠭᠤᠷ ᠤᠨ ᠶᠠᠰᠤ ᠴᠢᠨᠠᠷ ᠬᠢᠭᠡᠳ ᠦᠨ᠎ᠡ | ᠬᠠᠩᠰᠢ ᠶᠢᠨ ᠲᠠᠯ᠎ᠠ ᠪᠠᠷ ᠬᠢ ᠥᠷᠢᠰᠦᠯᠳᠦᠭᠡᠨ ᠤ ᠳᠠᠪᠠᠭᠤᠯᠢᠭ ᠢ ᠭᠦᠢᠴᠡᠳ ᠠᠰᠢᠭᠯᠠᠵᠤ᠂ ᠡᠯ᠎ᠡ ᠲᠥᠷᠥᠯ ᠤᠨ | ᠤᠬᠠᠭᠤᠯᠭ᠎ᠠ ᠶᠢᠨ ᠠᠵᠢᠯᠯᠠᠭ᠎ᠠ ᠡᠷᠭᠢᠯᠡᠭᠦ ᠪᠠᠷ ᠳᠠᠮᠵᠢᠭᠤᠯᠤᠨ᠂ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷ ᠤᠨ | ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠲᠦᠭᠡᠭᠳᠡᠬᠦᠨ ᠢ ᠳᠡᠭᠡᠳᠦ ᠲᠠᠰ ᠤᠨ᠂ ᠨᠠᠷᠠᠲᠤ | ᠲᠡᠮᠳᠡᠭᠵᠢᠭᠦᠯᠬᠦ ᠲᠡᠶᠢᠰᠢ ᠬᠥᠭᠵᠢᠭᠦᠯᠬᠦ ᠶᠢ ᠠᠬᠢᠭᠤᠯᠤᠨ᠎ᠠ︾ ᠭᠡᠵᠦ ᠪᠠᠶᠢᠯ᠎ᠠ᠃ | ᠨᠢᠳᠤᠨᠤᠨ᠂ ᠠᠯᠠᠱᠠ ᠠᠶᠢᠮᠠᠭ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠢᠩᠭᠡᠨ ᠰᠦ ᠪᠠᠷ ᠤᠳᠤᠷᠢᠳᠤᠮᠵᠢ ᠪᠤᠯᠭᠠᠬᠰᠠᠨ ᠣᠳᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠢ | ᠠᠩᠬ᠎ᠠ ᠠᠯᠬᠤᠮ ᠬᠡᠪᠴᠢᠶᠡᠵᠢᠭᠦᠯᠵᠦ᠂ ᠲᠦᠭᠦᠬᠡᠢ ᠰᠣᠷᠭᠤᠭ ᠢᠩᠭᠡᠨ ᠰᠦ ᠶᠢᠨ ᠭᠠᠷᠤᠯᠲᠠ ᠠᠩᠬ᠎ᠠ ᠤᠳᠠᠭ᠎ᠠ 1 | ᠲᠦᠮᠡᠨ ᠲᠣᠨ ᠢ ᠳᠠᠪᠠᠵᠤ᠂ ᠭᠠᠷᠤᠯᠲᠠ ᠨᠢ ᠪᠦᠭᠦ ᠤᠯᠤᠰ ᠤᠨ ᠭᠠᠵᠠᠷ ᠤᠨ ᠳᠠᠰ ᠤᠨ ᠬᠤᠲᠠ ᠶᠢᠨ ᠲᠡᠷᠢᠭᠦᠨ ᠳᠤ | ᠣᠷᠣᠪᠠ᠃ ᠠᠯᠠᠱᠠ ᠪᠠᠷᠠᠭᠤᠨ ᠬᠤᠰᠢᠭᠤᠨ ᠤ ᠱᠧᠨ ᠲᠦᠸᠧ ᠰᠦ ᠶᠢᠨ ᠦᠢᠯᠡᠰ ᠤᠨ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠬᠠᠨ ᠯᠢᠨ᠄ ︽ᠢᠩᠭᠡᠨ ᠰᠦ ᠡᠳ᠋ᠰᠢᠭᠦᠯᠬᠦ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠪᠢᠳᠡ ᠦᠷᠭᠦᠯᠵᠢᠯᠡᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ | ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠶᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ | ᠭᠠᠷᠳᠠᠴᠠ ᠪᠤᠯᠭᠠᠵᠤ᠂ ᠡᠷᠭᠢᠨ ᠲᠣᠭᠤᠷᠢᠨ ᠤ ᠬᠤᠷᠰᠢᠶᠠᠵᠢᠯ ᠤᠨ ᠬᠢᠨ ᠢ ᠳᠠᠶᠢᠴᠢᠯᠠᠠ᠂ ᠮᠠᠯᠴᠢᠨ ᠲᠠᠷᠢᠶᠠᠴᠢᠨ ᠤ | ᠲᠤᠰᠬᠠᠶᠢᠵᠢᠭᠰᠠᠨ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠣᠭᠠᠴᠢᠯᠠᠭᠰᠠᠨ ᠴᠢᠭᠯᠡᠯ ᠲᠡᠶᠢᠰᠢ ᠬᠥᠭᠵᠢᠬᠦ ᠶᠢ | ᠲᠡᠳᠬᠦᠨ᠎ᠡ︾ ᠭᠡᠪᠡ᠃ | | | |