| | 1 ᠰᠠᠷ᠎ᠠ ᠶᠢᠨ 3 ᠤ ᠡᠳᠦᠷ ᠠᠴᠠ 1 ᠰᠠᠷ᠎ᠠ ᠶᠢᠨ 6 ᠤ ᠡᠳᠦᠷ ᠪᠤᠯᠳᠠᠯ᠎ᠠ᠂ ᠥᠪᠥᠷ ᠮᠣᠩᠭᠤᠯ ᠤᠨ | ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠳᠤ ᠵᠣᠬᠢᠴᠠᠬᠤ ᠰᠣᠷᠢᠯᠲᠠ ᠶᠠᠪᠤᠭᠳᠠᠵᠤ᠂ ᠪᠦᠭᠦ ᠣᠷᠣᠨ ᠤ 15.9 ᠲᠦᠮᠡ ᠰᠢᠬᠠᠮ | ᠰᠢᠯᠭᠠᠭᠤᠯᠤᠭᠴᠢ ᠰᠢᠯᠭᠠᠯᠲᠠ ᠳᠤ ᠣᠷᠣᠯᠴᠠᠪᠠ᠃ | 2025 ᠣᠨ ᠠᠴᠠ ᠡᠬᠢᠯᠡᠨ ᠮᠠᠨ ᠤ ᠣᠷᠣᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ | ᠶᠣᠰᠣᠭᠠᠷ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢ | ᠰᠢᠨ᠎ᠡ ᠪᠠᠷ ᠬᠡᠷᠡᠭᠵᠢᠭᠦᠯᠦᠨ᠎ᠡ᠃ ᠥᠷᠭᠡᠨ ᠣᠯᠠᠨ ᠰᠢᠯᠭᠠᠭᠤᠯᠤᠭᠰᠠᠳ ᠲᠤ ᠥᠭᠡᠷᠡᠴᠢᠯᠡᠯᠲᠡ ᠬᠢᠭᠰᠡᠨ ᠤ ᠳᠠᠷᠠᠭᠠᠬᠢ | ᠰᠢᠯᠭᠠᠯᠲᠠ ᠪᠠ ᠰᠤᠷᠤᠬᠴᠢ ᠡᠯᠰᠡᠬᠦ ᠠᠷᠭ᠎ᠠ ᠶᠢ ᠣᠶᠢᠯᠠᠭᠠᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ | ᠶᠠᠮᠤᠨ ᠤ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠲᠣᠰ ᠤᠳᠠᠭᠠᠨ ᠤ ᠪᠦᠭᠦ ᠶᠠᠪᠤᠴᠠ ᠶᠢᠨ ᠵᠣᠬᠢᠴᠠᠬᠤ | ᠴᠢᠨᠠᠷᠲᠠᠢ ᠰᠣᠷᠢᠯᠲᠠ ᠶᠢ ᠵᠣᠬᠢᠶᠠᠨ ᠪᠠᠶᠢᠭᠤᠯᠵᠤ᠂ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠬᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠰᠣᠷᠢᠯᠲᠠ ᠳᠤ ᠣᠷᠣᠯᠴᠠᠪᠠ᠃ | ᠰᠢᠯᠭᠠᠯᠲᠠ ᠶᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠠᠴᠢᠯᠠᠭᠰᠠᠨ ᠪᠠᠷᠢᠮᠵᠢᠶᠠᠲᠤ | ᠰᠢᠯᠭᠠᠯᠲᠠ ᠶᠢᠨ ᠲᠠᠯᠠᠪᠤᠷ ᠲᠤ ᠶᠠᠪᠤᠭᠤᠯᠵᠤ᠂ ᠰᠢᠯᠭᠠᠯᠲᠠ ᠶᠢᠨ ᠠᠵᠢᠯ ᠢ ᠡᠯ᠎ᠡ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠣᠷᠣᠬᠴᠢ | ᠡᠯᠰᠡᠬᠦ ᠰᠢᠯᠭᠠᠯᠲᠠ ᠶᠢᠨ ᠪᠠᠶᠢᠭᠤᠯᠤᠮᠵᠢ ᠠᠴᠠ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ | ᠰᠢᠯᠭᠠᠯᠲᠠ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠲᠣᠭᠲᠠᠭᠠᠯ᠂ ᠵᠣᠬᠢᠶᠠᠨ ᠪᠠᠶᠢᠭᠤᠯᠵᠤ ᠰᠢᠯᠭᠠᠬᠤ | ᠱᠠᠭᠠᠷᠳᠠᠯᠭ᠎ᠠ ᠪᠠ ᠰᠢᠯᠭᠠᠯᠲᠠ ᠶᠢᠨ ᠶᠠᠪᠤᠳᠠᠯ ᠤᠨ ᠲᠣᠭᠲᠠᠭᠠᠯ ᠵᠡᠷᠭᠡ ᠶᠢ ᠦᠨᠳᠦᠰᠦᠯᠡᠨ ᠵᠣᠬᠢᠶᠠᠨ ᠪᠠᠶᠢᠭᠤᠯᠤᠨ | ᠬᠡᠷᠡᠭᠵᠢᠭᠦᠯᠪᠡ ᠃ 3 ᠰᠠᠷ᠎ᠠ ᠳᠤ᠂ ᠰᠢᠯᠭᠠᠭᠤᠯᠤᠭᠴᠢ ︽ᠥᠪᠥᠷ ᠮᠣᠩᠭᠤᠯ ᠤᠨ ᠰᠣᠷᠣᠬᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠠᠴᠠ ᠬᠢᠷᠢ ᠪᠦᠲᠦᠮᠵᠢ ᠪᠠᠨ ᠯᠠᠪᠯᠠᠵᠤ ᠪᠣᠯᠣᠨ᠎ᠠ᠂ | ᠰᠢᠯᠭᠠᠭᠤᠯᠤᠭᠴᠢ ᠲᠤᠬᠠᠢ ᠶᠢᠨ ᠦᠶ᠎ᠡ ᠳᠤ ᠨᠡᠶᠢᠲᠡᠯᠡᠭᠰᠡᠨ ᠳᠠᠭᠤᠷᠢᠶᠠᠮᠠᠯ ᠡᠷᠡᠮᠡᠯᠵᠡᠯ ᠲᠠᠭᠯᠠᠬᠤ ᠠᠷᠭ᠎ᠠ ᠪᠠᠷ ᠡᠷᠡᠮᠡᠯᠵᠡᠯ | ᠲᠠᠭᠯᠠᠵᠤ ᠪᠣᠯᠣᠨ᠎ᠠ᠃ |