| | | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠬᠠᠮᠲᠤᠷᠠᠨ ᠮᠡᠳᠡᠭᠳᠡᠯ ᠨᠡᠶᠢᠲᠡᠯᠡᠵᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠶᠢᠨ ᠰᠢᠨ᠎ᠡ ᠡᠨᠧᠷᠭᠢ ᠶᠢᠨ ᠣᠶᠤᠨᠲᠤ ᠲᠣᠨᠣᠭᠯᠠᠯ ᠬᠢᠭᠡᠳ ᠠᠵᠢᠯᠯᠠᠪᠤᠷᠢ ᠪᠠᠲᠤᠯᠠᠭᠠᠨ ᠤ ᠥᠪᠥᠷ | ᠮᠣᠩᠭᠤᠯ ᠤᠨ ᠠᠺᠠᠳᠧᠮᠢᠴᠢ ᠶᠢᠨ ᠠᠵᠢᠯ ᠤᠨ ᠥᠷᠲᠡᠭᠡ ᠵᠡᠷᠭᠡ 7 ᠠᠺᠠᠳᠧᠮᠢᠴᠢ ᠶᠢᠨ ᠠᠵᠢᠯ ᠤᠨ ᠥᠷᠲᠡᠭᠡ ᠶᠢ | ᠳᠠᠩᠰᠠᠯᠠᠭᠤᠯᠵᠠᠢ᠃ ᠡᠶᠢᠨ ᠬᠦ ᠮᠠᠨ ᠤ ᠣᠷᠣᠨ ᠠᠺᠠᠳᠧᠮᠢᠴᠢ ᠶᠢᠨ ᠠᠵᠢᠯ ᠤᠨ ᠥᠷᠲᠡᠭᠡ ᠶᠢ ᠨᠡᠶᠢᠳᠡ 59 | ᠪᠠᠶᠢᠭᠤᠯᠵᠤ᠂ ᠥᠷᠲᠡᠭᠡᠨ ᠳᠠᠬᠢ ᠠᠺᠠᠳᠧᠮᠢᠴᠢ ᠲᠤᠰᠬᠠᠢ ᠮᠡᠷᠭᠡᠵᠢᠯᠲᠡᠨ 1000 ᠰᠢᠬᠠᠮ ᠪᠣᠯᠵᠠᠢ᠃ | ᠠᠺᠠᠳᠧᠮᠢᠴᠢ ᠶᠢᠨ ᠠᠵᠢᠯ ᠤᠨ ᠥᠷᠲᠡᠭᠡ ᠪᠣᠯ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠪᠠ ᠴᠢᠳᠠᠪᠤᠷᠢᠲᠠᠨ ᠢ ᠤᠷᠢᠨ ᠠᠪᠴᠢᠷᠠᠬᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠭᠰᠠᠭᠠᠯ ᠤᠨ ᠭᠠᠵᠠᠷ ᠤᠨ ᠨᠢᠭᠡ ᠪᠣᠯᠣᠨ᠎ᠠ᠃ ᠲᠣᠰ ᠤᠳᠠᠭ᠎ᠠ ᠶᠢᠨ | ᠳᠠᠩᠰᠠᠯᠠᠭᠤᠯᠤᠨ ᠪᠦᠲᠦᠭᠡᠨ ᠪᠠᠶᠢᠭᠤᠯᠤᠭᠰᠠᠨ 7 ᠠᠵᠢᠯ ᠤᠨ ᠥᠷᠲᠡᠭᠡ ᠨᠢ ᠰᠢᠨ᠎ᠡ ᠡᠨᠧᠷᠭᠢ᠂ ᠬᠤᠪᠣᠷ ᠰᠢᠷᠣᠢ᠂ | ᠰᠢᠨ᠎ᠡ ᠮᠠᠲ᠋ᠧᠷᠢᠶᠠᠯ᠂ ᠡᠮ ᠡᠮᠨᠡᠯᠭᠡ ᠵᠡᠷᠭᠡ ᠣᠯᠠᠨ ᠭᠤᠣᠯᠳᠠᠯᠭ᠎ᠠ ᠲᠠᠢ ᠬᠦᠷᠢᠶ᠎ᠡ ᠶᠢ ᠬᠠᠮᠤᠷᠴᠤ᠂ ᠠᠺᠠᠳᠧᠮᠢᠴᠢ ᠶᠢᠨ | ᠪᠦᠯᠭᠦᠮ ᠨᠡᠶᠢᠲᠡ ᠶᠢ ᠤᠶᠠᠨ ᠬᠠᠲᠠᠨ ᠴᠢᠨᠠᠷᠲᠠᠢ ᠪᠠᠷ ᠤᠷᠢᠨ ᠠᠪᠴᠢᠷᠠᠬᠤ ᠪᠠᠷ ᠳᠠᠮᠵᠢᠨ ᠠᠵᠤ ᠦᠢᠯᠡᠰ ᠤᠨ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠮᠡᠷᠭᠡᠵᠢᠯ ᠤᠨ ᠪᠣᠭᠤᠮᠢ ᠶᠢ ᠬᠠᠮᠲᠤᠷᠠᠨ ᠰᠢᠪᠲᠤᠯᠵᠤ᠂ ᠮᠠᠨ ᠤ ᠣᠷᠣᠨ ᠤ | ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠨ ᠨᠡᠮᠡᠷᠢᠯᠡᠬᠦ ᠪᠣᠯᠣᠨ᠎ᠠ᠃ | ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠺᠠᠳᠧᠮᠢᠴᠢ ᠶᠢᠨ ᠪᠦᠯᠭᠦᠮ ᠨᠡᠶᠢᠲᠡ | ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠶᠢ ᠠᠬᠢᠭᠤᠯᠬᠤ ᠶᠢᠨ ᠲᠥᠯᠥᠭᠡ᠂ 2024 ᠣᠨ ᠤ 10 | ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠺᠠᠳᠧᠮᠢᠴᠢ ᠶᠢᠨ ᠠᠵᠢᠯ ᠤᠨ ᠥᠷᠲᠡᠭᠡ ᠶᠢ ᠳᠠᠩᠰᠠᠯᠠᠨ ᠬᠠᠮᠢᠶᠠᠷᠬᠤ ᠠᠷᠭ᠎ᠠ︾ ᠳᠤ ᠵᠠᠰᠠᠪᠤᠷᠢ ᠣᠷᠣᠭᠤᠯᠵᠤ᠂ | ᠠᠩᠬ᠎ᠠ ᠤᠳᠠᠭ᠎ᠠ ᠳᠠᠩᠰᠠᠯᠠᠭᠤᠯᠤᠭᠰᠠᠨ ᠠᠺᠠᠳᠧᠮᠢᠴᠢ ᠶᠢᠨ ᠠᠵᠢᠯ ᠤᠨ ᠥᠷᠲᠡᠭᠡ ᠳᠤ ᠨᠡᠶᠢᠲᠡ 100 ᠲᠦᠮᠡᠨ | ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠳᠡᠮᠵᠢᠯᠭᠡ ᠣᠯᠭᠤᠨ᠎ᠠ ᠭᠡᠵᠦ ᠳᠤᠷᠠᠳᠪᠠ᠃ | |