ᠠᠮᠤᠷ ᠲᠦᠪᠰᠢᠨ ᠰᠠᠷ᠎ᠠ ᠰᠢᠨ᠎ᠡ ᠶᠢᠨ ᠣᠷᠴᠢᠨ ᠢ ᠪᠦᠷᠢᠯᠳᠦᠭᠦᠯᠬᠦ ᠪᠠᠷ ᠤᠯᠠᠠ ᠢᠶᠠᠷ ᠢᠶᠠᠨ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2025/4/7
                             ᠨᠡᠷᠡᠨ᠎ᠡ︶ ᠲᠦᠷᠦᠭᠦᠬᠡᠨ ᠮᠠᠨ ᠤ ᠠᠶᠢᠮᠠᠭ ᠪᠦᠭᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠰᠠᠶᠢᠲᠤᠷ ᠠᠳᠬᠤᠬᠤ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠰᠠᠶᠢᠲᠤᠷ ᠬᠠᠮᠢᠶᠠᠷᠤᠨ ᠡᠵᠡᠮᠳᠡᠬᠦ ᠵᠡᠷᠭᠡ ᠤᠯᠠᠠ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠣᠷᠴᠢᠮ ᠤᠨ ᠡᠳᠦᠷ ᠤᠨ ᠲᠤᠷᠰᠢ᠂ ᠪᠦᠭᠦ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠤᠷ  ᠲᠦᠪᠰᠢᠨ ᠤ ᠪᠠᠶᠢᠴᠠᠭᠠᠯᠲᠠ ᠴᠡᠭᠴᠡᠯᠡᠯᠲᠡ ᠶᠢ ᠲᠥᠪᠯᠡᠷᠡᠭᠦᠯᠦᠨ ᠠᠳᠬᠤᠵᠤ᠂ ᠤᠯᠠᠠ ᠲᠦᠮᠡᠨ ᠤ ᠰᠠᠨᠠᠭ᠎ᠠ ᠠᠮᠤᠷ ᠴᠠᠭᠠᠨ ᠰᠠᠷ᠎ᠠ ᠪᠠᠨ ᠥᠩᠭᠡᠷᠡᠭᠦᠯᠬᠦ ᠳᠤ ᠠᠮᠤᠷ ᠲᠦᠪᠰᠢᠨ ᠣᠷᠴᠢᠨ ᠲᠣᠭᠤᠷᠢᠨ ᠢ ᠬᠠᠩᠭᠠᠨ ᠥᠭᠴᠦ ᠪᠠᠶᠢᠨ᠎ᠠ᠃          ᠢᠳᠡᠭᠡᠠ ᠤᠮᠳᠠᠭᠠᠨ ᠤ ᠠᠮᠤᠷ ᠲᠦᠪᠰᠢᠨ ᠨᠢ ᠤᠯᠠᠠ ᠲᠦᠮᠡᠨ ᠤ ᠠᠮᠢ ᠨᠠᠰᠤ᠂ ᠡᠷᠡᠭᠦᠯ ᠴᠢᠭᠢᠷᠠᠭ ᠲᠠᠢ ᠬᠤᠯᠪᠣᠭᠳᠠᠬᠤ ᠲᠣᠮᠣ ᠶᠠᠪᠤᠳᠠᠯ᠃ ᠣᠷᠴᠢᠮ ᠤᠨ ᠡᠳᠦᠷ ᠤᠨ ᠲᠤᠷᠰᠢ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠨᠢᠭᠡᠴᠢ ᠶᠢᠨ ᠬᠢᠨ ᠬᠤᠯᠪᠤᠭᠠᠯᠠᠨ᠂ ᠡᠯ᠎ᠡ ᠭᠠᠵᠠᠷ ᠤᠨ ᠳᠠᠷᠢᠵᠤ ᠲᠡᠵᠢᠭᠡᠨ ᠦᠷᠡᠵᠢᠭᠦᠯᠬᠦ ᠡᠷᠦᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠭᠤᠯᠠᠨ ᠭᠡᠷ᠂ ᠵᠠᠬ᠎ᠠ ᠬᠤᠳᠠᠯᠳᠤᠭ᠎ᠠ ᠵᠡᠷᠭᠡ ᠪᠠᠷ ᠭᠦᠨᠵᠡᠭᠡᠶᠢᠷᠡᠨ ᠪᠦᠲᠦᠭᠡᠭᠳᠡᠬᠦᠨ ᠢ ᠤᠷᠤᠭᠤᠯᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠡᠯ᠎ᠡ ᠶᠠᠪᠤᠴᠠ ᠶᠢ ᠬᠢᠨᠠᠨ ᠪᠠᠶᠢᠴᠠᠭᠠᠬᠤ ᠶᠢᠨ ᠬᠠᠮᠲᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠢ ᠤᠬᠠᠭᠤᠯᠭ᠎ᠠ ᠰᠤᠷᠳᠠᠯᠴᠢᠯᠠᠭ᠎ᠠ ᠶᠢ ᠥᠷᠨᠢᠭᠦᠯᠵᠦ ᠪᠠᠶᠢᠨ᠎ᠠ᠃          ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ᠂ ᠭᠠᠯ ᠤᠨᠲᠠᠷᠠᠭᠠᠬᠤ ᠦᠢᠯᠡᠳᠬᠦᠨ᠂ ᠨᠣᠣᠰᠣ ᠨᠣᠣᠯᠣᠭᠤᠷ ᠤᠨ ᠦᠢᠯᠡᠳᠬᠦᠨ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠪᠠᠰᠠ ᠠᠷᠢᠬᠢᠨ ᠤ ᠵᠦᠢᠯ ᠤᠨ ᠪᠣᠷᠤᠯᠠᠭᠤᠯᠭ᠎ᠠ ᠡᠵᠡᠩᠨᠡᠯᠲᠡ ᠶᠢᠨ ᠨᠢᠭᠡᠴᠢ ᠳᠤ ᠪᠠᠶᠢᠴᠠᠭᠠᠯᠲᠠ ᠶᠠᠪᠤᠭᠤᠯᠵᠤ᠂ ᠵᠢᠵᠢᠭ ᠦᠢᠯᠡᠳᠬᠡᠯ ᠤᠨ ᠭᠠᠵᠠᠷ ᠲᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃          ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠪᠠᠶᠢᠴᠠᠭᠠᠯᠲᠠ ᠵᠢᠴᠢ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠯ ᠢ ᠥᠷᠨᠢᠭᠦᠯᠵᠦ᠂ ᠡᠯ᠎ᠡ ᠳᠡᠯᠭᠡᠭᠦᠷ᠂ ᠬᠤᠭᠤᠯᠠᠨ ᠭᠡᠷ᠂ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ ᠵᠡᠷᠭᠡ ᠭᠤᠣᠯᠳᠠᠯᠭ᠎ᠠ ᠲᠠᠢ ᠭᠠᠵᠠᠷ ᠲᠤ ᠬᠦᠷᠴᠦ᠂ ᠢᠳᠡᠭᠡᠨ ᠤ ᠠᠮᠤᠷ ᠲᠦᠪᠰᠢᠨ᠂ ᠭᠠᠯ ᠢ ᠰᠡᠷᠭᠡᠶᠢᠯᠡᠬᠦ᠂ ᠭᠠᠯ ᠴᠠᠭᠢᠯᠭᠠᠨ ᠢ ᠬᠡᠷᠡᠭᠯᠡᠬᠦ ᠵᠢᠴᠢ ᠡᠳᠦᠷ ᠲᠤᠳᠤᠮ ᠤᠨ ᠬᠠᠮᠢᠶᠠᠷᠤᠯᠲᠠ ᠵᠡᠷᠭᠡ ᠲᠠᠯ᠎ᠠ ᠪᠠᠷ ᠭᠤᠣᠯᠳᠠᠭᠤᠯᠤᠨ᠂ ᠠᠶᠤᠯᠭᠦᠢ ᠶᠢᠨ ᠲᠠᠯᠳᠠ ᠭᠡᠮ ᠤᠨ ᠪᠠᠶᠢᠴᠠᠭᠠᠯᠲᠠ ᠶᠢ ᠥᠷᠨᠢᠭᠦᠯᠵᠦ᠂ ᠠᠵᠢᠯᠲᠠᠨ ᠠᠵᠢᠯᠴᠢᠳ ᠤᠨ ᠭᠠᠯ ᠤᠨᠲᠠᠷᠠᠭᠠᠬᠤ ᠦᠨᠳᠦᠰᠦᠨ ᠮᠡᠷᠭᠡᠵᠢᠯ ᠢ ᠡᠵᠡᠮᠰᠢᠬᠦ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠭᠦ ᠶᠢ ᠴᠢᠩᠭᠠᠳᠬᠠᠭᠰᠠᠨ ᠪᠠᠶᠢᠨ᠎ᠠ᠃ ᠡᠵᠡᠨ᠎ᠡ ᠬᠤᠰᠢᠭᠤᠨ ᠤ ᠰᠤᠪᠨᠠᠭᠤᠷ ᠰᠤᠮᠤ ᠣᠶᠢᠷ᠎ᠠ ᠳᠤ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠢᠨ ᠲᠠᠢ ᠬᠠᠮᠲᠤᠷᠠᠨ ᠬᠠᠷᠢᠶᠠᠲᠤ ᠣᠷᠣᠨ ᠤ ᠶᠢᠰᠦᠨ ᠵᠢᠵᠢᠭ ᠲᠠᠯᠠᠪᠤᠷ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠮᠤᠷ ᠲᠦᠪᠰᠢᠨ ᠤ ᠶᠡᠭᠡ ᠪᠠᠶᠢᠴᠠᠭᠠᠯᠲᠠ ᠵᠢᠴᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ ᠱᠠᠰᠢᠨ ᠰᠤᠷᠲᠠᠬᠤᠨ ᠤ ᠲᠠᠯᠠᠪᠤᠷ  ᠲᠤ ᠪᠠᠶᠢᠴᠠᠭᠠᠯᠲᠠ ᠬᠢᠵᠦ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃          ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠢᠶᠠᠨ ᠦᠨᠳᠦᠰᠦᠯᠡᠨ ︽ᠪᠠᠶᠢᠴᠠᠭᠠᠬᠤ ᠪᠠᠷ ᠳᠠᠮᠵᠢᠠ ᠵᠠᠰᠠᠬᠤ ︾ ᠠᠷᠭ᠎ᠠ ᠪᠠᠷ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠴᠡᠭᠴᠡᠯᠡᠵᠦ᠂ ᠴᠠᠭᠠᠨ ᠰᠠᠷ᠎ᠠ ᠪᠠᠨ ᠠᠮᠤᠷ ᠲᠣᠭᠲᠠᠭᠤᠨ ᠥᠩᠭᠡᠷᠡᠭᠦᠯᠬᠦ ᠳᠤ ᠰᠠᠶᠢᠨ ᠨᠥᠬᠦᠴᠡᠯ ᠢ ᠪᠦᠷᠢᠯᠳᠦᠭᠦᠯᠦᠨ ᠥᠭᠬᠦ ᠪᠠᠷ ᠴᠢᠷᠮᠠᠶᠢᠵᠤ ᠪᠠᠶᠢᠨ᠎ᠠ᠃                                      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号