| | ᠰᠡᠴᠡᠨᠪᠠᠲᠤ | 1 ᠰᠠᠷ᠎ᠠ ᠶᠢᠨ17ᠪ᠊ ᠡᠳᠦᠷ ᠤᠨ ᠣᠷᠣᠢ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ ᠠᠴᠠ ᠭᠤᠣᠯᠯᠠᠨ ᠡᠷᠭᠢᠯᠡᠵᠤ᠂ ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ | ᠲᠣᠪᠴᠢᠶ᠎ᠠ ᠠᠴᠠ ᠳᠠᠭᠠᠭᠠᠴᠢᠯᠠᠵᠤ ᠡᠷᠭᠢᠯᠡᠭᠰᠡᠨ᠂ ᠠᠯᠠᠱᠠ ᠠᠶᠢᠮᠠᠭ ᠤᠨ ᠤᠯᠠᠭᠠᠨᠮᠥ᠋ᠴᠢᠷ ᠠᠴᠠ ᠨᠠᠶᠢᠷᠠᠭᠤᠯᠤᠨ | ᠵᠣᠬᠢᠶᠠᠵᠤ ᠪᠦᠲᠦᠭᠡᠭᠰᠡᠨ ︽ᠮᠠᠩᠬᠠᠨ ᠨᠤᠲᠤᠭ ᠤᠨ ᠠᠰᠢᠳᠠ ᠶᠢᠨ ᠤᠳᠤ︾ ᠶᠠᠷᠢᠶᠠᠲᠤ ᠵᠦᠴᠦᠭᠡ ᠠᠯᠳᠠᠨ ᠲᠣᠣᠷᠠᠢ | ᠳᠠᠭᠤᠤ ᠬᠥᠭᠵᠢᠮ ᠤᠨ ᠲᠢᠩᠬᠢᠮ ᠳᠤ ᠠᠩᠬᠠᠨ ᠤ ᠲᠤᠬᠯᠠᠯᠳᠠ ᠪᠠᠨ ᠠᠮᠵᠢᠯᠲᠠ ᠲᠠᠢ ᠭᠠᠷᠭᠠᠵᠤ᠂ ᠴᠠᠭᠠᠨ ᠰᠠᠷ᠎ᠠ ᠶᠢ | ᠤᠭᠲᠤᠬᠤ ᠰᠠᠶᠢᠬᠠᠨ ᠮᠥᠴᠡ ᠳᠤ ᠦᠵᠡᠭᠴᠢᠳ ᠲᠤ ᠤᠷᠠᠯᠢᠭ ᠤᠨ ᠰᠣᠳᠣᠨ ᠪᠦᠲᠦᠭᠡᠯ ᠤᠨ ᠬᠦᠷᠲᠡᠭᠡᠯ ᠪᠤᠯᠭᠠᠬᠰᠠᠨ | ᠪᠠᠶᠢᠨ᠎ᠠ᠃ | ᠲᠣᠰ ᠶᠠᠷᠢᠶᠠᠲᠤ ᠵᠦᠴᠦᠭᠡ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠯᠪᠠᠰᠤᠨ ᠨᠢᠭᠡᠴᠢ᠂ | ᠪᠦᠭᠦ ᠤᠯᠤᠰ ᠤᠨ ᠴᠠᠭ ᠠᠭᠤᠷ ᠤᠨ ᠠᠵᠢᠯ ᠤᠨ ᠲᠡᠷᠢᠭᠦᠨ ᠤ ᠬᠠᠮᠲᠤ ᠨᠢᠭᠡᠴᠢ᠂ ᠪᠦᠭᠦ ᠤᠯᠤᠰ ᠤᠨ ︽ | ᠠᠵᠢᠯᠴᠢᠨ ᠤ ᠬᠤᠰᠢᠭᠤᠴᠢ ᠨᠠᠷᠠᠮᠵᠢᠳᠤ︾ ᠵᠡᠷᠭᠡ ᠢᠷᠠᠭᠤ ᠠᠯᠳᠠᠷ ᠢ ᠭᠥᠷᠳᠡᠭᠰᠡᠨ᠂ ︽ᠲᠤᠮᠳᠠᠳᠤ ᠤᠯᠤᠰ ᠤᠨ | ᠵᠠᠭᠤᠨ ᠵᠢᠯ ᠤᠨ ᠴᠠᠭ ᠠᠭᠤᠷ ᠤᠨ ᠦᠷᠳᠡᠭᠡ︾ ᠪᠠᠷ ᠰᠣᠩᠭᠤᠭᠳᠠᠭᠰᠠᠨ᠂1959 ᠣᠨ ᠳᠤ ᠮᠠᠨ ᠤ ᠤᠯᠤᠰ ᠤᠨ | ᠬᠠᠮᠤᠭ ᠬᠦᠴᠢᠷ ᠪᠡᠷᠬᠡᠰᠢᠶᠡᠯ ᠲᠠᠢ ᠭᠠᠵᠠᠷ ᠣᠷᠣᠨ ᠳᠤ ᠪᠠᠶᠢᠭᠤᠯᠤᠭᠳᠠᠭᠰᠠᠨ ᠡᠵᠡᠨ᠎ᠡ ᠬᠤᠰᠢᠭᠤᠨ ᠤ ᠭᠤᠶᠢᠽᠠ ᠶᠢᠨ | ᠭᠤᠣᠯ ᠤᠨ ᠴᠠᠭ ᠠᠭᠤᠷ ᠤᠨ ᠥᠷᠲᠡᠭᠡ ᠪᠠᠷ ᠭᠤᠣᠯ ᠰᠡᠳᠦᠪ ᠪᠤᠯᠭᠠᠵᠣ᠂ ᠪᠠᠶᠠᠷ ᠢᠶᠠᠷ ᠲᠥᠯᠥᠭᠡᠯᠡᠭᠦᠯᠦᠭᠰᠡᠨ ᠬᠡᠳᠦᠨ | ᠦᠶ᠎ᠡ ᠶᠢᠨ ᠴᠠᠭ ᠠᠭᠤᠷ ᠤᠨ ᠠᠵᠢᠯᠲᠠᠨ ᠤ ᠡᠬᠡ ᠤᠯᠤᠰ ᠤᠨ ᠤᠮᠠᠷᠠᠲᠤ ᠬᠢᠯᠢ ᠶᠢᠨ ᠴᠠᠭ ᠠᠭᠤᠷ ᠤᠨ ᠦᠷᠳᠡᠭᠡ ᠶᠢ | ᠪᠦᠲᠦᠭᠡᠨ ᠪᠠᠶᠢᠭᠤᠯᠬᠤ ᠳᠤ ᠵᠠᠯᠠᠭᠤ ᠨᠠᠰᠤ ᠪᠠᠨ ᠬᠠᠷᠠᠮ ᠦᠭᠡᠢ ᠵᠣᠷᠢᠭᠤᠯᠵᠤ᠂ ᠴᠠᠭ ᠠᠭᠤᠷ ᠤᠨ ᠵᠥᠪ | ᠤᠨᠤᠪᠴᠢᠳᠠᠢ ᠲᠤᠭ᠎ᠠ ᠪᠠᠷᠢᠮᠲᠠ᠂ ᠬᠡᠮᠵᠢᠯᠲᠡ ᠪᠠᠷ ᠲᠤᠬᠠᠢ ᠶᠢᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ᠂ ᠣᠨᠴᠠᠭᠠᠶᠢᠯᠠᠨ ᠬᠥᠳᠡᠭᠡ ᠲᠤᠰᠬᠤᠨ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ | ᠠᠮᠢᠳᠤᠷᠠᠯ ᠳᠤ ᠦᠢᠯᠡᠴᠢᠯᠡᠭᠡ ᠬᠠᠩᠭᠠᠭᠰᠠᠭᠠᠷ ᠢᠷᠡᠭᠰᠡᠨ ᠦᠨᠡᠨ ᠪᠣᠳᠠᠲᠤ ᠦᠢᠯᠡ ᠠᠵᠢᠯᠯᠠᠭ᠎ᠠ᠂ ᠦᠯᠢᠭᠡᠷ | ᠶᠠᠪᠤᠳᠠᠯ ᠢ ᠢᠯᠡᠳᠬᠡᠵᠦ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠣᠷᠣᠰᠢᠨ ᠲᠣᠭᠲᠠᠨᠢᠬᠤ ᠶᠢ ᠮᠠᠭᠲᠠᠨ | ᠳᠠᠭᠤᠯᠠᠵᠤ᠂ ᠮᠠᠨ ᠤ ᠤᠯᠤᠰ ᠤᠨ ᠠᠩᠬᠠᠳᠠᠭᠴᠢ ᠴᠠᠭ ᠠᠭᠤᠷ ᠤᠨ ᠠᠵᠢᠯ ᠢᠶᠠᠷ ᠰᠡᠳᠦᠪ ᠠᠪᠤᠭᠰᠠᠨ ᠶᠠᠷᠢᠶᠠᠲᠤ | ᠵᠦᠴᠦᠭᠡ ᠪᠣᠯᠵᠠᠢ᠃ | ᠲᠤᠰ ᠵᠦᠴᠦᠭᠡ ᠶᠢ ᠮᠠᠨ ᠤ ᠣᠷᠣᠨ ᠤ ᠵᠠᠯᠠᠭᠤ ᠵᠦᠴᠦᠭᠡ ᠨᠠᠶᠢᠷᠠᠭᠤᠯᠤᠭᠴᠢ᠂ ᠳᠠᠭᠤᠤ ᠶᠢᠨ ᠦᠭᠡ | ᠵᠣᠬᠢᠶᠠᠭᠴᠢ᠂ ᠤᠳᠬ᠎ᠠ ᠤᠷᠠᠯᠢᠭ ᠤᠨ ᠰᠢᠭᠦᠮᠵᠢᠯᠡᠭᠴᠢ ᠬᠤᠤ ᠰᠢᠦᠢ ᠷᠦᠩ ᠨᠠᠶᠢᠷᠠᠭᠤᠯᠤᠨ ᠵᠣᠬᠢᠶᠠᠵᠤ᠂ ᠰᠢ ᠠᠨ ᠤ | ᠵᠦᠴᠦᠭᠡ ᠶᠢᠨ ᠰᠣᠶᠣᠯ ᠤᠨ ᠳᠠᠮᠵᠢᠭᠤᠯᠭ᠎ᠠ ᠶᠢᠨ ᠬᠢᠵᠠᠭᠠᠷᠲᠤ ᠺᠤᠮᠫᠠᠨᠢ ᠶᠢ ᠡᠭᠦᠰᠬᠡᠨ ᠪᠠᠶᠢᠭᠤᠯᠤᠭᠴᠢ᠂ ᠤᠷᠠᠯᠢᠭ ᠤᠨ | ᠶᠡᠷᠦᠩᠬᠡᠢ ᠬᠢᠨᠠᠭᠴᠢ᠂ ᠵᠠᠯᠠᠭᠤ ᠤᠳᠤᠷᠢᠳᠤᠭᠠᠴᠢ᠂ ᠲᠣᠭᠯᠠᠭᠴᠢ ᠸᠠᠩ ᠰᠢᠶᠣᠣ ᠱᠧᠩ ᠢ ᠶᠡᠷᠦᠩᠬᠡᠢ | ᠤᠳᠤᠷᠢᠳᠤᠭᠠᠴᠢ ᠪᠠᠷ ᠤᠷᠢᠵᠤ᠂ ᠵᠠᠯᠠᠭᠤ ᠤᠳᠤᠷᠢᠳᠤᠭᠠᠴᠢ ᠴᠧᠨ ᡁᠢ ᠬᠤᠢ ᠤᠳᠤᠷᠢᠳᠤᠭᠠᠴᠢ ᠪᠠᠷ ᠠᠵᠢᠯᠯᠠᠨ᠂ | ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠣᠨ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ ᠶᠢᠨ 2024 ᠣᠨ ᠤ ᠭᠤᠣᠯᠳᠠᠯᠭ᠎ᠠ ᠲᠠᠢ ᠵᠣᠬᠢᠶᠠᠨ ᠪᠦᠲᠦᠭᠡᠭᠰᠡᠨ ᠤᠷᠠᠯᠢᠭ ᠤᠨ ᠪᠦᠲᠦᠭᠡᠯ | ᠪᠣᠯᠵᠠᠢ᠃ ᠠᠯᠠᠱᠠ ᠨᠤᠲᠤᠭ ᠤᠨ ᠪᠤᠶᠢᠳᠠ ᠪᠥᠭᠯᠡᠭᠦᠦ ᠬᠢᠯᠢ ᠬᠢᠵᠠᠭᠠᠷ ᠲᠤ ᠪᠠᠶᠢᠷᠢᠯᠠᠭ᠎ᠠ ᠭᠤᠶᠢᠽᠠ ᠶᠢᠨ ᠭᠤᠣᠯ ᠤᠨ | ᠴᠠᠭ ᠠᠭᠤᠷ ᠤᠨ ᠦᠷᠳᠡᠭᠡ ᠶᠢᠨ ᠦᠨᠡᠨ ᠪᠣᠳᠠᠲᠤ ᠦᠢᠯᠡ ᠠᠵᠢᠯᠯᠠᠭ᠎ᠠ᠂ ᠦᠯᠢᠭᠡᠷ ᠶᠠᠪᠤᠳᠠᠯ ᠢᠶᠠᠷ ᠰᠡᠳᠦᠪ | ᠪᠤᠯᠭᠠᠬᠰᠠᠨ ᠡᠨᠡ ᠬᠦ ᠶᠠᠷᠢᠶᠠᠲᠤ ᠵᠦᠴᠦᠭᠡ ᠶᠢ ᠤᠷᠠᠯᠢᠭ ᠤᠨ ᠰᠢᠯᠢᠳᠡᠭ ᠪᠦᠲᠦᠭᠡᠯ ᠪᠣᠯᠭᠠᠨ ᠵᠣᠬᠢᠶᠠᠨ ᠪᠦᠲᠦᠭᠡᠬᠦ | ᠱᠠᠭᠠᠷᠳᠠᠯᠭ᠎ᠠ ᠪᠠᠷ ᠠᠯᠠᠱᠠ ᠠᠶᠢᠮᠠᠭ ᠤᠨ ᠤᠯᠠᠭᠠᠨᠮᠥ᠋ᠴᠢᠷ ᠤᠨ ᠬᠢᠨ ᠬᠠᠭᠠᠰ ᠵᠢᠯ ᠤᠨ ᠴᠠᠭ ᠵᠠᠷᠤᠴᠠᠭᠤᠯᠤᠨ᠂ | ᠵᠦᠴᠦᠭᠡ ᠶᠢᠨ ᠨᠠᠶᠢᠷᠠᠭᠤᠯᠭ᠎ᠠ ᠳᠤ ᠵᠠᠰᠠᠯᠲᠠ ᠤᠷᠤᠭᠤᠯᠬᠤ᠂ ᠰᠤᠳᠤᠯᠤᠨ ᠶᠠᠷᠢᠯᠴᠠᠬᠤ᠂ ᠬᠢᠨᠠᠨ ᠲᠣᠭᠲᠠᠭᠠᠬᠤ᠂ | ᠲᠠᠶᠢᠰᠠᠨ ᠤ ᠳ᠋ᠧᠩ ᠭᠡᠷᠡᠯᠲᠦᠭᠦᠯᠭᠡ᠂ ᠳᠠᠭᠤᠤ ᠬᠥᠭᠵᠢᠮ ᠤᠨ ᠨᠠᠶᠢᠷᠠᠭᠤᠯᠭ᠎ᠠ᠂ ᠬᠤᠪᠴᠠᠰᠤ ᠵᠠᠰᠠᠯ ᠤᠨ ᠰᠣᠩᠭᠤᠯᠲᠠ | ᠵᠡᠷᠭᠡ ᠤᠯᠠᠨ ᠠᠭᠤᠯᠭ᠎ᠠ ᠶᠢ ᠨᠠᠷᠢᠯᠢᠭᠵᠢᠭᠤᠯᠤᠨ ᠲᠥᠰᠥᠪᠯᠡᠵᠦ᠂ ᠪᠣᠯᠪᠠᠰᠤᠷᠠᠨ ᠲᠣᠭᠯᠠᠬᠤ ᠶᠠᠪᠤᠴᠠ ᠶᠢ ᠥᠩᠭᠡᠷᠡᠭᠡᠨ | ᠂ ᠠᠩᠬᠠᠨ ᠤ ᠲᠤᠬᠯᠠᠯᠳᠠ ᠪᠠᠷ ᠦᠵᠡᠭᠴᠢᠳ ᠲᠠᠢ ᠵᠣᠯᠭᠠᠭᠰᠠᠨ ᠪᠠᠶᠢᠨ᠎ᠠ᠃ | ︽ᠮᠠᠩᠬᠠᠨ ᠨᠤᠲᠤᠭ ᠤᠨ ᠠᠰᠢᠳᠠ ᠶᠢᠨ ᠤᠳᠤ︾ ᠶᠠᠷᠢᠶᠠᠲᠤ ᠵᠦᠴᠦᠭᠡ ᠶᠢ ᠵᠣᠬᠢᠶᠠᠨ ᠪᠦᠲᠦᠭᠡᠵᠦ | ᠲᠠᠶᠢᠰᠠᠨ ᠤ ᠤᠷᠠᠯᠢᠭ ᠤᠨ ᠭᠡᠯᠪᠡᠷᠢ ᠪᠠᠷ ᠲᠣᠭᠯᠠᠬᠤ ᠪᠠᠷ ᠳᠠᠮᠵᠢᠭᠤᠯᠤᠨ ᠪᠦᠭᠦᠳᠠ ᠨᠠᠶᠢᠷᠠᠮᠳᠠᠬᠤ ᠲᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠪᠦᠯᠬᠦᠮᠳᠡᠨ ᠨᠢᠭᠡᠳᠴᠦ᠂ ᠬᠦᠴᠢᠷ ᠪᠡᠷᠬᠡᠰᠢᠶᠡᠯ ᠲᠠᠢ ᠣᠷᠴᠢᠨ ᠲᠣᠭᠤᠷᠢᠨ ᠳᠤ ᠲᠡᠰᠪᠦᠷᠢ ᠬᠠᠲᠠᠭᠤᠵᠢᠯᠲᠠᠢ | ᠲᠡᠮᠡᠴᠡᠨ ᠠᠵᠢᠯᠯᠠᠵᠤ᠂ ᠡᠶ᠎ᠡ ᠲᠣᠭᠲᠠᠭᠤᠨ ᠡᠬᠡ ᠤᠯᠤᠰ ᠤᠨ ᠤᠮᠠᠷᠠᠲᠤ ᠬᠢᠯᠢ ᠶᠢ ᠪᠦᠲᠦᠭᠡᠨ ᠪᠠᠶᠢᠭᠤᠯᠵᠤ | ᠬᠠᠮᠠᠭᠠᠯᠠᠬᠤ ᠳᠤ ᠦᠵᠡᠭᠦᠯᠦᠭᠰᠡᠨ ᠠᠭᠤᠤ ᠶᠡᠭᠡ ᠴᠠᠭ ᠦᠶ᠎ᠡ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠤᠰᠬᠠᠵᠤ᠂ | ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠭᠦ | ᠠᠶᠢᠮᠠᠭ ᠢ ᠪᠦᠲᠦᠭᠡᠨ ᠪᠠᠶᠢᠭᠤᠯᠵᠤ᠂ ᠠᠯᠠᠱᠠ ᠠᠶᠢᠮᠠᠭ ᠤᠨ ᠰᠠᠶᠢᠨ ᠰᠠᠶᠢᠬᠠᠨ ᠳᠦᠷᠢ ᠲᠥᠷᠬᠦ ᠶᠢ ᠱᠤᠭᠤᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢᠨ ᠬᠠᠮᠲᠤ ᠪᠦᠭᠦ ᠠᠶᠢᠮᠠᠭ ᠤᠨ ᠤᠳᠬ᠎ᠠ ᠤᠷᠠᠯᠢᠭ ᠤᠨ ᠠᠵᠢᠯᠲᠠᠨ ᠤ | ᠰᠣᠳᠣᠨ ᠪᠦᠲᠦᠭᠡᠯ ᠲᠤᠭᠤᠷᠪᠢᠨ ᠭᠠᠷᠭᠠᠬᠤ ᠴᠢᠳᠠᠪᠤᠷᠢ ᠶᠢ ᠲᠡᠭᠡᠭᠰᠢᠯᠡᠭᠦᠯᠵᠤ᠂ ︽ᠤᠮᠠᠷᠠᠲᠤ ᠬᠢᠯᠢ ᠶᠢᠨ ᠰᠣᠶᠣᠯ︾ | ᠤᠨ ᠨᠡᠷᠡᠳᠦ ᠲᠡᠮᠳᠡᠭ ᠢ ᠡᠭᠦᠳᠴᠦ᠂ ᠭᠠᠳᠠᠭᠰᠢ ᠤᠬᠠᠭᠤᠯᠤᠨ ᠲᠠᠨᠢᠭᠤᠯᠬᠤ ᠳᠤ ᠲᠦᠯᠬᠢᠴᠡ ᠦᠢᠯᠡᠳᠦᠯ | ᠦᠵᠡᠭᠦᠯᠭᠦ ᠪᠣᠯᠣᠨ᠎ᠠ᠃ |