| | ᠡᠷᠳᠡᠨᠢᠴᠡᠴᠡᠭ︶ 1ᠰᠠᠷ᠎ᠠ ᠶᠢᠨ 18 ᠪ᠊ ᠡᠳᠦᠷ᠂ᠥᠷᠭᠡᠨ ᠤᠯᠠᠠ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠪᠠᠷ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ | ᠡᠷᠭᠢᠯᠡᠭᠰᠡᠡ ᠠᠯᠠᠱᠠ ᠵᠡᠭᠦᠨ ᠬᠤᠰᠢᠭᠤᠨ ᠤ 2025 ᠣᠨ ᠤ ᠴᠠᠭᠠᠨ ᠰᠠᠷ᠎ᠠ ᠶᠢᠨ ᠪᠣᠣᠪᠤ ᠪᠤᠭᠤᠷᠰᠤᠭ ᠤᠨ | ᠤᠷᠤᠯᠳᠤᠭᠠᠠ ᠪᠠᠶᠠᠨᠬᠤᠲᠠ ᠶᠢᠨ ᠬᠤᠯᠠᠳᠠᠭᠢᠨ ᠢ ᠲᠣᠭᠲᠠᠭᠠᠭᠴᠢ ᠬᠤᠷᠢᠶ᠎ᠠ ᠶᠢᠨ ᠶᠠᠮᠤᠨ ᠬᠡᠶᠢᠳ ᠤᠨ ᠪᠠᠷᠠᠭᠤᠨ | ᠳᠠᠯᠠᠪᠠᠢ ᠳᠤ ᠤᠳᠬ᠎ᠠ ᠲᠡᠭᠦᠯᠳᠡᠷ ᠶᠠᠪᠤᠭᠳᠠᠯ᠎ᠠ᠃ | ᠤᠷᠤᠯᠳᠤᠭᠠᠠ ᠳᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤᠨ ᠠᠴᠠ ᠬᠦᠷᠦᠯᠴᠡᠨ | ᠢᠷᠡᠭᠰᠡᠨ ᠬᠢᠲᠠᠳ᠂ ᠮᠣᠩᠭᠤᠯ᠂ ᠬᠤᠲᠣᠩ ᠦᠨᠳᠦᠰᠦᠲᠡᠨ ᠤ 43 ᠬᠥᠮᠥᠨ ᠤᠷᠤᠯᠴᠠᠵᠤ᠂ ᠪᠤᠷᠬᠠᠨ ᠪᠤᠭᠤᠷᠰᠤᠭ᠂ | ᠵᠤᠯᠠ ᠪᠤᠭᠤᠷᠰᠤᠭ᠂ ᠪᠠᠷᠰ ᠤᠨ ᠳᠠᠪᠠᠭ᠂ ᠰᠠᠮ ᠪᠤᠭᠤᠷᠰᠤᠭ᠂ ᠭᠡᠵᠢᠭᠡᠨ ᠪᠤᠭᠤᠷᠰᠤᠭ᠂ ᠰᠦᠯᠵᠢᠮᠡᠯ ᠪᠤᠭᠤᠷᠰᠤᠭ᠂ | ᠳᠤᠭᠤᠢ ᠪᠤᠭᠤᠷᠰᠤᠭ᠂ ᠮᠠᠨᠲᠠᠤ ᠵᠡᠷᠭᠡ ᠤᠯᠠᠠ ᠵᠦᠢᠯ ᠤᠨ ᠬᠡᠪ ᠵᠠᠭᠪᠤᠷ ᠲᠠᠢ ᠨᠤᠲᠤᠭ ᠣᠷᠣᠨ ᠤ ᠣᠨᠴᠠᠯᠢᠭ ᠢ | ᠳᠤᠪᠤᠶᠢᠯᠭᠠᠬᠰᠠᠠ ᠪᠣᠣᠪᠤ ᠪᠤᠭᠤᠷᠰᠤᠭ ᠢ ᠭᠠᠷᠭᠠᠵᠤ᠂ ᠤᠯᠠᠮᠵᠢᠯᠠᠯᠲᠤ ᠶᠣᠰᠣ ᠵᠠᠩᠰᠢᠯ ᠪᠣᠯᠣᠨ ᠰᠢᠨ᠎ᠡ ᠡᠭᠦᠳᠦᠯᠲᠡ ᠶᠢ | ᠠᠭᠤᠰᠤᠯᠴᠠᠭᠤᠯᠤᠨ ᠲᠢᠭᠯᠡᠡ ᠲᠠᠪᠠᠭᠯᠠᠵᠤ᠂ ᠤᠯᠠᠮᠵᠢᠯᠠᠯᠲᠤ ᠢᠳᠡᠭᠡᠨ ᠤᠮᠳᠠᠭᠠᠨ ᠤ ᠰᠣᠶᠣᠯ ᠵᠢᠴᠢ ᠪᠣᠣᠪᠤ | ᠪᠤᠭᠤᠷᠰᠤᠭ ᠬᠢᠬᠦ ᠤᠷ᠎ᠠ ᠮᠡᠷᠭᠡᠵᠢᠯ ᠢ ᠭᠠᠶᠢᠬᠠᠭᠤᠯᠤᠨ᠂ ᠦᠨᠳᠦᠰᠦᠲᠡᠨ ᠤ ᠰᠣᠶᠣᠯ ᠤᠨ ᠰᠣᠯᠢᠯᠴᠠᠭ᠎ᠠ ᠶᠢ | ᠠᠬᠢᠭᠤᠯᠵᠤ ᠴᠢᠳᠠᠭᠰᠠᠨ ᠪᠠᠶᠢᠨ᠎ᠠ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠨᠠᠷᠠᠨᠭᠡᠷᠡᠯ ᠮᠠᠩᠯᠠᠶᠢᠯᠠᠵᠤ᠂ ᠠᠯᠲᠠᠨᠲᠤᠶᠠᠭ᠎ᠠ | ᠰᠠᠷᠠᠨᠴᠢᠮᠡᠭ ᠬᠤᠶᠠᠳᠤᠭᠠᠷ ᠳᠡᠰ ᠲᠤ ᠲᠣᠳᠣᠷᠠᠨ᠂ ᠠᠳᠢᠶ᠎ᠠ᠂ ᠪᠤᠸ ᠬᠤᠸᠠ᠂ ᠮᠠ ᠰᠢᠤ ᠶᠢᠩ ᠭᠤᠷᠪᠠᠳᠤᠭᠠᠷ | ᠳᠡᠰ ᠤᠨ ᠱᠠᠩᠨᠠᠯ ᠢ ᠳᠣᠰᠴᠠᠢ᠃ ᠤᠷᠤᠯᠳᠤᠭᠠᠠ ᠤ ᠠᠬᠤᠢ ᠳᠠᠯᠠᠪᠠᠢ ᠳᠤ ᠪᠠᠰᠠ ᠪᠣᠳᠠᠰ ᠤᠨ ᠪᠤᠰᠤ ᠰᠣᠶᠣᠯ ᠤᠨ | ᠥᠪ ᠪᠣᠯᠣᠨ ᠨᠤᠲᠤᠭ ᠤᠨ ᠣᠨᠴᠠᠯᠢᠭᠲᠤ ᠲᠠᠸᠠᠷ ᠤᠨ ᠴᠤᠭᠯᠠᠭᠠᠨ ᠢ ᠡᠷᠭᠢᠯᠡᠡ᠂ ᠦᠵᠡᠭᠴᠢᠳ ᠲᠤ ᠬᠤᠣᠰ | ᠤᠶᠠᠩᠭ᠎ᠠ ᠪᠢᠴᠢᠵᠦ ᠬᠦᠷᠭᠡᠨ᠂ ᠦᠨᠳᠦᠰᠦᠲᠡᠨ ᠤ ᠤᠯᠠᠮᠵᠢᠯᠠᠯᠲᠤ ᠢᠳᠡᠭᠡᠨ ᠤᠮᠳᠠᠭᠠᠨ ᠤ ᠰᠣᠶᠣᠯ ᠤᠨ | ᠠᠭᠤᠯᠤᠭᠳᠠᠬᠤᠨ ᠢ ᠠᠭᠤᠳᠠᠯᠯᠠᠠ᠂ ᠵᠢᠭᠤᠯᠴᠢᠯᠠᠯ ᠤᠨ ᠦᠢᠯᠡᠰ ᠪᠠ ᠢᠳᠡᠭᠡᠡ ᠤᠮᠳᠠᠭᠠᠨ ᠤ ᠦᠢᠯᠡᠰ ᠢ | ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠵᠢᠯ ᠴᠠᠭᠠᠨ ᠰᠠᠷ᠎ᠠ ᠳᠤ ᠭᠦᠭ ᠨᠡᠮᠡᠷᠢᠯᠡᠨ ᠭᠦᠷ ᠬᠥᠭᠵᠢᠶᠡᠨ | ᠪᠢᠯᠬᠠᠭᠤᠯᠤᠭᠰᠠᠨ ᠪᠠᠶᠢᠨ᠎ᠠ᠃ | |