ᠬᠤᠣᠰ ᠤᠶᠠᠩᠭ᠎ᠠ ᠪᠢᠴᠢᠵᠦ ᠰᠠᠷ᠎ᠠ ᠰᠢᠨ᠎ᠡ ᠶᠢᠨ ᠪᠡᠯᠡᠭ ᠪᠣᠯᠭᠠᠯ᠎ᠠ
ᠨᠡᠶᠢᠲᠡᠯᠡᠭᠰᠡᠨ ᠴᠠᠭ᠄
2025/4/7
                           ᠠᠷᠤᠤᠬᠠᠨ ᠰᠢᠦᠢ ᠰᠢᠶᠣᠣ ᠯᠢᠩ ᠡᠷᠳᠡᠨᠢ ᠨᠠᠨᠳᠢᠨᠪᠢᠯᠢᠭ᠌︶ ᠣᠶᠢᠷ᠎ᠠ ᠶᠢᠨ ᠡᠳᠦᠷ᠂ ᠠᠯᠠᠱᠠ ᠵᠡᠭᠦᠨ ᠬᠤᠰᠢᠭᠤᠨ ᠪ᠊  ᠵᠢᠷᠠᠲᠠᠢ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠠᠴᠠ ᠬᠠᠷᠢᠶ᠎ᠠ ᠣᠷᠣᠨ ᠤ 5 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ︽ᠵᠢᠯ ᠴᠠᠭᠠᠨ ᠰᠠᠷ᠎ᠠ ᠪᠠᠨ ᠤᠭᠲᠤᠵᠤ᠂ ᠬᠤᠣᠰ ᠤᠶᠠᠩᠭ᠎ᠠ ᠪᠢᠴᠢᠨ ᠢᠷᠦᠭᠡᠯ ᠵᠥᠩᠨᠡᠯ ᠳᠡᠪᠰᠢᠭᠦᠯᠬᠦ︾ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠠᠮᠢᠳᠤᠷᠠᠯ ᠬᠦᠴᠢᠷᠳᠡᠯᠲᠡᠢ ᠭᠡᠷ ᠪᠦᠯᠢ ᠳᠤ ᠬᠦᠷᠭᠡᠯ᠎ᠡ᠃          ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡ ᠶᠢᠨ ᠭᠤᠷᠪᠠᠨ ᠪᠠᠭᠰᠢ ᠪᠡᠭᠡ ᠵᠠᠭᠤᠷᠠᠨ ᠪᠢᠷ ᠬᠤᠷᠤᠶᠢᠯᠠᠵᠤ᠂ ᠰᠠᠶᠢᠨ ᠰᠠᠶᠢᠬᠠᠨ ᠢ ᠪᠡᠯᠭᠡᠳᠡᠭᠰᠡᠨ ᠰᠢᠨ᠎ᠡ ᠵᠢᠯ ᠤᠨ ᠢᠷᠦᠭᠡᠯ ᠵᠥᠩᠨᠡᠯ ᠢ ᠠᠯᠲᠠᠨ ᠬᠡᠭᠡᠰᠦᠲᠦ ᠤᠯᠠᠭᠠᠨ ᠬᠠᠭᠤᠳᠠᠰᠤᠨ᠎ᠠ ᠳᠣᠪᠲᠣᠯᠭᠠᠬᠤ ᠳᠤ᠂ ᠬᠠᠵᠠᠭᠤᠳᠠᠭᠢ ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢᠳ ᠦᠨᠳᠦᠰᠦᠲᠡᠨ ᠤ ᠬᠤᠪᠴᠠᠰᠤ ᠵᠠᠰᠠᠯ ᠢᠶᠠᠷ ᠭᠤᠶᠣᠯᠠᠵᠤ᠂ ᠦᠵᠦᠭ ᠪᠢᠷ ᠢᠶᠠᠷ ᠠᠮᠢᠯᠠᠭᠰᠠᠨ ᠤᠷᠠᠨ ᠪᠢᠴᠢᠯᠭᠡᠲᠡᠳ ᠤᠨ ᠲᠣᠷᠭᠠᠨ ᠪᠠᠳᠠᠭ ᠤᠳ ᠢ ᠨᠢᠳᠦ ᠰᠠᠯᠭᠠᠯ ᠦᠭᠡᠢ ᠬᠠᠷᠠᠵᠤ᠂ ᠬᠥᠭᠡᠷᠦᠬᠦᠨ ᠬᠤᠶᠠᠷ ᠭᠠᠷ ᠢᠶᠠᠷ ᠢᠶᠠᠨ ᠴᠠᠭᠠᠰᠤ ᠶᠢ ᠨᠢ ᠲᠡᠭᠰᠢᠯᠡᠵᠦ ᠥᠭᠭᠦᠨ᠎ᠡ᠃ ᠬᠡᠦᠬᠡᠳ ᠤᠳ ᠤᠨ ᠪᠡᠭᠡ ᠵᠠᠭᠤᠷᠠᠬᠤ ᠠᠴᠠ ᠪᠢᠴᠢᠭ ᠤᠨ ᠬᠠᠭᠤᠳᠠᠰᠤ ᠲᠡᠭᠰᠢᠯᠡᠬᠦ ᠵᠡᠷᠭᠡ ᠪᠡᠶ᠎ᠡ ᠳᠡᠭᠡᠨ ᠲᠣᠬᠢᠷᠠᠭᠰᠠᠨ ᠠᠵᠢᠯ ᠤᠳ ᠨᠢ ᠲᠡᠳᠡᠨ ᠳᠤ ᠤᠯᠠᠮᠵᠢᠯᠠᠯ ᠵᠠᠯᠭᠠᠮᠵᠢᠯᠠᠯ ᠤᠨ ᠷᠢᠳᠢ ᠰᠢᠳᠢ ᠶᠢ ᠥᠰᠴᠦ ᠪᠣᠶᠢᠵᠢᠬᠤ ᠶᠢᠨ ᠳᠤᠮᠳᠠ ᠮᠡᠳᠡᠷᠡᠭᠦᠯᠵᠦ᠂ ᠪᠢᠴᠢᠭ ᠦᠰᠦᠭ ᠤᠨ ᠪᠠᠷᠳᠠᠮ ᠲᠠᠲᠠᠯᠠᠭ᠎ᠠ ᠶᠢ ᠬᠠᠷᠠᠵᠤ ᠵᠣᠭᠰᠣᠳᠠᠭ ᠪᠠᠶᠢᠭᠰᠠᠨ ᠠᠴᠠ ᠪᠠᠨ ᠪᠠᠳᠠᠭ ᠰᠢᠯᠦᠭ ᠤᠨ ᠵᠥᠩᠨᠡᠯ ᠢ ᠳᠠᠭᠠᠭᠠᠪᠤᠷᠢᠯᠠᠬᠤ ᠪᠤᠯᠲᠠᠯᠠᠭᠢ ᠣᠶᠢᠯᠠᠭᠠᠯᠴᠠᠯ ᠤᠬᠠᠭᠠᠷᠠᠯ ᠨᠢ ᠲᠡᠳᠡᠨ ᠳᠤ ᠤᠳᠬ᠎ᠠ ᠰᠣᠶᠣᠯ ᠤᠨ ᠡᠷᠬᠢᠮ ᠴᠢᠬᠤᠯᠠ ᠶᠢ ᠣᠶᠢᠯᠠᠭᠠᠭᠤᠯᠤᠨ ᠡᠭᠡᠯ ᠵᠢᠷ ᠤᠨ ᠠᠮᠢᠳᠤᠷᠠᠯ ᠳᠤᠮᠳᠠ ᠠᠴᠠ ᠭᠡᠭᠡᠷᠡᠯ ᠢ ᠣᠯᠭᠤᠵᠤ ᠪᠠᠶᠢᠨ᠎ᠠ᠃          ᠵᠢᠷᠠᠲᠠᠢ ᠪᠠᠯᠭᠠᠰᠤᠨ ᠤ ᠰᠠᠭᠤᠭᠠᠯᠢ ᠠᠷᠠᠳ ᠪᠠᠲᠤᠪᠠᠭᠠᠨ᠎ᠠ᠄ ︽ᠥᠨᠥᠳᠥᠷ ᠤᠨ ᠠᠵᠢᠯᠯᠠᠭ᠎ᠠ ᠤᠳᠬ᠎ᠠ ᠠᠭᠤᠯᠭ᠎ᠠ ᠲᠠᠢ ᠰᠠᠶᠢᠬᠠᠨ ᠶᠠᠪᠤᠭᠳᠠᠯ᠎ᠠ᠂ ᠪᠦᠭᠦᠳᠡᠭᠡᠷ ᠢᠶᠠᠨ ᠪᠠᠶᠠᠷ ᠪᠠᠶᠠᠰᠬᠤᠯᠠᠩ ᠲᠠᠢ ᠰᠢᠨ᠎ᠡ ᠵᠢᠯ ᠢᠶᠠᠨ ᠤᠭᠲᠤᠬᠤ ᠶᠢ ᠬᠦᠰᠡᠵᠦ ᠪᠠᠶᠢᠨ᠎ᠠ︾ ᠭᠡᠵᠦ ᠶᠠᠷᠢᠨ᠎ᠠ᠃ ᠬᠤᠣᠰ ᠤᠶᠠᠩᠭ᠎ᠠ ᠨᠢ ᠴᠠᠭᠠᠨ ᠰᠠᠷ᠎ᠠ ᠶᠢᠨ ᠰᠣᠶᠣᠯ ᠤᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ᠂ ᠰᠢᠨ᠎ᠡ ᠨᠢᠭᠡ ᠵᠢᠯ ᠤᠨ ᠠᠯᠢᠪᠠ ᠰᠠᠶᠢᠨ ᠰᠠᠶᠢᠬᠠᠨ ᠬᠦᠰᠡᠯ ᠵᠥᠩᠨᠡᠯ ᠢ ᠠᠴᠢᠶᠠᠯᠠᠵᠤ ᠪᠠᠶᠢᠳᠠᠭ᠃ ᠠᠵᠢᠯᠯᠠᠭ᠎ᠠ ᠶᠢᠨ ᠳᠤᠮᠳᠠ᠂ ᠠᠵᠢᠯᠲᠠᠳ ᠴᠠᠭᠠᠨ ᠰᠠᠷ᠎ᠠ ᠶᠢᠨ ᠬᠤᠣᠰ ᠤᠶᠠᠩᠭ᠎ᠠ᠂ ᠴᠠᠭᠠᠰᠤᠨ ᠬᠠᠶᠢᠴᠢᠯᠠᠮᠠᠯ᠂ ᠳ᠋ᠧᠩᠯᠦ᠂ ᠳᠡᠪᠢᠭᠦᠷ᠂ ᠬᠠᠳᠬᠤᠮᠠᠯ᠂ ᠡᠪᠬᠡᠮᠡᠯ ᠵᠢᠷᠤᠭ ᠵᠡᠷᠭᠡ ᠴᠠᠭᠠᠨ ᠰᠠᠷ᠎ᠠ ᠶᠢᠨ ᠵᠥᠩᠨᠡᠯ ᠲᠠᠢ ᠵᠠᠰᠠᠯ ᠴᠢᠮᠡᠭᠯᠡᠯ ᠢ ᠰᠠᠭᠤᠭᠠᠯᠢ ᠠᠷᠠᠳ ᠲᠤ ᠬᠦᠷᠭᠡᠯ᠎ᠡ᠃        
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号