ᠰᠣᠶᠣᠯ ᠤᠨ ᠬᠤᠷ᠎ᠠ ᠪᠠᠷ ᠤᠮᠳᠠᠯᠠᠭᠳᠠᠭᠰᠠᠨ ᠰᠣᠷᠭᠤᠭ ᠴᠡᠴᠡᠭ
ᠨᠡᠶᠢᠲᠡᠯᠡᠭᠰᠡᠨ ᠴᠠᠭ᠄
2025/4/7
                                         - ᠬᠤᠰᠢᠭᠤ ᠲᠡᠰ ᠤᠨ ᠰᠠᠪᠠᠷᠳᠠᠩ ᠪᠥᠵᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠯᠡᠨ ᠤᠯᠠᠮᠵᠢᠯᠠᠭᠴᠢ ᠤᠷᠭᠤᠭ᠎ᠠ ᠶᠢ ᠲᠡᠮᠳᠡᠭᠯᠡᠪᠡ              ●ᠳᠠᠪᠰᠢᠯᠲᠤ              ᠲᠤᠤᠷᠠᠶᠢᠳᠤ ᠨᠤᠲᠤᠭ ᠤᠨ ᠲᠣᠷᠭᠠᠨ ᠬᠥᠷᠥᠰᠥᠨ ᠳᠤᠨᠢ ᠪᠦᠪᠡᠶᠢᠯᠡᠭᠳᠡᠵᠦ᠂ ᠲᠣᠷᠭᠤᠳ ᠰᠣᠶᠣᠯ ᠤᠨ ᠢᠶᠠᠨ ᠢᠷᠠᠭᠤ ᠲᠤᠤᠯᠢᠰ ᠢ ᠪᠢᠴᠢᠭᠯᠡᠭᠰᠡᠨ ᠡᠷᠳᠡᠮᠲᠡᠨ ᠮᠡᠷᠭᠡᠳ᠂ ᠤᠷᠠᠯᠢᠭ ᠰᠣᠶᠣᠯ ᠤᠨ ᠰᠣᠳᠣᠨ ᠬᠥᠮᠥᠰ ᠡᠨᠡ ᠨᠤᠲᠤᠭ ᠠᠴᠠ ᠴᠥᠭᠡᠨ ᠪᠤᠰᠤ ᠴᠣᠯᠭᠤᠷᠠᠭᠰᠠᠨ ᠠᠵᠢ᠃ ᠦᠶ᠎ᠡ ᠦᠶ᠎ᠡ ᠶᠢᠨ ᠬᠥᠮᠥᠰ ᠤᠨ ᠠᠯᠳᠠᠷ ᠬᠦᠨᠳᠦᠳᠬᠡᠯ᠂ ᠠᠮᠵᠢᠯᠲᠠ ᠪᠦᠳᠤᠮᠵᠢ᠂ ᠭᠠᠪᠢᠶ᠎ᠠ ᠵᠢᠳᠬᠦᠯ ᠢᠶᠠᠷ ᠥᠪᠡᠷᠮᠢᠴᠡ ᠰᠣᠳᠣᠨ ᠲᠡᠦᠬᠡ ᠰᠣᠶᠣᠯ ᠤᠨ ᠭᠢᠯᠠᠯᠵᠠᠭᠰᠠᠨ ᠥᠪ ᠢ ᠡᠭᠦᠳᠦᠨ ᠪᠦᠲᠦᠭᠡᠵᠦ ᠥᠪᠯᠡᠨ ᠵᠠᠯᠭᠠᠮᠵᠢᠯᠠᠭᠠᠳ ᠲᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠰᠠᠩ ᠢ ᠪᠠᠶᠠᠯᠢᠭᠵᠢᠭᠤᠯᠤᠭᠰᠠᠭᠠᠷ ᠢᠷᠡᠭᠰᠡᠨ ᠪᠢᠯᠡ᠃ ᠡ᠊ᠡᠳᠡᠴᠡ ᠤᠷᠠᠯᠢᠭ ᠰᠣᠶᠣᠯ ᠤᠨ ᠥᠪ ᠪᠤᠯᠬᠤ ᠰᠠᠪᠠᠷᠳᠠᠩ ᠪᠥᠵᠢᠭ ᠢᠶᠠᠨ ᠥᠪᠯᠡᠨ ᠰᠤᠷᠴᠤ᠂ ᠤᠯᠠᠮᠵᠢᠯᠠᠨ ᠬᠥᠭᠵᠢᠭᠦᠯᠵᠦ ᠶᠠᠪᠤᠭ᠎ᠠ ᠡᠵᠡᠨ᠎ᠡ ᠨᠤᠲᠤᠭ ᠤᠨ ᠵᠠᠯᠠᠭᠤ ᠤᠷᠠᠯᠢᠭᠴᠢᠨ ᠤᠷᠭᠤᠭ᠎ᠠ ᠶᠢᠨ ᠤᠷᠠᠯᠢᠭ ᠤᠨ ᠠᠶᠠᠨ ᠤ ᠵᠣᠭᠤᠭ ᠢ ᠬᠤᠪᠢᠶᠠᠯᠴᠠᠶ᠎ᠠ᠃              ᠤᠷᠭᠤᠭ᠎ᠠ ᠪᠣᠯ ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠪᠥᠵᠢᠭᠴᠢᠨ᠂ ᠪᠥᠵᠢᠭ ᠲᠢᠭᠯᠡᠭᠴᠢ᠂ ᠡᠵᠡᠨ᠎ᠡ ᠬᠤᠰᠢᠭᠤᠨ ᠤ ᠰᠠᠪᠠᠷᠳᠠᠩ ᠪᠥᠵᠢᠭ ᠤᠨ ᠨᠡᠶᠢᠭᠡᠮᠯᠢᠭ ᠤᠨ ᠳᠠᠷᠤᠭ᠎ᠠ᠂ ᠬᠤᠰᠢᠭᠤ ᠲᠡᠰ ᠤᠨ ᠰᠠᠪᠠᠷᠳᠠᠩ ᠪᠥᠵᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠯᠡᠨ ᠤᠯᠠᠮᠵᠢᠯᠠᠭᠴᠢ ᠶᠤᠮ᠃ ᠬᠠᠷᠠᠬᠠᠨ ᠪᠠᠭ᠎ᠠ ᠠᠴᠠ ᠳᠠᠭᠤᠯᠠᠵᠤ ᠪᠥᠵᠢᠭᠯᠡᠬᠦ ᠳᠤᠷᠠᠲᠠᠢ ᠲᠡᠷᠡ ᠰᠤᠷᠤᠬᠴᠢ ᠨᠠᠰᠤᠨ ᠳᠠᠭᠠᠨ ᠤᠷᠠᠯᠢᠭ ᠤᠨ ᠠᠪᠢᠶᠠᠰ ᠢᠶᠠᠷ ᠢᠶᠠᠨ ᠦᠶ᠎ᠡ ᠶᠢᠨ ᠨᠥᠬᠦᠳ ᠠᠴᠠ ᠪᠠᠨ ᠣᠷᠣᠶᠢᠯᠠᠵᠤ ᠶᠠᠪᠤᠳᠠᠭ ᠪᠠᠶᠢᠵᠠᠢ᠃ ︽ᠬᠥᠮᠥᠨ ᠪᠤᠯᠬᠤ ᠪᠠᠭ᠎ᠠ ᠠᠴᠠ ᠪᠠᠨ᠂ ᠭᠦᠯᠥᠭ ᠪᠤᠯᠬᠤ ᠤᠨᠠᠭᠠᠨ ᠠᠴᠠ ᠪᠠᠨ︾ ᠭᠡᠳᠡᠭ ᠢᠶᠠᠷ ᠡᠨᠡ ᠬᠦ ᠤᠷ᠎ᠠ ᠠᠪᠢᠶᠠᠰ ᠨᠢ ᠲᠡᠭᠦᠨ ᠢ ᠤᠷᠠᠯᠢᠭ ᠤᠨ ᠵᠠᠮ ᠤᠷᠤᠭᠤ ᠬᠥᠲᠥᠯᠵᠦ᠂ ᠤᠯᠠᠭᠠᠨᠮᠥ᠋ᠴᠢᠷ ᠤᠨ ᠪᠥᠵᠢᠭᠴᠢᠨ ᠪᠤᠯᠭᠠᠬᠰᠠᠨ ᠪᠠᠶᠢᠨ᠎ᠠ᠃              2004 ᠣᠨ ᠳᠤ᠂ ᠤᠷᠭᠤᠭ᠎ᠠ ᠠᠩᠬ᠎ᠠ ᠲᠤᠮᠳᠠᠳᠤ ᠶᠢᠨ ᠰᠤᠷᠤᠬᠴᠢ ᠪᠠᠶᠢᠪᠠ᠃ ᠨᠢᠭᠡ ᠡᠳᠦᠷ᠂ ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠰᠤᠷᠤᠬᠴᠢ ᠡᠯᠰᠡᠬᠦ ᠪᠠᠭ ᠤᠨ ᠬᠢᠨ ᠰᠤᠷᠭᠠᠭᠤᠯᠢ ᠳᠤ ᠢᠷᠡᠵᠤ᠂ ᠰᠤᠷᠭᠠᠭᠤᠯᠢ ᠠᠴᠠ ᠬᠡᠰᠡᠭ ᠤᠷᠠᠯᠢᠭ ᠲᠠᠭᠠᠨ ᠠᠪᠢᠶᠠᠰ ᠲᠠᠢ ᠬᠡᠦᠬᠡᠳ ᠤᠳ ᠢ ᠰᠢᠯᠭᠠᠷᠠᠭᠤᠯᠤᠨ ᠡᠯᠰᠡᠬᠦ ᠪᠠᠷ ᠪᠣᠯᠵᠠᠢ᠃ ᠡᠨᠡ ᠵᠠᠪᠰᠢᠶᠠᠨ ᠢᠶᠠᠷ ᠤᠷᠭᠤᠭ᠎ᠠ ᠠᠶᠠᠭᠠᠨ ᠪᠥᠵᠢᠭ ᠢᠶᠠᠨ ᠪᠥᠵᠢᠭᠯᠡᠵᠦ᠂ ᠠᠷᠠᠳ ᠤᠨ ᠳᠠᠭᠤᠤ ᠪᠠᠨ ᠳᠠᠭᠤᠯᠠᠭᠠᠳ ᠪᠥᠵᠢᠭᠴᠢᠨ ᠤ ᠰᠢᠯᠭᠠᠷᠠᠭᠤᠯᠤᠯᠲᠠ ᠶᠢ ᠥᠩᠭᠡᠷᠡᠭᠡᠵᠦ ᠤᠯᠠᠭᠠᠨᠮᠥ᠋ᠴᠢᠷ ᠤᠨ ᠨᠢᠭᠡᠳᠦᠯᠲᠡᠢ ᠪᠣᠯᠪᠠᠰᠤᠷᠠᠯ ᠳᠤ ᠣᠷᠣᠯᠴᠠᠵᠠᠢ᠃ ᠤᠷᠭᠤᠭ᠎ᠠ᠄ ︽ᠲᠡᠷᠡ ᠦᠶ᠎ᠡ ᠳᠤ ᠪᠢᠳᠠᠨ ᠢ ᠪᠥᠵᠢᠭᠴᠢᠨ ᠢᠶᠠᠷ ᠡᠯᠰᠡᠵᠦ ᠠᠪᠤᠭᠰᠠᠨ ᠤ ᠲᠠᠷᠠᠭ᠎ᠠ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠪᠥᠵᠢᠭ ᠤᠨ ᠪᠣᠯᠪᠠᠰᠤᠷᠠᠯ ᠡᠷᠭᠢᠯᠡᠭᠰᠡᠨ ᠶᠤᠮ᠃ ᠠᠩᠬ᠎ᠠ ᠲᠤᠮᠳᠠᠳᠤ ᠶᠢᠨ ᠲᠡᠭᠦᠰᠬᠦ ᠰᠢᠯᠭᠠᠯᠲᠠ ᠪᠣᠯᠣᠨ ᠪᠥᠵᠢᠭ ᠤᠨ ᠪᠣᠯᠪᠠᠰᠤᠷᠠᠯ ᠤᠨ ᠴᠠᠭ ᠳᠠᠪᠬᠤᠴᠠᠵᠤ ᠪᠠᠶᠢᠭᠰᠠᠨ ᠲᠤᠯᠠ ᠨᠢᠭᠡ ᠲᠠᠯ᠎ᠠ ᠪᠠᠷ ᠨᠣᠮ ᠰᠤᠳᠤᠷ ᠢᠶᠠᠨ ᠳᠠᠪᠲᠠᠵᠤ᠂ ᠨᠥᠭᠦᠭᠡ ᠲᠠᠯ᠎ᠠ ᠪᠠᠷ ᠪᠣᠯᠪᠠᠰᠤᠷᠠᠯ ᠳᠠᠭᠠᠨ ᠣᠷᠣᠵᠤ ᠪᠠᠶᠢᠪᠠ᠃ ᠨᠠᠰᠤ ᠪᠠᠭ᠎ᠠ ᠪᠠᠶᠢᠭᠰᠠᠨ ᠪᠣᠯᠬᠤᠷ ᠪᠥᠵᠢᠭ ᠤᠨ ᠰᠠᠭᠤᠷᠢ ᠪᠣᠯᠪᠠᠰᠤᠷᠠᠯ ᠳᠤ ᠣᠷᠣᠴᠢᠬᠠᠭᠠᠳ ᠬᠥᠯ ᠭᠠᠷ ᠳᠡᠭᠡᠷ᠎ᠡ ᠪᠠᠨ ᠬᠥᠬᠡ ᠲᠣᠯᠪᠤ ᠲᠠᠢ ᠶᠠᠪᠤᠵᠤ ᠯᠠ ᠪᠠᠶᠢᠯ᠎ᠠ᠃ ᠪᠠᠭ᠎ᠠ ᠰᠠᠭ᠎ᠠ ᠬᠠᠯᠠ ᠳᠠᠭᠠᠭᠠᠬᠤ ᠲᠡᠰᠪᠦᠷᠢ ᠲᠡᠪᠴᠢᠶᠡᠷᠢ ᠪᠣᠯᠣᠨ ᠳᠤᠷ᠎ᠠ ᠪᠠᠬ᠎ᠠ ᠲᠠᠢ ᠪᠠᠶᠢᠭᠰᠠᠨ ᠳᠠᠭᠠᠨ ᠪᠥᠵᠢᠭᠴᠢᠨ ᠪᠣᠯᠣᠭᠠᠳ ᠣᠮᠤᠭ ᠲᠡᠭᠦᠯᠳᠡᠷ ᠶᠠᠪᠤᠵᠤ ᠪᠠᠶᠢᠨ᠎ᠠ᠃ ᠤᠳᠤ ᠡᠵᠡᠨ᠎ᠡ ᠬᠤᠰᠢᠭᠤᠨ ᠤ ᠤᠯᠠᠭᠠᠨᠮᠥ᠋ᠴᠢᠷ ᠲᠤ ᠪᠥᠵᠢᠭᠴᠢᠨ ᠢᠶᠠᠷ ᠠᠵᠢᠯᠯᠠᠭᠠᠳ ᠬᠤᠷᠢᠨ ᠵᠢᠯ ᠪᠣᠯᠴᠢᠬᠠᠭᠰᠠᠨ ᠰᠢᠤ︕︾ ᠭᠡᠯ᠎ᠡ᠃              ᠬᠤᠷᠢᠨ ᠵᠢᠯ ᠤᠨ ᠲᠤᠷᠰᠢ ᠤᠷᠭᠤᠭ᠎ᠠ ᠬᠦᠨᠳᠦᠲᠦ ᠤᠳᠤᠷᠢᠳᠤᠯᠭ᠎ᠠ᠂ ᠠᠬᠠᠮᠠᠳ ᠪᠠᠭᠰᠢ᠂ ᠬᠠᠮᠲᠤ ᠠᠵᠢᠯᠲᠠᠳ ᠤᠨ ᠢᠶᠠᠨ ᠬᠠᠯᠠᠭᠤᠨ ᠳᠡᠮᠵᠢᠯᠭᠡ᠂ ᠬᠠᠶᠢᠷ᠎ᠠ ᠬᠠᠷᠠᠭᠠᠯᠵᠠᠯ ᠢ ᠬᠦᠯᠢᠶᠡᠬᠦ ᠶᠢᠨ ᠬᠠᠮᠲᠤ ᠲᠤᠬᠠᠶᠢᠯᠠᠭᠰᠠᠨ ᠠᠵᠢᠯ ᠳᠠᠭᠠᠨ ᠴᠢᠷᠮᠠᠶᠢᠵᠤ᠂ ᠮᠡᠷᠭᠡᠵᠢᠯ ᠤᠨ ᠪᠣᠯᠪᠠᠰᠤᠷᠠᠯ ᠢᠶᠠᠨ ᠲᠡᠭᠡᠭᠰᠢᠯᠡᠭᠦᠯᠵᠤ᠂ ᠪᠡᠶ᠎ᠡ ᠪᠠᠨ ᠴᠢᠩᠭ᠎ᠠ ᠱᠠᠭᠠᠷᠳᠠᠨ ᠤᠷᠢᠳ ᠬᠤᠵᠢᠳ ᠪᠡᠭᠡᠵᠢᠩ ᠤᠨ ᠪᠥᠵᠢᠭ ᠤᠨ ᠰᠤᠷᠭᠠᠭᠤᠯᠢ ᠵᠢᠴᠢ ᠶᠡᠭᠡ ᠪᠠᠭ᠎ᠠ ᠬᠡᠪᠴᠢᠶᠡᠨ ᠤ ᠮᠡᠷᠭᠡᠵᠢᠯ ᠤᠨ ᠪᠣᠯᠪᠠᠰᠤᠷᠠᠯ ᠳᠤ ᠣᠯᠠᠨᠲᠠ ᠤᠷᠤᠯᠴᠠᠵᠤ᠂ ᠪᠥᠵᠢᠭᠯᠡᠬᠦ ᠤᠷ᠎ᠠ ᠮᠡᠷᠭᠡᠵᠢᠯ ᠪᠣᠯᠣᠨ ᠪᠥᠵᠢᠭ ᠲᠢᠭᠯᠡᠭᠴᠢ ᠶᠢᠨ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠦᠭᠰᠡᠭᠡᠷ ᠡᠳᠦᠭᠡ ᠪᠣᠯᠵᠠᠢ᠃ ᠲᠡᠷᠡᠪᠡᠷ 2007 ᠣᠨ ᠠᠴᠠ ᠡᠬᠢᠯᠡᠨ ᠠᠮᠢᠨᠴᠡᠴᠡᠭ ᠪᠠᠭᠰᠢ ᠶᠢᠨ ᠢᠶᠠᠨ ᠵᠢᠯᠣᠭᠤᠳᠤᠯᠭ᠎ᠠ ᠳᠣᠣᠷ᠎ᠠ ᠰᠠᠪᠠᠷᠳᠠᠩ ᠪᠥᠵᠢᠭ ᠪᠥᠵᠢᠭᠯᠡᠬᠦ ᠤᠷ᠎ᠠ ᠮᠡᠷᠭᠡᠵᠢᠯ ᠢ ᠰᠤᠷᠴᠤ᠂ ᠰᠡᠭᠦᠯᠡᠷ  ᠨᠢ ᠮᠣᠩᠭᠤᠯ ᠤᠯᠤᠰ ᠤᠨ ᠤᠷᠠᠯᠢᠭᠴᠢᠨ ᠭᠠᠩᠴᠢᠮᠡᠭ ᠪᠠᠭᠰᠢ ᠶᠢ ᠤᠷᠢᠨ ᠪᠠᠶᠢᠭᠤᠯᠭ᠎ᠠ ᠶᠢᠨ ᠢᠶᠠᠨ ᠪᠥᠵᠢᠭᠴᠢᠳ ᠲᠠᠢ ᠬᠠᠮᠲᠤ ᠪᠠᠷ ᠰᠠᠪᠠᠷᠳᠠᠩ ᠪᠥᠵᠢᠭ ᠤᠨ ᠤᠷ᠎ᠠ ᠮᠡᠷᠭᠡᠵᠢᠯ ᠢᠶᠠᠨ ᠰᠢᠰᠲ᠋ᠧᠮ ᠲᠠᠢ ᠪᠠᠲᠤᠳᠬᠠᠭᠰᠠᠨ ᠪᠠᠶᠢᠨ᠎ᠠ᠃              ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠦᠶ᠎ᠡ ᠦᠶ᠎ᠡ ᠶᠢᠨ ᠤᠷᠠᠯᠢᠭᠴᠢᠨ ᠤ ᠬᠠᠮᠲᠤ ᠶᠢᠨ ᠴᠢᠷᠮᠠᠶᠢᠯᠭ᠎ᠠ ᠪᠠᠷ ᠰᠠᠪᠠᠷᠳᠠᠩ ᠪᠥᠵᠢᠭ ᠤᠯᠠᠭᠠᠨᠮᠥ᠋ᠴᠢᠷ ᠤᠨ ᠭᠤᠣᠯ ᠲᠤᠬᠯᠠᠯᠳᠠ ᠶᠢᠨ ᠨᠢᠭᠡ ᠨᠢ ᠪᠣᠯᠵᠤ᠂ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ᠂ ᠲᠣᠣᠷᠠᠢ ᠶᠢᠨ ᠨᠠᠶᠢᠷ ᠵᠢᠴᠢ ᠦᠨᠳᠦᠰᠦᠨ ᠱᠠᠲᠤᠨ ᠤ ᠲᠣᠭᠤᠷᠢᠨ ᠲᠤᠬᠯᠠᠯᠳᠠ ᠳᠤ ᠲᠣᠭᠯᠠᠭᠳᠠᠵᠤ ᠪᠤᠢ᠃ 2012 ᠣᠨ ᠳᠤ ᠡᠵᠡᠨ᠎ᠡ ᠬᠤᠰᠢᠭᠤᠨ ᠤ ᠰᠠᠪᠠᠷᠳᠠᠩ ᠪᠥᠵᠢᠭ ᠤᠨ ᠨᠡᠶᠢᠭᠡᠮᠯᠢᠭ ᠪᠠᠶᠢᠭᠤᠯᠤᠭᠳᠠᠵᠤ᠂ ᠤᠯᠠᠭᠠᠨᠮᠥ᠋ᠴᠢᠷ ᠤᠨ ᠪᠦᠭᠦ ᠪᠥᠵᠢᠭᠴᠢᠨ ᠨᠡᠶᠢᠭᠡᠮᠯᠢᠭ ᠤᠨ ᠭᠡᠰᠢᠭᠦᠨ ᠪᠣᠯᠪᠠ᠃ 2017 ᠣᠨ ᠳᠤ ᠤᠷᠭᠤᠭ᠎ᠠ ᠲᠤᠰ ᠨᠡᠶᠢᠭᠡᠮᠯᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠰᠠᠪᠠᠷᠳᠠᠩ ᠪᠥᠵᠢᠭ ᠢ ᠤᠯᠠᠮᠵᠢᠯᠠᠯᠲᠤ ᠮᠠᠶ᠋ᠢᠭ ᠢᠶᠠᠷ ᠨᠢ ᠪᠥᠵᠢᠭᠯᠡᠬᠦ ᠶᠢ ᠢᠯᠡᠭᠦᠦ ᠱᠠᠭᠠᠷᠳᠠᠵᠤ᠂ ᠤᠯᠠᠮᠵᠢᠯᠠᠯᠲᠤ ᠰᠠᠶᠢᠬᠠᠨ ᠪᠥᠵᠢᠭ ᠤᠨ ᠢᠶᠠᠨ ᠤᠤᠯ ᠦᠨᠦᠷ ᠠᠮᠲᠠ ᠶᠢ ᠬᠠᠳᠠᠭᠠᠯᠠᠬᠤ᠂ ᠤᠯᠠᠮᠵᠢᠯᠠᠨ ᠬᠥᠭᠵᠢᠭᠦᠯᠬᠦ ᠲᠠᠯ᠎ᠠ ᠪᠠᠷ ᠢᠯᠡᠭᠦᠦ ᠰᠠᠨᠠᠭ᠎ᠠ ᠲᠠᠯᠪᠢᠬᠤ ᠪᠣᠯᠵᠠᠢ᠃              ᠤᠷᠭᠤᠭ᠎ᠠ᠂ ᠲᠠᠶᠢᠰᠠᠨ ᠤ ᠤᠷᠠᠯᠢᠭ ᠤᠨ ᠬᠥᠭᠵᠢᠯᠲᠡ ᠶᠢ ᠳᠠᠭᠠᠯᠳᠤᠨ ᠰᠠᠪᠠᠷᠳᠠᠩ ᠪᠥᠵᠢᠭ ᠤᠨ ᠬᠥᠳᠡᠯᠭᠡᠭᠡᠨ ᠨᠢ ᠶᠡᠬᠡᠰᠴᠦ᠂ ᠮᠥᠷᠥ ᠳᠠᠯᠤ ᠶᠢᠨ ᠬᠥᠳᠡᠯᠭᠡᠭᠡᠨ ᠠᠴᠠ ᠪᠠᠨ ᠪᠦᠭᠦ ᠪᠡᠶ᠎ᠡ ᠶᠢᠨ ᠬᠥᠳᠡᠯᠭᠡᠭᠡᠨ ᠲᠠᠢ ᠪᠤᠯᠬᠤ ᠬᠠᠨᠳᠤᠰᠢ ᠲᠠᠢ ᠪᠠᠶᠢᠨ᠎ᠠ᠃ ᠡᠨᠡ ᠪᠣᠯ ᠶᠠᠷᠢᠶᠠᠨ ᠦᠭᠡᠢ ᠲᠠᠶᠢᠰᠠᠨ ᠤ ᠤᠷᠠᠯᠢᠭ ᠤᠨ᠂ ᠡᠰᠡᠬᠦᠯ᠎ᠡ ᠦᠵᠡᠮᠦᠷᠢ ᠶᠢᠨ ᠵᠦᠢᠯ ᠢ ᠠᠩᠬᠠᠷᠤᠭᠰᠠᠨ ᠶᠠᠪᠤᠳᠠᠯ ᠪᠣᠯᠣᠨ᠎ᠠ᠃ ᠭᠡᠪᠡᠴᠦ ᠪᠢᠳᠠ ᠵᠠᠪᠠᠯ ᠰᠠᠪᠠᠷᠳᠠᠩ ᠪᠥᠵᠢᠭ ᠤᠨ ᠤᠯᠠᠮᠵᠢᠯᠠᠯᠲᠤ ᠪᠥᠵᠢᠭᠯᠡᠬᠦ ᠤᠷ᠎ᠠ ᠮᠡᠷᠭᠡᠵᠢᠯ ᠢ ᠤᠤᠯ ᠬᠡᠪ ᠢᠶᠠᠷ ᠨᠢ ᠦᠯᠡᠳᠡᠭᠡᠬᠦ᠂ ᠤᠯᠠᠮᠵᠢᠯᠠᠬᠤ ᠴᠢᠬᠤᠯᠠ ᠲᠠᠢ ᠪᠠᠶᠢᠨ᠎ᠠ᠃ ᠬᠤᠶᠢᠰᠢᠳᠠ ᠪᠥᠵᠢᠭ ᠲᠢᠭᠯᠡᠭᠦ ᠳᠡᠭᠡᠨ ᠰᠠᠪᠠᠷᠳᠠᠩ ᠪᠥᠵᠢᠭ ᠤᠨ ᠡᠯᠧᠮᠧᠨ᠋ᠲ ᠢ ᠤᠷᠤᠭᠤᠯᠬᠤ᠂ ᠲᠠᠶᠢᠰᠠᠨ ᠳᠡᠭᠡᠷ᠎ᠡ ᠰᠠᠪᠠᠷᠳᠠᠩ ᠪᠥᠵᠢᠭ ᠤᠨ ᠭᠤᠸ᠎ᠠ ᠰᠠᠶᠢᠬᠠᠨ ᠢ ᠢᠯᠡᠷᠡᠭᠦᠯᠬᠦ᠂ ᠰᠠᠪᠠᠷᠳᠠᠩ ᠪᠥᠵᠢᠭ ᠢ ᠰᠤᠷᠭᠠᠭᠤᠯᠢ ᠶᠢᠨ ᠰᠤᠷᠤᠬᠴᠢᠳ ᠲᠤ ᠵᠢᠭᠠᠬᠤ᠂ ᠨᠡᠶᠢᠭᠡᠮ ᠤᠨ ᠬᠥᠮᠥᠰ ᠲᠤ ᠵᠢᠭᠠᠬᠤ ᠠᠵᠢᠯ ᠢ ᠴᠢᠩᠭᠠᠳᠬᠠᠵᠤ᠂ ᠡᠪᠦᠭᠡ ᠳᠡᠭᠡᠳᠦᠰ ᠠᠴᠠ ᠤᠯᠠᠮᠵᠢᠯᠠᠵᠤ ᠢᠷᠡᠭᠰᠡᠨ ᠰᠠᠪᠠᠷᠳᠠᠩ ᠪᠥᠵᠢᠭ ᠢᠶᠠᠨ ᠥᠪᠯᠡᠨ ᠤᠯᠠᠮᠵᠢᠯᠠᠬᠤ ᠠᠵᠢᠯ ᠢ ᠴᠢᠷᠮᠠᠶᠢᠨ ᠪᠡᠶᠡᠯᠡᠭᠦᠯᠬᠦ ᠵᠣᠷᠢᠯᠭ᠎ᠠ ᠲᠠᠢ ᠭᠡᠪᠡ᠃              ᠤᠷᠭᠤᠭ᠎ᠠ ᠶᠢᠨ ᠪᠥᠵᠢᠭᠯᠡᠭᠰᠡᠨ᠂ ᠲᠢᠭᠯᠡᠭᠰᠡᠨ ᠪᠥᠵᠢᠭ ᠨᠢ ᠤᠷᠢᠳ ᠬᠤᠵᠢᠳ ᠲᠤᠮᠳᠠᠳᠤ ᠤᠯᠤᠰ ᠤᠨ ᠭᠤᠷᠪᠠᠳᠤᠭᠠᠷ ᠬᠤᠭᠤᠴᠠᠭᠠᠨ ᠤ ᠤᠯᠠᠨ ᠤᠯᠤᠰ ᠤᠨ ᠮᠣᠩᠭᠤᠯ ᠪᠥᠵᠢᠭ ᠤᠨ ᠲᠤᠬᠯᠠᠯᠳᠠ ᠳᠤ ᠬᠦᠷᠡᠯ ᠮᠧᠲᠠᠯ᠂ ᠲᠤᠮᠳᠠᠳᠤ ᠤᠯᠤᠰ ᠤᠨ ᠤᠯᠠᠨ ᠤᠯᠤᠰ ᠤᠨ ᠰᠣᠶᠣᠯ ᠤᠷᠠᠯᠢᠭ ᠤᠨ ᠰᠣᠯᠢᠯᠴᠠᠭᠠᠨ ᠤ ᠲᠣᠭᠤᠷᠢᠨ ᠲᠤᠬᠯᠠᠯᠳᠠ ᠳᠤ ᠰᠢᠯᠢᠳᠡᠭ ᠪᠥᠵᠢᠭ ᠲᠢᠭᠯᠡᠭᠴᠢ ᠶᠢᠨ ᠱᠠᠩᠨᠠᠯ᠂ ᠤᠮᠠᠷᠠᠲᠤ ᠣᠷᠣᠨ ᠤ ᠲᠠᠪᠤᠨ ᠮᠤᠵᠢ ︵ᠣᠷᠣᠨ︶  ᠶᠢᠨ ᠠᠷᠪᠠᠳᠤᠭᠠᠷ ᠬᠤᠭᠤᠴᠠᠭᠠᠨ ᠤ ᠪᠥᠵᠢᠭ ᠤᠨ ᠤᠷᠤᠯᠳᠤᠭᠠᠨ ᠳᠤ ᠬᠤᠶᠠᠳᠤᠭᠠᠷ ᠲᠡᠰ ᠤᠨ ᠱᠠᠩᠨᠠᠯ ᠵᠡᠷᠭᠡ ᠤᠯᠤᠰ ᠣᠷᠣᠨ ᠤ ᠲᠡᠰ ᠤᠨ ᠶᠡᠭᠡ ᠪᠠᠭ᠎ᠠ ᠬᠡᠪᠴᠢᠶᠡᠨ ᠤ ᠪᠥᠵᠢᠭ ᠤᠨ ᠤᠷᠤᠯᠳᠤᠭᠠᠨ ᠳᠤ ᠰᠠᠶᠢᠨ ᠦᠷ᠎ᠡ ᠪᠦᠳᠤᠮᠵᠢ ᠣᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠥᠵᠢᠭ ᠤᠨ ᠤᠷᠤᠯᠳᠤᠭᠠᠨ ᠳᠤ ᠨᠡᠷ᠎ᠡ ᠪᠠᠨ ᠲᠡᠮᠳᠡᠭᠯᠡᠭᠦᠯᠵᠦ᠂ ᠨᠤᠲᠤᠭ ᠢᠶᠠᠨ ᠠᠯᠳᠠᠷᠰᠢᠭᠤᠯᠵᠤ ᠶᠠᠪᠤᠭᠰᠠᠨ ᠪᠢᠯᠡ᠃              ᠥᠪ ᠰᠣᠶᠣᠯ ᠤᠨ ᠢᠶᠠᠨ ᠨᠠᠮᠢᠷᠠᠭ᠎ᠠ ᠬᠤᠷ᠎ᠠ ᠳᠤ ᠳᠡᠪᠲᠦᠵᠦ᠂ ᠤᠷᠠᠯᠢᠭ ᠰᠤᠳᠤᠯᠤᠯ ᠤᠨ ᠢᠶᠠᠨ ᠲᠣᠷᠭᠠᠨ ᠮᠡᠳᠡᠷᠡᠮᠵᠢ ᠳᠤ ᠲᠦᠰᠢᠭᠯᠡᠨ᠂ ᠤᠢ ᠪᠢᠯᠢᠭ ᠬᠢᠭᠡᠳ ᠤᠬᠠᠭᠠᠨ ᠲᠠᠮᠢᠷ ᠢᠶᠠᠨ ᠰᠠᠪᠠᠷᠳᠠᠩ ᠪᠥᠵᠢᠭ ᠤᠨ ᠬᠥᠭᠵᠢᠯᠲᠡ ᠳᠤ ᠵᠣᠷᠢᠭᠤᠯᠵᠤ ᠶᠠᠪᠤᠭ᠎ᠠ ᠤᠷᠢ ᠵᠠᠯᠠᠭᠤ ᠤᠷᠠᠯᠢᠭᠴᠢᠨ ᠤᠷᠭᠤᠭ᠎ᠠ ᠢᠷᠡᠬᠦ ᠨᠢᠭᠡᠨ ᠡᠳᠦᠷ ᠥᠪ ᠵᠤᠵᠠᠭᠠᠨ ᠰᠣᠶᠣᠯ ᠤᠨ ᠬᠥᠷᠥᠰᠥᠨ ᠳᠤ ᠥᠩᠭᠡᠲᠦ ᠴᠡᠴᠡᠭ ᠪᠣᠯᠣᠨ ᠰᠣᠯᠣᠩᠭᠠᠷᠠᠬᠤ ᠨᠢ ᠯᠠᠪᠲᠠᠢ᠃          
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号