ᠠᠶᠢᠮᠠᠭ ᠤᠨ ᠨᠠᠮ ᠤᠨ ᠬᠤᠷᠢᠶ᠎ᠠ ᠠᠵᠢᠯ ᠠᠴᠠ ᠪᠠᠨ ᠲᠠᠷᠬᠠᠯᠠᠬᠳᠠᠵᠦ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
                                     ᠬᠤᠸᠠᠩ ᠶᠠ ᠯᠢ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠠᠢ                       ᠪᠤᠤ ᠶᠦᠨ ᠹᠧᠩ  ᠰᠠᠷᠠᠨ᠎ᠠ︶ 1 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠵᠢᠯ ᠠᠴᠠ ᠪᠠᠨ ᠲᠠᠷᠬᠠᠯᠠᠬᠳᠠᠵᠦ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠠᠲᠤᠴᠢᠯᠠᠭᠤ᠂ ᠳᠠᠯᠠᠢ᠂ ᠮᠥᠩᠬᠡᠴᠢᠯᠠᠭᠤ᠂ ᠭᠦᠸᠧ ᠰᠢᠤ ᠵᠧᠨ ᠵᠡᠷᠭᠡ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠬᠤᠷᠠᠯ ᠳᠤ ᠣᠷᠣᠯᠴᠠᠪᠠ᠃          ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ 2024 ᠣᠨ ᠤ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ 2025 ᠣᠨ ᠤ ᠭᠤᠣᠯ ᠠᠵᠢᠯ ᠤᠨ ᠪᠠᠶᠢᠷᠢᠯᠠᠭᠤᠯᠤᠯᠲᠠ ᠶᠢ ᠮᠡᠳᠡᠭᠳᠡᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠧᠢ ᠬᠠᠢ ᠬᠤᠷᠠᠯ ᠡᠷᠭᠢᠯᠡᠪᠡ᠃ ᠠᠶᠢᠮᠠᠭ ᠤᠨ ᠤᠳᠤᠷᠢᠳᠤᠯᠭ᠎ᠠ ᠸᠠᠩ ᠵᠦ ᠹᠠᠩ᠂ ᠭᠧ ᠮᠢᠩ ᠬᠤᠷᠠᠯ ᠳᠤ ᠣᠷᠣᠯᠴᠠᠵᠠᠢ᠃          ᠶᠠᠷᠢᠯᠴᠠᠬᠤ ᠬᠤᠷᠠᠯ ᠳᠡᠭᠡᠷ᠎ᠡ᠂ ᠬᠤᠸᠠᠩ ᠶᠠ ᠯᠢ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠳᠠᠭᠠᠤ ᠬᠠᠷᠢᠭᠤ ᠥᠭᠴᠦ᠂ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠤᠨ ᠤᠷᠳᠤ ᠬᠤᠭᠤᠴᠠᠭᠠᠨ ᠤ ᠲᠤᠷᠰᠢ ᠠᠯᠠᠱᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃          ᠬᠤᠸᠠᠩ ᠶᠠ ᠯᠢ᠂ ᠥᠩᠭᠡᠷᠡᠭᠰᠡᠨ ᠨᠢᠭᠡ ᠵᠢᠯ ᠳᠤ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠪᠦᠭᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠭᠤᠣᠯ ᠱᠤᠭᠤᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠨ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ ᠰᠤᠷᠭᠠᠨ ᠬᠥᠮᠦᠵᠢᠯ ᠡᠮ ᠡᠮᠨᠡᠯᠭᠡ᠂ ᠬᠤᠶᠠᠷ ᠶᠡᠭᠡ ᠰᠠᠭᠤᠷᠢᠨ ᠭᠠᠵᠠᠷ ᠲᠤ ᠦᠢᠯᠡᠴᠢᠯᠡᠨ ᠪᠠᠲᠤᠯᠠᠭ᠎ᠠ ᠬᠠᠩᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃ ᠰᠢᠨ᠎ᠡ ᠨᠢᠭᠡ ᠵᠢᠯ ᠳᠤ᠂ ᠮᠠᠨ ᠤ ᠠᠶᠢᠮᠠᠭ ᠦᠷᠭᠦᠯᠵᠢᠯᠡᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽157︾ ᠰᠡᠳᠬᠢᠴᠡ ᠶᠢ ᠭᠦᠨᠵᠡᠭᠡᠢ ᠨᠠᠶᠢᠳᠠᠪᠤᠷᠢᠵᠢᠭᠤᠯᠤᠨ᠂ ᠭᠡᠯᠪᠡᠷᠢ ᠪᠠᠨ ᠬᠤᠪᠢᠷᠠᠭᠤᠯᠵᠤ ᠪᠣᠭᠤᠮᠲᠠ ᠰᠢᠪᠲᠤᠯᠵᠤ᠂ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠦᠨ᠂ ᠣᠳᠣᠬᠢᠴᠢᠯᠠᠭᠰᠠᠨ ᠠᠯᠠᠱᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠢ᠃          ᠬᠤᠸᠠᠩ ᠶᠠ ᠯᠢ᠂ ᠠᠬᠠᠮᠠᠳ ᠨᠥᠬᠦᠳ ᠥᠩᠭᠡᠷᠡᠭᠰᠡᠨ ᠲᠠᠢ ᠪᠠᠨ ᠠᠳᠠᠯᠢ ᠪᠠᠷ ᠠᠯᠠᠱᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠠᠯᠠᠱᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠢᠯᠡᠭᠦᠬᠡᠨ ᠳᠡᠮᠵᠢᠯᠭᠡ ᠦᠵᠡᠭᠦᠯᠭᠦ ᠶᠢ ᠬᠦᠰᠡᠵᠦ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠠᠬᠠᠮᠠᠳ ᠺᠠᠳ᠋ᠷᠴᠤᠳ ᠤᠨ ᠠᠵᠢᠯ ᠢ ᠪᠦᠭᠦ ᠬᠦᠴᠦᠨ ᠢᠶᠠᠷ ᠰᠠᠶᠢᠲᠤᠷ ᠬᠢᠵᠦ᠂ ᠤᠯᠤᠰ ᠲᠦᠷᠦ ᠶᠢᠨ ᠬᠠᠷᠠᠭᠠᠯᠵᠠᠯ ᠢ ᠴᠢᠩᠭ᠎ᠠ ᠨᠠᠶᠢᠳᠠᠪᠤᠷᠢᠵᠢᠭᠤᠯᠤᠨ᠂ ᠠᠮᠢᠳᠤᠷᠠᠯ ᠤᠨ ᠬᠡᠷᠡᠭᠴᠡᠭᠡ ᠶᠢ ᠨᠠᠷᠢᠨ ᠨᠢᠮᠪᠠᠢ ᠪᠠᠲᠤᠯᠠᠵᠤ᠂ ᠠᠬᠠᠮᠠᠳ ᠺᠠᠳ᠋ᠷᠴᠤᠳ ᠤᠨ ᠡᠷᠡᠭᠦᠯ ᠰᠠᠷᠠᠭᠤᠯ ᠲᠠᠭᠠᠯᠠᠮᠵᠢᠲᠠᠢ ᠠᠮᠢᠳᠤᠷᠠᠬᠤ ᠳᠤ ᠨᠡᠩ ᠰᠠᠶᠢᠨ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠪᠡ᠃          ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠲᠤ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠵᠦ᠂ ᠲᠡᠳᠡᠨ ᠢᠶᠠᠷ ᠳᠠᠮᠵᠢᠭᠤᠯᠤᠨ ᠪᠦᠭᠦ ᠠᠶᠢᠮᠠᠭ ᠤᠨ ᠠᠵᠢᠯ ᠠᠴᠠ ᠪᠠᠨ ᠲᠠᠷᠬᠠᠯᠠᠬᠳᠠᠵᠦ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠴᠢ ᠭᠡᠷ ᠪᠦᠯᠢ ᠶᠢᠨ ᠬᠢᠨ ᠳᠤ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃        
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号