ᠪᠠᠢ ᠬᠠᠢ ᠯᠢᠨ ︽ᠶᠢᠰᠦᠨ ᠵᠢᠵᠢᠭ ᠲᠠᠯᠠᠪᠤᠷ︾ ᠤᠨ ᠭᠠᠯ ᠢ ᠰᠡᠷᠭᠡᠶᠢᠯᠡᠬᠦ ᠠᠮᠤᠷ  ᠲᠦᠪᠰᠢᠨ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠳᠠᠯᠳᠠᠭᠤᠷ ᠪᠠᠶᠢᠴᠠᠭᠠᠵᠠᠢ
ᠨᠡᠶᠢᠲᠡᠯᠡᠭᠰᠡᠨ ᠴᠠᠭ᠄
2025/4/7
                        ᠵᠠᠩ ᠢᠦᠢ︶ 1 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ︽ᠲᠦᠷᠪᠡᠨ ᠦᠭᠡᠢ᠂ ᠬᠤᠶᠠᠷ ᠰᠢᠭᠤᠳ︾ ᠭᠡᠯᠪᠠᠷᠢ ᠪᠠᠷ ᠪᠠᠶᠠᠨᠬᠤᠲᠠ ᠣᠷᠣᠨ ᠤ ︽ᠶᠢᠰᠦᠨ ᠵᠢᠵᠢᠭ ᠲᠠᠯᠠᠪᠤᠷ︾ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠳᠠᠯᠳᠠᠭᠤᠷ ᠪᠠᠶᠢᠴᠠᠭᠠᠪᠠ᠃          ᠫᠠᠨ ᠳ᠋ᠠ ᠢᠨᠲ᠋ᠧᠷ ᠰᠦᠯᠵᠢᠶᠡᠨ ᠤ ᠪᠠᠭᠠᠷ ᠲᠤ᠂ ᠪᠠᠢ ᠬᠠᠢ ᠯᠢᠨ ᠭᠠᠯ ᠤᠨᠲᠠᠷᠠᠭᠠᠬᠤ ᠵᠠᠮ ᠱᠤᠭᠤᠮ᠂ ᠠᠶᠤᠯ ᠠᠴᠠ ᠵᠠᠶᠢᠯᠠᠬᠤ ᠡᠭᠦᠳᠡ ᠪᠣᠯᠣᠨ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢ ᠭᠤᠣᠯᠳᠠᠯᠭ᠎ᠠ ᠲᠠᠢ ᠪᠠᠶᠢᠴᠠᠭᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠲᠤᠬᠠᠢ ᠶᠢᠨ ᠲᠠᠯᠠᠪᠤᠷ ᠲᠤ ᠵᠢᠭᠠᠵᠤ ᠭᠠᠷᠭᠠᠪᠠ᠃ ᠲᠡᠷᠡ᠂ ᠠᠮᠤᠷ ᠲᠦᠪᠰᠢᠨ ᠪᠣᠯ ᠠᠵᠤ ᠠᠬᠤᠶᠢᠯᠠᠯ ᠤᠨ ᠠᠮᠢᠨ ᠰᠤᠳᠠᠰᠤ ᠪᠣᠯᠬᠤᠷ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠠᠮᠤᠷ ᠲᠦᠪᠰᠢᠨ ᠤ ᠬᠥᠮᠦᠵᠢᠯ ᠪᠣᠯᠣᠨ ᠠᠮᠤᠷ ᠲᠦᠪᠰᠢᠨ ᠤ ᠰᠣᠷᠢᠯᠲᠠ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨ ᠬᠦ  ᠪᠠᠲᠤ ᠰᠠᠬᠢᠬᠤ ᠬᠡᠷᠡᠭᠲᠡᠢ ᠭᠡᠪᠡ᠃          ᠰᠧ ᠷᠦᠢ ᠹᠦ᠋ ᠨᠢᠯᠬ᠎ᠠ ᠬᠡᠦᠬᠡᠳ ᠤᠨ ᠬᠦᠷᠢᠶᠡᠯᠡᠩ ᠳᠤ᠂ ᠪᠠᠢ ᠬᠠᠢ ᠯᠢᠨ ᠭᠠᠯ ᠤᠨᠲᠠᠷᠠᠭᠠᠬᠤ ᠵᠠᠮ ᠱᠤᠭᠤᠮ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠴᠠᠭᠢᠯᠭᠠᠨ ᠬᠡᠷᠡᠭᠰᠡᠯ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠵᠤ᠂ ᠠᠵᠢᠯᠲᠠᠳ ᠤᠨ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠨ᠂  ᠬᠡᠦᠬᠡᠳ ᠤᠨ ᠡᠷᠡᠭᠦᠯ ᠮᠡᠨᠳᠦ ᠪᠠ ᠠᠮᠤᠷ ᠲᠦᠪᠰᠢᠨ ᠢ ᠦᠨᠡᠨ ᠬᠦ  ᠪᠠᠲᠤᠯᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ︽ᠶᠢᠰᠦᠨ ᠵᠢᠵᠢᠭ ᠲᠠᠯᠠᠪᠤᠷ︾ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠤ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ          ᠪᠠᠶᠠᠨᠬᠤᠲᠠ ᠶᠢᠨ ᠬᠤᠸᠠ ᠶᠤᠸᠠᠨ ᠵᠠᠬ᠎ᠠ ᠳᠡᠯᠭᠡᠭᠦᠷ ᠲᠤ᠂ ᠪᠠᠢ ᠬᠠᠢ ᠯᠢᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠢᠳᠡᠭᠡᠨ ᠤᠮᠳᠠᠭᠠᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ ᠰᠤᠳᠤᠯᠵᠠᠢ᠃ ᠲᠡᠷᠡ᠂ ᠴᠠᠭᠠᠨ ᠰᠠᠷ᠎ᠠ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠥᠭᠡᠳ ᠣᠯᠠᠨ ᠲᠦᠮᠡᠨ ᠤ ᠬᠡᠷᠡᠭᠯᠡᠭᠡᠨ ᠤ ᠬᠥᠭᠵᠢᠶᠡᠨᠲᠡᠢ ᠴᠠᠭ ᠬᠤᠭᠤᠴᠠᠭ᠎ᠠ ᠪᠣᠯᠬᠤᠷ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠷᠠᠭ᠎ᠠ ᠲᠠᠸᠠᠷ ᠤᠨ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠬᠢᠷᠠᠭᠤᠯᠵᠤ ᠳᠡᠶᠢᠯᠭᠦ᠂ ᠬᠠᠩᠭᠠᠵᠤ ᠳᠡᠶᠢᠯᠭᠦ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠢᠳᠡᠭᠡᠨ ᠤᠮᠳᠠᠭᠠᠨ ᠤ ᠠᠮᠤᠷ ᠲᠦᠪᠰᠢᠨ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ ᠶᠢ ᠠᠬᠢᠭᠤᠯᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾  ᠢ ᠦᠨᠡᠨ ᠬᠦ ᠪᠠᠲᠤᠯᠠᠬᠤ ᠬᠡᠷᠡᠭᠲᠡᠢ ᠭᠡᠪᠡ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号