ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ︽ᠠᠯᠠᠱᠠ ᠠᠶᠢᠮᠠᠭ ᠤᠨ ᠬᠤᠩ ᠶᠦᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 40 ᠲᠦᠮᠡᠨ ᠺᠥᠪ ᠤᠨ ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ ᠪᠢᠴᠢᠭ︾  ᠢ ᠵᠥᠪᠰᠢᠶᠡᠷᠡᠬᠦ ᠲᠤᠬᠠᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2025/4/7
     ᠪᠠᠷᠢᠮᠲᠠᠵᠢᠭᠤᠯᠤᠭᠰᠠᠨ ᠳ᠋ᠤᠭᠠᠷ᠄  11152921011765084D/2025-00441      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ      ᠢᠯᠡ ᠲᠣᠳᠣ ᠨᠡᠶᠢᠲᠡᠯᠡᠭᠰᠡᠨ ᠠᠩᠭᠢᠯᠠᠯ᠄  ᠵᠠᠪᠠᠯ ᠢᠯᠡ ᠲᠣᠳᠣ ᠨᠡᠭᠡᠭᠡᠯᠲᠡ ᠲᠠᠢ ᠪᠠᠶᠢᠬᠤ      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ      ᠪᠠᠷᠢᠮᠲᠠ ᠪᠢᠴᠢᠭ ᠤᠨ ᠳ᠋ᠤᠭᠠᠷ᠄  ᠠᠯᠠᠱᠠ ᠵᠡᠭᠦᠨ ᠬᠤᠰᠢᠭᠤ ᠤᠰᠤᠨ ᠤ ᠵᠥᠪᠰᠢᠶᠡᠷᠡᠯ ᠤᠨ ᠰᠢᠢᠳᠪᠦᠷᠢ ﹇ 2025﹈  12 ᠳ᠋ᠤᠭᠠᠷ ᠲᠣᠭᠠᠲᠤ      ᠪᠠᠲᠤᠯᠠᠭᠳᠠᠭᠰᠠᠨ ᠴᠠᠭ ᠬᠤᠭᠤᠴᠠᠭ᠎ᠠ᠄  2025 — 03 — 26      ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄  ᠬᠦᠴᠦᠨ ᠲᠠᠢ            ᠠᠯᠠᠱᠠ ᠠᠶᠢᠮᠠᠭ ᠤᠨ ᠬᠤᠩ ᠶᠦᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄             ᠲᠠᠨ ᠤ ᠺᠣᠮᠫᠠᠨᠢ ᠶᠢᠨ ᠮᠡᠳᠡᠭᠦᠯᠦᠭᠰᠡᠨ ︽ᠠᠯᠠᠱᠠ ᠠᠶᠢᠮᠠᠭ ᠤᠨ ᠬᠤᠩ ᠶᠦᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 40 ᠲᠦᠮᠡᠨ ᠺᠥᠪ ᠤᠨ ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠲᠤᠬᠠᠢ ᠭᠤᠶᠤᠴᠢᠯᠠᠯ︾  ᠢ ᠨᠢᠭᠡᠨᠲᠡ ᠣᠯᠵᠤ ᠣᠶᠢᠯᠠᠭᠠᠪᠠ᠃ ᠬᠢᠨᠠᠨ ᠪᠠᠶᠢᠴᠠᠭᠠᠭᠠᠳ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾  ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾  ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠠᠷ ᠲᠣᠭᠲᠠᠪᠠ᠃            ᠨᠢᠭᠡ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠶᠡᠷᠦᠩᠬᠡᠢ ᠰᠠᠨᠠᠯ             ︵ᠨᠢᠭᠡ︶  ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ 14.8657 ᠾᠧᠺᠲ᠋ᠠᠷ ᠪᠠᠶᠢᠯᠭᠠᠬᠤ ᠶᠢ ᠦᠨᠳᠦᠰᠦᠨ ᠳᠡᠭᠡᠨ ᠵᠥᠪᠰᠢᠶᠡᠷᠡᠪᠡ᠃             ︵ᠬᠤᠶᠠᠷ︶  ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠣᠷᠣᠨ ᠤ ᠰᠠᠯᠬᠢ ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠪᠡ᠃             ︵  ᠭᠤᠷᠪᠠ︶  ᠲᠥᠰᠥᠯ ᠳᠤ ᠲᠣᠭᠲᠠᠭᠠᠭᠰᠠᠨ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠦᠨᠳᠦᠰᠦᠨ ᠳᠡᠭᠡᠨ ᠵᠥᠪᠰᠢᠶᠡᠷᠡᠵᠦ᠂ ᠤᠮᠠᠷᠠᠲᠤ ᠶᠢᠨ ᠰᠠᠯᠬᠢ ᠡᠯᠡᠰᠦᠨ ᠤ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠨᠢᠭᠡᠳᠦᠭᠡᠷ ᠳᠡᠰ ᠤᠨ ᠪᠠᠷᠢᠮᠵᠢᠶ᠎ᠠ ᠵᠢᠴᠢ ᠡᠭᠦᠨ ᠢ ᠦᠨᠳᠦᠰᠦᠯᠡᠨ ᠲᠣᠭᠲᠠᠭᠠᠭᠰᠠᠨ ᠰᠡᠷᠭᠡᠶᠢᠯᠡᠨ ᠵᠠᠰᠠᠬᠤ ᠭᠦᠢᠴᠡᠳᠬᠡᠯ ᠲᠤᠭ᠎ᠠ ᠶᠢᠨ ᠬᠡᠮᠵᠢᠭᠳᠡᠯ ᠢ ᠬᠡᠷᠡᠭᠵᠢᠭᠦᠯᠦᠨ᠎ᠡ᠃ ᠵᠢᠷᠤᠭ ᠲᠥᠯᠥᠪᠯᠡᠭᠡ ᠶᠢᠨ ᠬᠢᠷᠢ ᠲᠦᠪᠰᠢᠨ ᠤ ᠵᠢᠯ ᠤᠨ ᠬᠠᠷᠠᠯᠲᠠ ᠶᠢᠨ ᠬᠡᠮᠵᠢᠭᠳᠡᠯ ᠨᠢ᠄  ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠬᠡᠮᠵᠢᠶ᠎ᠡ 85%᠂ ᠬᠥᠷᠥᠰᠥ ᠰᠢᠷᠣᠢ ᠶᠢᠨ ᠤᠷᠤᠰᠤᠭᠳᠠᠯ ᠢ ᠬᠢᠵᠠᠭᠠᠷᠯᠠᠬᠤ ᠬᠠᠷᠢᠴᠠᠯ 0.8᠂ ᠬᠤᠭ ᠰᠢᠷᠣᠢ ᠶᠢᠨ ᠬᠠᠮᠠᠭᠠᠯᠠᠯᠲᠠ ᠶᠢᠨ ᠨᠣᠷᠮ᠎ᠠ 87%᠂ ᠣᠶ ᠰᠢᠭᠤᠢ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠨᠣᠷᠮ᠎ᠠ 93%᠂ ᠣᠶ ᠰᠢᠭᠤᠢ ᠡᠪᠡᠰᠦᠨ ᠤ ᠪᠦᠷᠬᠦᠴᠡ ᠶᠢᠨ ᠨᠣᠷᠮ᠎ᠠ 16%᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠨᠣᠷᠮ᠎ᠠ ᠳᠤ ᠱᠠᠭᠠᠷᠳᠠᠯᠭ᠎ᠠ ᠭᠠᠷᠭᠠᠬᠤ ᠦᠭᠡᠢ᠃             ︵  ᠳᠥᠷᠪᠡ︶  ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠤᠪᠢᠶᠠᠷᠢ ᠲᠣᠭᠤᠷᠢᠭ ᠵᠢᠴᠢ ᠬᠤᠪᠢᠶᠠᠷᠢ ᠲᠣᠭᠤᠷᠢᠭ ᠤᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ             ︵  ᠲᠠᠪᠤ︶  ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠶᠢᠨ ᠰᠦᠢᠳᠬᠡᠯ ᠢ ᠰᠢᠷᠣᠢ ᠠᠪᠬᠤ᠂ ᠡᠯᠡᠰᠦ ᠣᠯᠪᠤᠷᠢᠯᠠᠬᠤ᠂ ᠴᠢᠯᠠᠭᠤ ᠭᠠᠷᠭᠠᠬᠤ ᠬᠡᠮᠵᠢᠶ᠎ᠡ ᠪᠠᠷ ᠪᠤᠳᠤᠵᠤ ᠲᠠᠲᠠᠪᠤᠷᠢᠯᠠᠨ᠎ᠠ᠂ ᠲᠠᠲᠠᠪᠤᠷᠢᠯᠠᠬᠤ ᠪᠠᠷᠢᠮᠵᠢᠶ᠎ᠠ ᠶᠢ ᠺᠥᠪ ᠪᠦᠷᠢ ᠳᠤ 0.5 ᠲᠥᠭᠦᠷᠢᠭ ᠢᠶᠠᠷ ᠲᠣᠭᠲᠠᠭᠠᠨ᠎ᠠ ︵  1 ᠺᠥᠪ ᠲᠤ ᠬᠦᠷᠬᠦ ᠦᠭᠡᠢ ᠪᠣᠯ 1 ᠺᠥᠪ ᠢᠶᠠᠷ ᠪᠤᠳᠤᠵᠤ ᠲᠠᠲᠠᠪᠤᠷᠢᠯᠠᠨ᠎ᠠ︶ ᠃            ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾  ᠶᠢᠨ ᠬᠤᠯᠪᠣᠭᠳᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠭᠦᠢᠴᠡᠳᠬᠡᠬᠦ ᠬᠡᠷᠡᠭᠲᠡᠢ             ︵  ᠨᠢᠭᠡ︶  ᠲᠥᠷᠥᠯ ᠵᠦᠢᠯ ᠣᠨ ᠬᠥᠷᠥᠰᠥ ᠰᠢᠷᠣᠢ ᠶᠢ ᠬᠠᠮᠠᠭᠠᠯᠠᠬᠤ ᠶᠢ ᠤᠳᠤᠷᠢᠳᠤᠨ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠠᠵᠢᠯ  ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠠᠷᠢᠭᠤᠴᠠᠨ᠎ᠠ᠃             ︵  ᠬᠤᠶᠠᠷ︶  ᠵᠥᠪᠰᠢᠶᠡᠷᠡᠭᠰᠡᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠶᠣᠰᠣᠭᠠᠷ᠂ ᠬᠥᠷᠥᠰᠥ ᠰᠢᠷᠣᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ︽ᠭᠤᠷᠪᠠ ᠶᠢ ᠬᠠᠮᠲᠤ ᠳᠤᠨᠢ ᠬᠢᠬᠦ︾  ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃             ︵  ᠭᠤᠷᠪᠠ︶  ᠲᠥᠰᠥᠯ  ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠢ ᠶᠢ ᠬᠠᠮᠠᠭᠠᠯᠠᠬᠤ ᠡᠯ᠎ᠡ ᠵᠦᠢᠯ ᠣᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠪᠠᠷᠢᠯᠭ᠎ᠠ ᠶᠢᠨ ᠠᠵᠢᠯᠯᠠᠭ᠎ᠠ ᠶᠢ ᠬᠡᠷᠡᠭᠯᠡᠬᠦ ᠭᠠᠵᠠᠷ ᠤᠨ ᠬᠡᠪᠴᠢᠶᠡᠨ ᠳᠤ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠳᠤᠷ᠎ᠠ ᠮᠡᠳᠡᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠬᠠᠲᠠᠭᠤ ᠬᠤᠷᠢᠭᠯᠠᠨ᠎ᠠ᠃ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠢ ᠵᠣᠬᠢᠰᠲᠠᠢ ᠪᠠᠷ ᠲᠣᠬᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠭᠠᠷᠴᠤ ᠮᠡᠳᠡᠬᠦ ᠬᠥᠷᠥᠰᠥ ᠰᠢᠷᠣᠢ ᠶᠢᠨ ᠢᠳᠡᠭᠳᠡᠯ ᠢ ᠴᠢᠩᠭ᠎ᠠ ᠬᠢᠵᠠᠭᠠᠷᠯᠠᠨ᠎ᠠ᠃             ︵  ᠳᠥᠷᠪᠡ︶  ᠬᠥᠷᠥᠰᠥ ᠰᠢᠷᠣᠢ ᠶᠢ ᠬᠠᠮᠠᠭᠠᠯᠠᠬᠤ ᠶᠢ ᠬᠢᠨᠠᠨ ᠬᠡᠮᠵᠢᠬᠦ ᠠᠵᠢᠯ  ᠢ ᠦᠨᠡᠨᠬᠦ ᠰᠠᠶᠢᠲᠤᠷ ᠬᠢᠵᠦ ᠂ ᠬᠥᠷᠥᠰᠥ ᠰᠢᠷᠣᠢ ᠶᠢᠨ ᠢᠳᠡᠭᠳᠡᠯ  ᠢ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠬᠢᠨᠠᠨ ᠬᠡᠮᠵᠢᠭᠰᠡᠨ ᠤᠯᠠᠷᠢᠯ  ᠤᠨ ᠮᠡᠳᠡᠭᠦᠯᠦᠯᠲᠡ ᠬᠢᠭᠡᠳ ᠳ᠋ᠦᠩᠨᠡᠯᠲᠡ ᠶᠢᠨ ᠮᠡᠳᠡᠭᠦᠯᠦᠯᠲᠡ ᠪᠠᠨ ᠲᠣᠭᠲᠠᠭᠠᠯ ᠶᠣᠰᠣᠭᠠᠷ ᠮᠠᠨ  ᠤ ᠲᠣᠪᠴᠢᠶ᠎ᠠ ᠳᠤ ᠲᠤᠰᠢᠶᠠᠬᠤ ᠬᠡᠷᠡᠭᠲᠡᠢ᠃             ︵  ᠲᠠᠪᠤ︶  ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ  ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠣᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠢ᠃            ᠭᠤᠷᠪᠠ᠂ ᠲᠤᠰ ᠵᠦᠢᠯᠡᠰ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ᠂ ᠡᠰᠡᠬᠦᠯ᠎ᠡ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢᠶᠠᠨ ᠨᠥᠬᠦᠪᠦᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃            ᠳᠥᠷᠪᠡ᠂ ᠲᠠᠨ ᠤ ᠺᠣᠮᠫᠠᠨᠢ ᠪᠣᠯ ᠲᠣᠰ ᠲᠥᠷᠥᠯ ᠵᠦᠢᠯ ᠤᠨ ᠡᠯ᠎ᠡ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ ᠬᠡᠷᠡᠭᠯᠡᠬᠦ ᠪᠤᠶᠤ ᠪᠠᠷᠢᠯᠭ᠎ᠠ ᠳᠠᠭᠤᠰᠴᠤ ᠰᠢᠯᠭᠠᠨ ᠠᠪᠬᠤ ᠠᠴᠠ ᠡᠮᠦᠨ᠎ᠡ᠂ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠪᠠᠷ ᠳᠠᠮᠵᠢᠭᠤᠯᠵᠤ᠂ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠥᠷᠥᠰᠥ ᠰᠢᠷᠣᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠵᠢᠴᠢ ᠲᠣᠰ ᠬᠢᠨᠠᠨ ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠠ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠡᠭᠦᠨ ᠤ ᠠᠯᠪᠠᠨ ᠤ ᠲᠠᠯ᠎ᠠ ᠶᠢᠨ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠥᠷᠲᠡᠭᠡ ᠳᠤ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠴᠠᠭ ᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ︔  ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠳ᠋ᠤᠭᠠᠷ ᠰᠠᠷ᠎ᠠ ᠶᠢᠨ ᠳᠣᠲᠣᠷ᠎ᠠ ᠮᠠᠨ ᠤ ᠲᠣᠪᠴᠢᠶ᠎ᠠ ᠳᠤ ᠬᠥᠷᠥᠰᠥ ᠰᠢᠷᠣᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠷᠢᠭᠤ ᠪᠠᠷᠢᠮᠲᠠ ᠣᠯᠣᠨ᠎ᠠ︔  ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃            ᠲᠠᠪᠤ᠂ ᠬᠡᠷᠪᠡ ᠲᠥᠷᠥᠯ ᠵᠦᠢᠯ ᠨᠢ 4 ᠲᠠᠰ ᠵᠢᠴᠢ 4 ᠲᠠᠰ ᠠᠴᠠ ᠳᠡᠭᠡᠭᠰᠢᠬᠢ ᠰᠢᠭᠠᠷᠤ ︵  ᠬᠠᠶᠠᠭᠳᠠᠮᠠᠯ︶  ᠭᠠᠳᠠᠭᠰᠢᠯᠠᠭᠤᠯᠬᠤ ᠲᠠᠯᠠᠪᠠᠶ᠂ ᠦᠯᠡᠳᠡᠭᠳᠡᠯ ᠬᠦᠳᠡᠷ ᠤᠨ ᠬᠥᠮᠥᠷᠭᠡ ᠳᠤ ᠬᠤᠯᠪᠣᠭᠳᠠᠪᠠᠯ᠂ ᠲᠣᠭᠲᠠᠭᠠᠯ ᠶᠣᠰᠣᠭᠠᠷ ᠲᠣᠭᠲᠠᠪᠤᠷᠢᠲᠤ ᠴᠢᠨᠠᠷ ᠤᠨ ᠦᠨᠡᠯᠡᠨ ᠵᠢᠱᠢᠯᠲᠡ ᠬᠢᠬᠦ ᠶᠢᠨ ᠬᠠᠮᠲᠤ᠂ ᠮᠠᠨ ᠤ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃                        ᠬᠠᠪᠰᠤᠷᠤᠯᠲᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号