ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠡᠯᠲᠡᠰ ᠤᠨ ᠵᠠᠰᠠᠭ ᠵᠠᠬᠢᠷᠭᠠᠨ ᠤ ᠳᠠᠭᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ ᠠᠷᠭ᠎ᠠ
ᠨᠡᠶᠢᠲᠡᠯᠡᠭᠰᠡᠨ ᠴᠠᠭ᠄
2025/4/7
           ᠪᠠᠷᠢᠮᠲᠠᠵᠢᠭᠤᠯᠤᠭᠰᠠᠨ ᠳ᠋ᠤᠭᠠᠷ᠄  11152921790192595R/2025-00474      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      ᠢᠯᠡ ᠲᠣᠳᠣ ᠨᠡᠶᠢᠲᠡᠯᠡᠭᠰᠡᠨ ᠠᠩᠭᠢᠯᠠᠯ᠄  ᠵᠠᠪᠠᠯ ᠢᠯᠡ ᠲᠣᠳᠣ ᠨᠡᠭᠡᠭᠡᠯᠲᠡ ᠲᠠᠢ ᠪᠠᠶᠢᠬᠤ      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ      ᠪᠠᠷᠢᠮᠲᠠ ᠪᠢᠴᠢᠭ ᠤᠨ ᠳ᠋ᠤᠭᠠᠷ᠄       ᠪᠠᠲᠤᠯᠠᠭᠳᠠᠭᠰᠠᠨ ᠴᠠᠭ ᠬᠤᠭᠤᠴᠠᠭ᠎ᠠ᠄  2025 — 03 — 31      ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄       ᠨᠡᠶᠢᠲᠡᠯᠡᠭᠰᠡᠨ ᠡᠳᠦᠷ ᠬᠤᠭᠤᠴᠠᠭ᠎ᠠ᠄  2025 — 03 — 31                   ︵  2024 ᠣᠨ ᠤ 4 ᠳ᠋ᠦ᠋ᠭᠡᠷ ᠰᠠᠷ᠎ᠠ ᠶᠢᠨ 4 ᠤ ᠡᠳᠦᠷ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ 15 ᠳ᠋ᠤᠭᠠᠷ ᠵᠠᠷᠯᠢᠭ ᠢᠶᠠᠷ ᠨᠡᠶᠢᠲᠡᠯᠡᠪᠡ᠂ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠮᠥᠷᠳᠡᠨ᠎ᠡ᠃︶                         ᠨᠢᠭᠡᠳᠦᠭᠡᠷ ᠪᠦᠯᠦᠭ ᠶᠡᠷᠦᠩᠬᠡᠢ ᠳᠦᠷᠢᠮ                        ᠨᠢᠭᠡᠳᠦᠭᠡᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠷᠤᠮᠵᠢᠭᠤᠯᠬᠤ ᠵᠣᠷᠢᠯᠭ᠎ᠠ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾  ᠵᠡᠷᠭᠡ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠦᠢᠯᠡᠰ ᠢ ᠰᠢᠢᠳᠪᠦᠷᠢᠯᠡᠬᠦ ᠳᠤ ᠲᠣᠰ ᠠᠷᠭ᠎ᠠ ᠲᠣᠬᠢᠷᠠᠨ᠎ᠠ᠃            ᠤᠯᠤᠰ  ᠤᠨ ᠭᠠᠯ ᠲᠦᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ  ᠤᠨ ᠠᠭᠤᠷᠬᠠᠢ ᠶᠢᠨ ᠠᠶᠦᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ᠂ ᠳᠤᠮᠳᠠᠳᠤ ᠤᠯᠤᠰ  ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠬᠠᠤᠯᠢ ᠪᠠᠷ ᠲᠣᠭᠲᠠᠭᠠᠭᠰᠠᠨ ᠬᠠᠷᠢᠶᠠᠯᠠᠬᠤ ᠵᠠᠰᠠᠭ ᠵᠠᠬᠢᠷᠭᠠᠨ  ᠤ ᠲᠠᠬᠢᠨ ᠵᠥᠪᠯᠡᠬᠦ ᠬᠡᠷᠡᠭ᠂ ᠵᠠᠰᠠᠭ ᠵᠠᠬᠢᠷᠭᠠᠨ  ᠤ ᠵᠠᠷᠭᠤ ᠬᠦᠯᠢᠶᠡᠬᠦ ᠵᠦᠢᠯ  ᠢ ᠰᠢᠢᠳᠪᠦᠷᠢᠯᠡᠬᠦ ᠳᠤ᠂ ᠲᠤᠰ ᠠᠷᠭ᠎ᠠ ᠶᠢᠨ ᠬᠤᠯᠪᠣᠭᠳᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃                   ᠭᠤᠷᠪᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠪᠣᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠬᠦ ᠪᠠᠶᠢᠭᠤᠯᠤᠮᠵᠢ ︵  ᠳᠣᠷᠣᠭᠰᠢ ᠵᠠᠰᠠᠭ ᠵᠠᠬᠢᠷᠭᠠᠨ ᠢᠶᠠᠷ ᠳᠠᠭᠢᠨ ᠵᠥᠪᠯᠡᠬᠦ ᠪᠠᠶᠢᠭᠤᠯᠤᠮᠵᠢ ᠭᠡᠵᠦ ᠲᠣᠪᠴᠢᠯᠠᠨ᠎ᠠ︶  ᠪᠤᠯᠬᠤ ᠪᠥᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠬᠦ ᠵᠦᠢᠯᠡᠰ ᠢ ᠬᠠᠷᠢᠭᠤᠴᠠᠨ ᠭᠦᠢᠴᠡᠳᠬᠡᠨ᠎ᠡ︔  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠤᠯᠪᠣᠭᠳᠠᠯ ᠪᠦᠬᠦᠢ ᠤᠴᠢᠷ ᠢ ᠬᠠᠮᠲᠤ ᠳᠤᠨᠢ ᠵᠣᠬᠢᠶᠠᠨ ᠪᠠᠶᠢᠭᠤᠯᠤᠨ ᠭᠦᠢᠴᠡᠳᠬᠡᠬᠦ ᠬᠡᠷᠡᠭᠲᠡᠢ᠃            ᠳᠥᠷᠪᠡᠳᠦᠭᠡᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠳᠡᠭᠡᠨ ᠬᠠᠤᠯᠢ ᠳᠤ ᠨᠡᠶᠢᠴᠡᠬᠦ᠂ ᠲᠥᠪ ᠭᠤᠣᠯᠴᠢ᠂ ᠢᠯᠡ ᠲᠣᠳᠣ᠂ ᠥᠨᠳᠥᠷ ᠪᠦᠲᠦᠮᠵᠢᠲᠡᠶ᠂ ᠠᠷᠠᠳ ᠲᠤ ᠲᠦᠭᠦᠮ ᠦᠵᠡᠭᠦᠯᠬᠦ᠂ ᠠᠷᠠᠳ ᠲᠤ ᠦᠢᠯᠡᠴᠢᠯᠡᠬᠦ ᠵᠠᠷᠴᠢᠮ ᠢ ᠵᠢᠷᠤᠮᠯᠠᠵᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ ᠶᠢ ᠪᠠᠷᠢᠮᠲᠠᠯᠠᠵᠤ᠂ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠬᠦᠨᠳᠦᠳᠬᠡᠨ ᠭᠦᠢᠴᠡᠳᠬᠡᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠵᠥᠪ ᠬᠡᠷᠡᠭᠵᠢᠭᠦᠯᠦᠭᠳᠡᠬᠦ ᠶᠢ ᠪᠠᠲᠤᠯᠠᠨ᠎ᠠ᠃                        ᠬᠤᠶᠠᠳᠤᠭᠠᠷ ᠪᠦᠯᠦᠭ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ                        ᠲᠠᠪᠤᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾  ᠶᠢᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠦᠷᠢᠶ᠎ᠡ ᠬᠡᠪᠴᠢᠶ᠎ᠡ ᠶᠢ ᠦᠨᠳᠦᠰᠦᠯᠡᠨ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠤ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠭᠠᠷᠭᠠᠵᠤ ᠪᠣᠯᠣᠨ᠎ᠠ᠃            ᠵᠢᠷᠭᠤᠳᠤᠭᠠᠷ ᠵᠦᠢᠯ ᠳᠣᠣᠷᠠᠬᠢ ᠵᠦᠢᠯ ᠤᠳ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠪᠴᠢᠶᠡᠨ ᠳᠤ ᠪᠠᠭᠲᠠᠬᠤ ᠦᠭᠡᠢ᠄              ︵ᠨᠢᠭᠡ︶  ᠤᠯᠤᠰ ᠤᠨ ᠪᠠᠲᠤᠯᠠᠨ ᠬᠠᠮᠠᠭᠠᠯᠠᠯᠲᠠ᠂ ᠭᠠᠳᠠᠭᠠᠳᠤ ᠬᠠᠷᠢᠯᠴᠠᠭ᠎ᠠ ᠵᠡᠷᠭᠡ ᠲᠦᠷᠦ ᠶᠢᠨ ᠠᠵᠢᠯᠯᠠᠭ᠎ᠠ︔              ︵  ᠬᠤᠶᠠᠷ︶  ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠤᠶᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠵᠤ ᠨᠡᠶᠢᠲᠡᠯᠡᠭᠰᠡᠨ ᠨᠡᠶᠢᠳᠡᠮ ᠤᠨ ᠬᠢᠵᠠᠭᠠᠷᠯᠠᠬᠤ ᠬᠦᠴᠦᠨ ᠲᠠᠢ ᠲᠣᠭᠲᠠᠭᠠᠯ᠂ ᠵᠠᠷᠯᠢᠭ ᠵᠡᠷᠭᠡ ᠵᠢᠷᠤᠮᠵᠢᠭ᠍ᠰᠡᠨ ᠴᠢᠨᠠᠷᠲᠠᠢ ᠪᠢᠴᠢᠭ ᠮᠠᠲ᠋ᠧᠷᠢᠶᠠᠯ︔              ︵ᠭᠤᠷᠪᠠ︶  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠤᠰ ᠪᠠᠶᠢᠭᠤᠯᠭ᠎ᠠ ᠶᠢᠨ ᠠᠵᠢᠯᠲᠠᠨ ᠢ ᠱᠠᠩᠨᠠᠬᠤ᠂ ᠰᠢᠳᠬᠡᠬᠦ᠂ ᠲᠣᠮᠢᠯᠠᠬᠤ ᠪᠠᠭᠤᠯᠭᠠᠬᠤ ᠵᠡᠷᠭᠡ ᠲᠣᠭᠲᠠᠭᠠᠯ︔              ︵ᠳᠥᠷᠪᠡ︶  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠢᠷᠭᠡᠨ ᠤ ᠬᠡᠷᠡᠭ ᠤᠨ ᠵᠢᠭᠤᠷᠠᠯᠳᠤᠭᠠᠨ ᠳᠤ ᠬᠢᠭᠰᠡᠨ ᠡᠶᠡᠳᠡᠭᠦᠯᠭᠡ᠃            ᠳᠣᠯᠣᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠶᠠᠮᠤᠨ  ᠤ ᠵᠠᠰᠠᠭ ᠵᠠᠬᠢᠷᠭᠠᠨ  ᠤ ᠥᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠭᠰᠠᠨ ᠬᠤᠯᠪᠣᠭᠳᠠᠯ ᠪᠦᠬᠦᠢ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ ︵ᠳᠦᠷᠢᠮ ᠲᠣᠭᠲᠠᠭᠠᠯ ᠪᠠᠭᠲᠠᠬᠤ ᠦᠭᠡᠢ︶  ᠨᠢ ᠬᠠᠤᠯᠢ  ᠳᠤ ᠨᠡᠶᠢᠴᠡᠬᠦ ᠦᠭᠡᠢ ᠭᠡᠵᠦ ᠦᠵᠡᠪᠡᠯ᠂ ᠵᠠᠰᠠᠭ ᠵᠠᠬᠢᠷᠭᠠᠨ  ᠤ ᠥᠢᠯᠡ ᠠᠵᠢᠯᠯᠠᠭ᠎ᠠ ᠶᠢ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠬᠤ  ᠳᠤ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠶᠠᠮᠤᠨ  ᠳᠤ ᠲᠤᠰ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ  ᠢ ᠳᠠᠭᠠᠯᠳᠤᠭᠤᠯᠤᠨ ᠬᠢᠨᠠᠨ ᠪᠠᠶᠢᠴᠠᠭᠠᠯᠭᠠᠬᠤ ᠪᠠᠷ ᠬᠠᠮᠲᠤ ᠳᠤᠨᠢ ᠭᠤᠶᠤᠴᠢᠯᠠᠵᠤ ᠪᠣᠯᠣᠨ᠎ᠠ᠃            ᠨᠠᠢᠮᠠᠳᠤᠭᠠᠷ ᠵᠦᠢᠯ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠬᠠᠤᠯᠢ ᠶᠣᠰᠣᠭᠠᠷ ᠭᠤᠶᠤᠴᠢᠯᠠᠭᠰᠠᠨ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠣᠯ ᠭᠤᠶᠤᠴᠢᠯᠠᠭᠴᠢ ᠮᠥᠨ᠃            ᠭᠤᠶᠤᠴᠢᠯᠠᠭᠴᠢ ᠠᠴᠠ ᠭᠠᠳᠠᠨᠠᠬᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠪᠤᠶᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠭᠰᠡᠨ ᠦᠷ᠎ᠡ ᠳ᠋ᠦᠩ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠭᠤᠷᠪᠠᠳᠠᠭᠢ ᠡᠲᠡᠭᠡᠳ ᠤᠨ ᠬᠤᠪᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠬᠤ ᠪᠠᠷ ᠭᠤᠶᠤᠴᠢᠯᠠᠵᠤ ᠪᠣᠯᠣᠨ᠎ᠠ᠂ ᠡᠰᠡᠬᠦᠯ᠎ᠡ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠲᠡᠭᠦᠨ ᠳᠤ ᠮᠡᠳᠡᠭᠳᠡᠵᠦ ᠭᠤᠷᠪᠠᠳᠠᠭᠢ ᠡᠲᠡᠭᠡᠳ ᠤᠨ ᠬᠤᠪᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠭᠤᠯᠤᠨ᠎ᠠ᠃            ᠭᠤᠷᠪᠠᠳᠠᠭᠢ ᠬᠥᠮᠥᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠬᠤ ᠦᠭᠡᠢ ᠪᠠᠶᠢᠬᠤ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠤᠨ ᠰᠢᠭᠦᠨ ᠰᠢᠢᠳᠪᠦᠷᠢᠯᠡᠬᠦ ᠶᠢ ᠨᠥᠯᠥᠭᠡᠯᠡᠬᠦ ᠦᠭᠡᠢ᠃            ᠶᠢᠰᠦᠳᠦᠭᠡᠷ ᠵᠦᠢᠯ ᠭᠤᠶᠤᠴᠢᠯᠠᠭᠴᠢ᠂ ᠭᠤᠷᠪᠠᠳᠠᠭᠢ ᠬᠥᠮᠥᠨ 1 ᠠᠴᠠ 2 ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠪᠤᠶᠤ ᠪᠤᠰᠤᠳ ᠣᠷᠣᠯᠠᠭᠴᠢ ᠳᠤ ᠨᠠᠶᠢᠳᠠᠵᠤ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠠᠨ ᠣᠷᠣᠯᠴᠠᠭᠤᠯᠵᠤ ᠪᠣᠯᠣᠨ᠎ᠠ᠃            ᠭᠤᠶᠤᠴᠢᠯᠠᠭᠴᠢ᠂ ᠭᠤᠷᠪᠠᠳᠠᠭᠢ ᠬᠥᠮᠥᠨ ᠣᠷᠣᠯᠠᠭᠴᠢ ᠳᠤ ᠨᠠᠶᠢᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ᠂ ᠨᠠᠶᠢᠳᠠᠭᠴᠢ ᠵᠢᠴᠢ ᠨᠠᠶᠢᠳᠠᠭᠳᠠᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠲᠤ ᠨᠠᠶᠢᠳᠠᠭᠰᠠᠨ ᠵᠦᠢᠯ᠂ ᠡᠷᠬᠡ ᠶᠢᠨ ᠬᠡᠪᠴᠢᠶ᠎ᠡ ᠪᠠ ᠬᠤᠭᠤᠴᠠᠭ᠎ᠠ ᠶᠢ ᠲᠣᠳᠣᠷᠬᠠᠢ ᠪᠢᠴᠢᠬᠦ ᠬᠡᠷᠡᠭᠲᠡᠢ᠃ ᠭᠤᠶᠤᠴᠢᠯᠠᠭᠴᠢ᠂ ᠭᠤᠷᠪᠠᠳᠠᠭᠢ ᠬᠥᠮᠥᠨ ᠣᠷᠣᠯᠠᠭᠴᠢ ᠶᠢᠨ ᠡᠷᠬᠡ ᠶᠢᠨ ᠬᠡᠪᠴᠢᠶ᠎ᠡ ᠶᠢ ᠬᠤᠪᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠳᠤ ᠭᠦᠷᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃            ᠠᠷᠪᠠᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠢ ᠪᠠᠶᠢᠵᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠨᠢ ᠭᠤᠶᠤᠴᠢᠯᠠᠭᠳᠠᠭᠴᠢ ᠪᠣᠯᠣᠨ᠎ᠠ︔  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠮᠢᠶᠠᠷᠴᠤ ᠪᠠᠶᠢᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠬᠢᠭᠰᠡᠨ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠵᠥᠪᠰᠢᠶᠡᠷᠡᠬᠦ ᠦᠭᠡᠢ ᠪᠠᠶᠢᠵᠤ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠲᠤᠰ ᠵᠣᠬᠢᠶᠠᠨ ᠪᠠᠶᠢᠭᠤᠯᠤᠯᠲᠠ ᠨᠢ ᠭᠤᠶᠤᠴᠢᠯᠠᠭᠳᠠᠭᠴᠢ ᠪᠣᠯᠣᠨ᠎ᠠ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠨᠢ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠠᠮᠲᠤ ᠶᠢᠨ ᠨᠡᠷ᠎ᠡ ᠪᠠᠷ ᠠᠳᠠᠯᠢ ᠨᠢᠭᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠨᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠮᠲᠤ ᠪᠠᠷ ᠬᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠭᠤᠶᠤᠴᠢᠯᠠᠭᠳᠠᠭᠴᠢ ᠪᠣᠯᠣᠨ᠎ᠠ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠨᠠᠶᠢᠳᠠᠭᠰᠠᠨ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠨᠢ ᠭᠤᠶᠤᠴᠢᠯᠠᠭᠳᠠᠭᠴᠢ ᠪᠣᠯᠣᠨ᠎ᠠ᠃            ᠠᠷᠪᠠᠨ ᠨᠢᠭᠡᠳᠦᠭᠡᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠨᠢ ᠭᠤᠶᠤᠴᠢᠯᠠᠭᠳᠠᠭᠴᠢ ᠪᠠᠶᠢᠪᠠᠯ᠂ ᠤᠤᠯ ᠨᠢ ᠲᠤᠰ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠳᠠᠭᠠᠭᠠᠨ ᠠᠪᠴᠤ ᠰᠢᠢᠳᠪᠦᠷᠢᠯᠡᠭᠰᠡᠨ ᠵᠤᠷᠭᠠᠨ ᠲᠣᠪᠴᠢᠶ᠎ᠠ ︵ᠨᠢᠭᠡᠴᠢ︶  ᠠᠴᠠ ᠪᠢᠴᠢᠭ ᠢᠶᠠᠷ ᠬᠠᠷᠢᠭᠤᠯᠲᠠ ᠣᠯᠭᠤᠨ᠎ᠠ᠃ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠮᠢᠶᠠᠷᠴᠤ ᠪᠠᠶᠢᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠭᠤᠶᠤᠴᠢᠯᠠᠭᠳᠠᠭᠴᠢ ᠪᠠᠶᠢᠪᠠᠯ᠂ ᠲᠤᠰ ᠵᠣᠬᠢᠶᠠᠨ ᠪᠠᠶᠢᠭᠤᠯᠤᠯᠲᠠ ᠠᠴᠠ ᠪᠢᠴᠢᠭ ᠢᠶᠠᠷ ᠬᠠᠷᠢᠭᠤᠯᠲᠠ ᠣᠯᠭᠤᠨ᠎ᠠ᠃            ᠠᠷᠪᠠᠨ ᠬᠤᠶᠠᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠨᠢ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠰ ᠠᠷᠭ᠎ᠠ ᠳᠤ ᠲᠣᠭᠲᠠᠭᠠᠭᠰᠠᠨ ᠬᠠᠷᠢᠶᠠᠯᠠᠯ ᠪᠠ ᠭᠥᠯᠢᠶᠡᠨ ᠠᠪᠴᠤ ᠰᠢᠢᠳᠪᠦᠷᠢᠯᠡᠬᠦ ᠪᠠᠶᠢᠳᠠᠯ ᠳᠤ ᠨᠡᠶᠢᠴᠡᠵᠦ ᠪᠠᠶᠢᠪᠠᠯ᠂ ᠲᠣᠰ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠵᠤ ᠪᠣᠯᠣᠨ᠎ᠠ︔  ᠭᠡᠪᠡᠴᠦ ᠬᠠᠤᠯᠢ ᠴᠠᠭᠠᠵᠠ ᠳᠤ ᠲᠣᠭᠲᠠᠭᠠᠭᠰᠠᠨ ᠭᠤᠶᠤᠴᠢᠯᠠᠬᠤ ᠬᠤᠭᠤᠴᠠᠭ᠎ᠠ ᠨᠢ 60 ᠡᠳᠦᠷ ᠠᠴᠠ ᠬᠡᠲᠦᠷᠡᠭᠰᠡᠨ ᠪᠠᠶᠢᠪᠠᠯ ᠡᠭᠦᠨ ᠳᠤ ᠪᠠᠭᠲᠠᠬᠤ ᠦᠭᠡᠢ᠃            ᠡᠰᠡᠷᠭᠦᠴᠡᠰᠢ ᠦᠭᠡᠢ ᠬᠦᠴᠦᠨ ᠪᠤᠶᠤ ᠪᠤᠰᠤᠳ ᠵᠦᠢ ᠶᠣᠰᠣᠨ ᠤ ᠰᠢᠯᠲᠠᠭᠠᠨ ᠠᠴᠠ ᠪᠣᠯᠵᠤ ᠬᠠᠤᠯᠢ ᠪᠠᠷ ᠲᠣᠭᠲᠠᠭᠠᠭᠰᠠᠨ ᠭᠤᠶᠤᠴᠢᠯᠠᠬᠤ ᠬᠤᠭᠤᠴᠠᠭ᠎ᠠ ᠶᠢ ᠰᠠᠭᠠᠲᠠᠭᠠᠭᠰᠠᠨ ᠪᠠᠶᠢᠪᠠᠯ᠂ ᠭᠤᠶᠤᠴᠢᠯᠠᠬᠤ ᠬᠤᠭᠤᠴᠠᠭ᠎ᠠ ᠶᠢ ᠬᠠᠷᠰᠢ ᠰᠠᠭᠠᠳ ᠢ ᠠᠷᠢᠯᠭᠠᠭᠰᠠᠨ ᠡᠳᠦᠷ ᠠᠴᠠ ᠡᠬᠢᠯᠡᠨ ᠦᠷᠭᠦᠯᠵᠢᠯᠡᠭᠦᠯᠵᠦ ᠪᠤᠳᠤᠨ᠎ᠠ᠃            ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠠᠵᠢᠯᠯᠠᠭ᠎ᠠ  ᠶᠢ ᠬᠢᠬᠦ ᠦᠶ᠎ᠡ ᠳᠤ᠂ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠡᠷᠬᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠪᠠ ᠭᠤᠶᠤᠴᠢᠯᠠᠬᠤ ᠬᠤᠭᠤᠴᠠᠭ᠎ᠠ ᠶᠢ ᠬᠡᠯᠡᠵᠦ ᠥᠭᠭᠦᠭᠰᠡᠨ ᠦᠭᠡᠢ ᠪᠠᠶᠢᠪᠠᠯ᠂ ᠭᠤᠶᠤᠴᠢᠯᠠᠬᠤ ᠬᠤᠭᠤᠴᠠᠭ᠎ᠠ ᠶᠢ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠬᠤ ᠡᠷᠬᠡ᠂ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠪᠠᠶᠢᠭᠤᠯᠭ᠎ᠠ ᠪᠠ ᠭᠤᠶᠤᠴᠢᠯᠠᠬᠤ ᠬᠤᠭᠤᠴᠠᠭ᠎ᠠ ᠶᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ ᠠᠴᠠ ᠡᠬᠢᠯᠡᠵᠦ ᠪᠤᠳᠦᠨ᠎ᠡ᠂ ᠭᠡᠪᠡᠴᠦ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢᠨ ᠠᠭᠤᠯᠭ᠎ᠠ ᠶᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ ᠠᠴᠠ ᠡᠬᠢᠯᠡᠨ ᠬᠠᠮᠤᠭ ᠤᠨ ᠤᠷᠳᠦ ᠳᠠᠭᠠᠨ ᠨᠢᠭᠡ ᠵᠢᠯ ᠠᠴᠠ ᠬᠡᠲᠦᠷᠡᠭᠦᠯᠵᠦ ᠪᠣᠯᠬᠤ ᠦᠭᠡᠢ᠃            ᠠᠷᠪᠠᠨ ᠭᠤᠷᠪᠠᠳᠤᠭᠠᠷ ᠵᠦᠢᠯᠦᠯᠦ ᠬᠥᠳᠡᠯᠬᠦ ᠬᠥᠷᠥᠩᠭᠡ ᠶᠢᠨ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠨᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠡᠳᠦᠷ ᠠᠴᠠ ᠡᠬᠢᠯᠡᠨ ᠬᠤᠷᠢᠨ ᠵᠢᠯ ᠠᠴᠠ ᠬᠡᠲᠦᠷᠡᠵᠦ᠂ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠤᠰᠤᠳ ᠭᠤᠶᠤᠴᠢᠯᠠᠯ ᠨᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠡᠳᠦᠷ ᠠᠴᠠ ᠡᠬᠢᠯᠡᠨ ᠲᠠᠪᠤᠨ ᠵᠢᠯ ᠠᠴᠠ ᠬᠡᠲᠦᠷᠡᠭᠰᠡᠨ ᠪᠠᠶᠢᠪᠠᠯ ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠬᠦᠯᠢᠶᠡᠨ ᠠᠪᠴᠤ ᠰᠢᠢᠳᠪᠦᠷᠢᠯᠡᠬᠦ ᠦᠭᠡᠢ᠃            ᠠᠷᠪᠠᠨ ᠳᠥᠷᠪᠡᠳᠦᠭᠡᠷ ᠵᠦᠢᠯ ᠭᠤᠶᠤᠴᠢᠯᠠᠭᠴᠢ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠬᠤ ᠳᠠᠭᠠᠨ ᠪᠢᠴᠢᠭ ᠢᠶᠠᠷ ᠭᠤᠶᠤᠴᠢᠯᠠᠵᠤ ᠪᠣᠯᠣᠨ᠎ᠠ︔  ᠪᠢᠴᠢᠭ ᠢᠶᠠᠷ ᠭᠤᠶᠤᠴᠢᠯᠠᠬᠤ ᠳᠤ ᠬᠦᠴᠢᠷ ᠲᠠᠢ ᠪᠣᠯ ᠪᠠᠰᠠ ᠠᠮᠠ ᠪᠠᠷ ᠭᠤᠶᠤᠴᠢᠯᠠᠵᠤ ᠪᠣᠯᠣᠨ᠎ᠠ᠃            ᠪᠢᠴᠢᠭ ᠢᠶᠠᠷ ᠭᠤᠶᠤᠴᠢᠯᠠᠭᠰᠠᠨ ᠪᠠᠶᠢᠪᠠᠯ᠂ ᠰᠢᠤᠳᠠᠨ ᠢᠶᠠᠷ ᠢᠯᠡᠭᠡᠬᠦ ᠪᠤᠶᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠢᠭᠠᠨ ᠲᠣᠭᠲᠠᠭᠠᠭᠰᠠᠨ ᠢᠨᠲ᠋ᠧᠷ ᠰᠦᠯᠵᠢᠶᠡᠨ ᠤ ᠠᠷᠭ᠎ᠠ ᠵᠠᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠢᠶᠠᠨ ᠲᠤᠰᠢᠶᠠᠵᠤ ᠪᠣᠯᠣᠨ᠎ᠠ᠂ ᠪᠠᠰᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠢᠶᠠᠨ ᠨᠢᠭᠤᠷᠲᠠᠨ ᠲᠤᠰᠢᠶᠠᠵᠤ ᠪᠣᠯᠣᠨ᠎ᠠ᠃            ᠠᠮᠠ ᠪᠠᠷ ᠭᠤᠶᠤᠴᠢᠯᠠᠭᠰᠠᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠭᠤᠶᠤᠴᠢᠯᠠᠭᠴᠢ ᠶᠢᠨ ᠦᠨᠳᠦᠰᠦᠨ ᠪᠠᠶᠢᠳᠠᠯ᠂ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ᠂ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠭᠰᠠᠨ ᠭᠤᠣᠯ ᠪᠣᠳᠠᠲᠤ ᠬᠡᠷᠡᠭ᠂ ᠤᠴᠢᠷ ᠰᠢᠯᠲᠠᠭᠠᠨ ᠪᠠ ᠴᠠᠭ ᠬᠤᠭᠤᠴᠠᠭ᠎ᠠ ᠶᠢ ᠲᠤᠬᠠᠢ ᠶᠢᠨ ᠭᠠᠵᠠᠷ ᠲᠤᠨᠢ ᠲᠡᠮᠳᠡᠭᠯᠡᠬᠦ ᠬᠡᠷᠡᠭᠲᠡᠢ᠃            ᠭᠤᠶᠤᠴᠢᠯᠠᠭᠴᠢ ᠨᠢ ᠬᠤᠶᠠᠷ ᠠᠴᠠ ᠳᠡᠭᠡᠭᠰᠢ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠵᠥᠪᠰᠢᠶᠡᠷᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠲᠤᠰ ᠲᠤᠰ ᠭᠤᠶᠤᠴᠢᠯᠠᠬᠤ ᠬᠡᠷᠡᠭᠲᠡᠢ᠃            ᠠᠷᠪᠠᠨ ᠲᠠᠪᠤᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠠᠷᠠᠭᠠᠬᠢ ᠬᠡᠳᠦᠨ ᠲᠠᠯ᠎ᠠ ᠪᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠢ ᠬᠠᠷᠢᠶᠠᠯᠠᠨ᠎ᠠ᠄              ︵ᠨᠢᠭᠡ︶  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠢ ᠪᠠᠶᠢᠬᠤ︔              ︵ᠬᠤᠶᠠᠷ︶  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠶᠣᠰᠣᠭᠠᠷ ᠪᠠᠶᠢᠭᠤᠯᠤᠭᠰᠠᠨ ᠲᠣᠮᠢᠯᠠᠭᠰᠠᠨ ᠪᠠᠶᠢᠭᠤᠯᠤᠮᠵᠢ ᠶᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠲᠣᠮᠢᠯᠠᠭᠰᠠᠨ ᠪᠠᠶᠢᠭᠤᠯᠤᠮᠵᠢ ᠶᠢᠨ ᠨᠡᠷ᠎ᠡ ᠪᠠᠷ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠦᠯᠦ ᠵᠥᠪᠰᠢᠶᠡᠷᠡᠬᠦ︔              ︵ᠭᠤᠷᠪᠠ︶  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠮᠢᠶᠠᠷᠴᠤ ᠪᠠᠶᠢᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠦᠯᠦ ᠵᠥᠪᠰᠢᠶᠡᠷᠡᠬᠦ᠃                        ᠭᠤᠷᠪᠠᠳᠤᠭᠠᠷ ᠪᠦᠯᠦᠭ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ᠂ ᠰᠢᠭᠦᠬᠦ ᠪᠠ ᠲᠣᠭᠲᠠᠭᠠᠬᠤ                         ᠨᠢᠭᠡᠳᠦᠭᠡᠷ ᠬᠡᠰᠡᠭ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ                        ᠠᠷᠪᠠᠨ ᠵᠢᠷᠭᠤᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ 5 ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠬᠡᠷᠡᠭᠲᠡᠢ᠃ ᠳᠠᠷᠠᠭᠠᠬᠢ ᠵᠢᠭᠰᠠᠭᠠᠭᠰᠠᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠄              ︵ᠨᠢᠭᠡ︶  ᠲᠣᠳᠣᠷᠬᠠᠢ ᠭᠤᠶᠤᠴᠢᠯᠠᠭᠴᠢ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾  ᠶᠢᠨ ᠲᠣᠭᠲᠠᠭᠠᠯ ᠳᠤ ᠨᠡᠶᠢᠴᠡᠭᠰᠡᠨ ᠭᠤᠶᠤᠴᠢᠯᠠᠭᠳᠠᠭᠴᠢ ᠲᠠᠢ ᠪᠠᠶᠢᠬᠤ︔              ︵  ᠬᠤᠶᠠᠷ︶  ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔              ︵  ᠭᠤᠷᠪᠠ︶  ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠣᠳᠠᠲᠠᠢ ᠭᠤᠶᠤᠴᠢᠯᠠᠯ ᠪᠠ ᠤᠴᠢᠷ ᠰᠢᠯᠲᠠᠭᠠᠨ ᠲᠠᠢ ᠪᠠᠶᠢᠬᠤ︔              ︵ᠳᠥᠷᠪᠡ︶  ᠬᠠᠤᠯᠢ ᠪᠠᠷ ᠲᠣᠭᠲᠠᠭᠠᠭᠰᠠᠨ ᠭᠤᠶᠤᠴᠢᠯᠠᠯ ᠭᠠᠷᠭᠠᠬᠤ ᠬᠤᠭᠤᠴᠠᠭᠠᠨ ᠤ ᠳᠣᠲᠣᠷ᠎ᠠ ᠳᠤᠷᠠᠳᠬᠤ︔              ︵ᠲᠠᠪᠤ︶  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾  ᠳᠤ ᠲᠣᠭᠲᠠᠭᠠᠭᠰᠠᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠡᠪᠴᠢᠶᠡᠨ ᠳᠤ ᠬᠠᠷᠢᠶᠠᠯᠠᠭᠳᠠᠬᠤ︔              ︵ᠵᠢᠷᠭᠤᠭ᠎ᠠ︶  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠮᠢᠶᠠᠷᠬᠤ ᠬᠡᠪᠴᠢᠶᠡᠨ ᠳᠤ ᠪᠠᠭᠲᠠᠬᠤ︔              ︵  ᠳᠣᠯᠤᠭ᠎ᠠ︶  ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠲᠣᠰ ᠭᠤᠶᠤᠴᠢᠯᠠᠭᠴᠢ ᠶᠢᠨ ᠠᠳᠠᠯᠢ ᠨᠢᠭᠡᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠲᠤᠬᠠᠢ ᠳᠤᠷᠠᠳᠤᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠦᠭᠡᠢ ᠮᠥᠷᠲᠡᠭᠡᠨ ᠠᠷᠠᠳ ᠤᠨ ᠰᠢᠭᠦᠬᠦ ᠬᠤᠷᠢᠶ᠎ᠠ ᠲᠣᠰ ᠭᠤᠶᠤᠴᠢᠯᠠᠭᠴᠢ ᠶᠢᠨ ᠠᠳᠠᠯᠢ ᠨᠢᠭᠡᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠲᠤᠬᠠᠢ ᠳᠤᠷᠠᠳᠤᠭᠰᠠᠨ ᠵᠠᠰᠠᠭ ᠵᠠᠬᠢᠷᠭᠠᠨ ᠤ ᠵᠠᠷᠭᠤ ᠶᠢ ᠭᠥᠯᠢᠶᠡᠨ ᠠᠪᠴᠤ ᠰᠢᠢᠳᠪᠦᠷᠢᠯᠡᠭᠰᠡᠨ ᠦᠭᠡᠢ᠃            ᠡᠮᠦᠨᠡᠬᠢ ᠵᠤᠷᠪᠤᠰ ᠤᠨ ᠲᠣᠭᠲᠠᠭᠠᠯ ᠳᠤ ᠨᠡᠶᠢᠴᠡᠬᠦ ᠦᠭᠡᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠬᠢᠨᠠᠨ ᠪᠠᠶᠢᠴᠠᠭᠠᠬᠤ ᠬᠤᠭᠤᠴᠠᠭᠠᠨ ᠳᠤ ᠥᠯᠥ ᠭᠥᠯᠢᠶᠡᠨ ᠠᠪᠴᠤ ᠰᠢᠢᠳᠪᠦᠷᠢᠯᠡᠬᠦ ᠪᠠᠨ ᠲᠣᠭᠲᠠᠭᠠᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ︔  ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠷᠢᠶᠠᠯᠠᠯ ᠳᠤ ᠪᠠᠭᠲᠠᠬᠤ ᠦᠭᠡᠢ ᠪᠣᠯ᠂ ᠥᠯᠥ ᠭᠥᠯᠢᠶᠡᠨ ᠠᠪᠴᠤ ᠰᠢᠢᠳᠪᠦᠷᠢᠯᠡᠬᠦ ᠲᠣᠭᠲᠠᠭᠠᠯ ᠤᠨ ᠳᠤᠮᠳᠠ ᠭᠤᠶᠤᠴᠢᠯᠠᠭᠴᠢ ᠳᠤ ᠬᠠᠷᠢᠶᠠᠯᠠᠯ ᠤᠨ ᠡᠷᠬᠡ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢ ᠮᠡᠳᠡᠭᠳᠡᠬᠦ ᠬᠡᠷᠡᠭᠲᠡᠢ᠃            ᠵᠠᠰᠠᠭ ᠵᠠᠬᠢᠷᠭᠠᠨ ᠤ ᠳᠠᠬᠢᠨ ᠵᠥᠪᠯᠡᠭᠦᠯᠬᠦ ᠭᠤᠶᠤᠴᠢᠯᠠᠯ ᠤᠨ ᠬᠢᠨᠠᠨ ᠪᠠᠶᠢᠴᠠᠭᠠᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠥᠯᠥ ᠭᠥᠯᠢᠶᠡᠨ ᠠᠪᠴᠤ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠬᠢᠨᠠᠨ ᠪᠠᠶᠢᠴᠠᠭᠠᠬᠤ ᠬᠤᠭᠤᠴᠠᠭ᠎ᠠ  ᠨᠢ ᠳᠦᠭᠦᠷᠦᠭᠰᠡᠨ ᠡᠳᠦᠷ ᠠᠴᠠ ᠡᠬᠢᠯᠡᠨ ᠭᠥᠯᠢᠶᠡᠨ ᠠᠪᠴᠤ ᠰᠢᠢᠳᠪᠦᠷᠢᠯᠡᠭᠰᠡᠨ ᠢᠶᠠᠷ ᠪᠤᠳᠤᠨ᠎ᠠ᠃            ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ ᠪᠤᠶᠤ ᠲᠣᠭᠠᠴᠢᠯᠲᠠ ᠨᠢ ᠲᠣᠳᠣᠷᠬᠠᠢ ᠦᠭᠡᠢ ᠪᠠᠶᠢᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠨᠢ ᠲᠣᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠳᠤ ᠨᠡᠶᠢᠴᠡᠬᠦ ᠡᠰᠡᠬᠦ ᠶᠢ ᠮᠠᠭᠠᠳᠯᠠᠬᠤ ᠶᠢᠨ ᠠᠷᠭ᠎ᠠ ᠦᠭᠡᠢ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠥᠬᠦᠪᠦᠷᠢᠯᠡᠨ ᠵᠠᠯᠠᠷᠠᠭᠤᠯᠬᠤ ᠶᠢ ᠪᠢᠴᠢᠭ ᠢᠶᠠᠷ ᠮᠡᠳᠡᠭᠳᠡᠬᠦ ᠬᠡᠷᠡᠭᠲᠡᠢ᠃ ᠨᠥᠬᠦᠪᠦᠷᠢᠯᠡᠨ ᠵᠠᠯᠠᠷᠠᠭᠤᠯᠬᠤ ᠮᠡᠳᠡᠭᠳᠡᠯ ᠳᠤ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠵᠦᠢᠯᠡᠰ ᠢ ᠨᠢᠭᠡ ᠯᠡ ᠤᠳᠠᠭ᠎ᠠ ᠳᠤ ᠲᠣᠳᠣᠷᠬᠠᠢ ᠪᠢᠴᠢᠬᠦ ᠬᠡᠷᠡᠭᠲᠡᠢ᠃            ᠭᠤᠶᠤᠴᠢᠯᠠᠭᠴᠢ ᠨᠥᠬᠦᠪᠦᠷᠢᠯᠡᠨ ᠵᠠᠯᠠᠷᠠᠭᠤᠯᠬᠤ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠨᠥᠬᠦᠪᠦᠷᠢᠯᠡᠨ ᠵᠠᠯᠠᠷᠠᠭᠤᠯᠬᠤ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠵᠦᠢ ᠶᠣᠰᠣᠨ ᠤ ᠰᠢᠯᠲᠠᠭᠠᠨ ᠠᠴᠠ ᠪᠣᠯᠵᠤ ᠬᠤᠭᠤᠴᠠᠭ᠎ᠠ ᠶᠣᠰᠣᠭᠠᠷ ᠨᠥᠬᠦᠪᠦᠷᠢᠯᠡᠨ ᠵᠠᠯᠠᠷᠠᠭᠤᠯᠵᠤ ᠳᠡᠶᠢᠯᠬᠦ ᠦᠭᠡᠢ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠵᠦᠢ ᠵᠣᠬᠢᠰᠲᠠᠢ ᠨᠥᠬᠦᠪᠦᠷᠢᠯᠡᠨ ᠵᠠᠯᠠᠷᠠᠭᠤᠯᠬᠤ ᠬᠤᠭᠤᠴᠠᠭ᠎ᠠ ᠶᠢ ᠤᠷᠲᠤᠳᠬᠠᠵᠤ ᠪᠣᠯᠣᠨ᠎ᠠ᠃ ᠵᠦᠢ ᠶᠣᠰᠣᠨ ᠤ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠦᠷᠢᠯᠡᠨ ᠵᠠᠯᠠᠷᠠᠭᠤᠯᠬᠤ ᠦᠭᠡᠢ ᠪᠠᠶᠢᠪᠠᠯ᠂ ᠭᠤᠶᠤᠴᠢᠯᠠᠭᠴᠢ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠬᠠᠶᠠᠭᠰᠠᠨ ᠢᠶᠠᠷ ᠦᠵᠡᠬᠦ ᠶᠢᠨ ᠬᠠᠮᠲᠤ ᠲᠡᠮᠳᠡᠭᠯᠡᠯ ᠳᠤ ᠲᠡᠮᠳᠡᠭᠯᠡᠨ᠎ᠡ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠨᠥᠬᠦᠪᠦᠷᠢᠯᠡᠨ ᠵᠠᠯᠠᠷᠠᠭᠤᠯᠬᠤ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠲᠣᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃            ᠠᠷᠪᠠᠨ ᠨᠠᠢᠮᠠᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠲᠣᠰ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠨᠢ ᠲᠣᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠭᠤᠶᠤᠴᠢᠯᠠᠯ ᠢ ᠨᠢᠴᠤᠭᠠᠬᠤ ᠪᠠᠷ ᠬᠠᠤᠯᠢ ᠶᠣᠰᠣᠭᠠᠷ ᠲᠣᠭᠲᠠᠭᠠᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ                        ᠬᠤᠶᠠᠳᠤᠭᠠᠷ ᠬᠡᠰᠡᠭ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠦᠯᠬᠦ ᠶᠢ ᠬᠢᠨᠠᠨ ᠰᠢᠭᠦᠬᠦ                        ᠠᠷᠪᠠ ᠶᠢᠰᠦᠳᠦᠭᠡᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠲᠡᠷᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾  ᠶᠢᠨ ᠶᠣᠰᠣᠭᠠᠷ ᠡ᠊ᠩ ᠤᠨ ᠵᠢᠷᠤᠮ ᠪᠤᠶᠤ ᠲᠥᠭᠦᠮ ᠵᠢᠷᠤᠮ ᠢ ᠬᠡᠷᠡᠭᠯᠡᠨ ᠰᠢᠭᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠢ ᠵᠢᠭᠠᠨ ᠲᠣᠭᠲᠠᠭᠠᠵᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠬᠠᠷᠢᠭᠤᠴᠠᠭᠤᠯᠤᠨ ᠰᠢᠢᠳᠪᠦᠷᠢᠯᠡᠭᠦᠯᠬᠦ ᠬᠡᠷᠡᠭᠲᠡᠢ᠃            ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠬᠦ ᠶᠠᠪᠤᠴᠠ ᠳᠤ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃            ᠬᠤᠷᠢᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠬᠠᠤᠯᠢ ᠴᠠᠭᠠᠵᠠ ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠨ ᠰᠢᠢᠳᠪᠦᠷᠢᠯᠡᠨ᠎ᠡ᠃            ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾  ᠶᠢᠨ ᠭᠤᠴᠢ ᠶᠢᠰᠦᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠳᠣᠷᠭᠤᠨ ᠵᠣᠭᠰᠣᠭᠠᠨ᠎ᠠ᠃ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠶᠢ ᠲᠤᠷᠭᠤᠨ ᠵᠣᠭᠰᠣᠭᠠᠭᠰᠠᠨ ᠰᠢᠯᠲᠠᠭᠠᠨ ᠠᠷᠢᠯᠤᠭᠰᠠᠨ ᠤ ᠲᠡᠷᠠᠭ᠎ᠠ᠂ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠡᠷᠡᠭ ᠤᠨ ᠰᠢᠭᠦᠯᠲᠡ ᠶᠢ ᠴᠠᠭ ᠲᠤᠬᠠᠢ ᠳᠤᠨᠢ ᠰᠡᠷᠭᠦᠭᠡᠬᠦ ᠬᠡᠷᠡᠭᠲᠡᠢ᠃            ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠤᠨ ᠰᠢᠭᠦᠯᠲᠡ ᠶᠢ ᠲᠤᠷᠭᠤᠨ ᠵᠣᠭᠰᠤᠭᠠᠬᠤ ᠪᠠ ᠰᠡᠷᠭᠦᠭᠡᠬᠦ ᠳᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠤᠬᠠᠢ ᠶᠢᠨ ᠬᠥᠮᠥᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃            ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾  ᠶᠢᠨ ᠳᠥᠴᠢᠨ ᠨᠢᠭᠡᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠳᠠᠭᠤᠰᠬᠠᠨ᠎ᠠ᠃            ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠭᠦᠢᠴᠡᠳᠬᠡᠬᠦ ᠶᠢ ᠵᠣᠭᠰᠤᠭᠠᠬᠤ ᠦᠭᠡᠢ︔  ᠭᠡᠪᠡᠴᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾  ᠶᠢᠨ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠭᠦᠢᠴᠡᠳᠬᠡᠬᠦ ᠶᠢ ᠵᠣᠭᠰᠤᠭᠠᠬᠤ ᠬᠡᠷᠡᠭᠲᠡᠢ᠃            ᠬᠤᠷᠢᠨ ᠳᠥᠷᠪᠡᠳᠦᠭᠡᠷ ᠵᠦᠢᠯ ᠭᠤᠶᠤᠴᠢᠯᠠᠭᠳᠠᠭᠴᠢ ᠥᠪᠡᠷ ᠤᠨ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠢᠶᠠᠨ ᠬᠠᠤᠯᠢ ᠶᠣᠰᠣᠴᠢ ᠴᠢᠨᠠᠷ᠂ ᠵᠣᠬᠢᠰᠲᠠᠢ ᠴᠢᠨᠠᠷ ᠲᠤ ᠭᠡᠷᠡᠴᠢ ᠳᠤᠷᠠᠳᠬᠤ ᠬᠠᠷᠢᠭᠤᠴᠠᠯᠭ᠎ᠠ ᠲᠠᠢ᠃            ᠳᠠᠷᠠᠭᠠᠬᠢ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠭᠤᠶᠤᠴᠢᠯᠠᠭᠴᠢ ᠭᠡᠷᠡᠴᠢ ᠪᠠᠷᠢᠮᠲᠠ ᠬᠠᠩᠭᠠᠬᠤ ᠬᠡᠷᠡᠭᠲᠡᠢ᠄              ︵ᠨᠢᠭᠡ︶  ᠭᠤᠶᠤᠴᠢᠯᠠᠭᠳᠠᠭᠴᠢ ᠶᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠭᠡᠵᠦ ᠦᠵᠡᠪᠡᠯ᠂ ᠭᠤᠶᠤᠴᠢᠯᠠᠭᠳᠠᠭᠴᠢ ᠶᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦᠯᠬᠦ ᠪᠠᠷ ᠱᠠᠭᠠᠷᠳᠠᠭᠰᠠᠨ ᠭᠡᠷᠡᠴᠢ ᠪᠠᠷᠢᠮᠲᠠ ᠶᠢ ᠬᠠᠩᠭᠠᠨ᠎ᠠ᠂ ᠭᠡᠪᠡᠴᠦ ᠭᠤᠶᠤᠴᠢᠯᠠᠭᠳᠠᠭᠴᠢ ᠨᠢ ᠡᠷᠬᠡ ᠲᠤᠰᠢᠶᠠᠯ ᠤᠨ ᠢᠶᠠᠨ ᠶᠣᠰᠣᠭᠠᠷ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠢ ᠪᠤᠶᠤ ᠭᠤᠶᠤᠴᠢᠯᠠᠭᠴᠢ ᠨᠢ ᠵᠦᠢ ᠶᠣᠰᠣᠨ ᠤ ᠰᠢᠯᠲᠠᠭᠠᠨ ᠠᠴᠠ ᠪᠣᠯᠵᠤ ᠬᠠᠩᠭᠠᠵᠤ ᠴᠢᠳᠠᠬᠤ ᠦᠭᠡᠢ ᠪᠠᠶᠢᠬᠤ ᠨᠢ ᠡᠭᠦᠨ ᠳᠤ ᠪᠠᠭᠲᠠᠬᠤ ᠦᠭᠡᠢ︔              ︵ᠬᠤᠶᠠᠷ︶  ᠵᠠᠰᠠᠭ ᠵᠠᠬᠢᠷᠭᠠᠨ ᠤ ᠲᠥᠯᠥᠪᠦᠷᠢ ᠶᠢᠨ ᠭᠤᠶᠤᠴᠢᠯᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠯᠳᠠᠯᠭ᠎ᠠ ᠳᠤ ᠤᠴᠠᠷᠠᠭᠰᠠᠨ ᠠᠴᠠ ᠪᠣᠯᠤᠭᠰᠠᠨ ᠬᠤᠬᠢᠷᠠᠯ ᠤᠨ ᠭᠡᠷᠡᠴᠢ ᠪᠠᠷᠢᠮᠲᠠ ᠶᠢ ᠬᠠᠩᠭᠠᠨ᠎ᠠ᠂ ᠭᠡᠪᠡᠴᠦ ᠭᠤᠶᠤᠴᠢᠯᠠᠭᠳᠠᠭᠴᠢ ᠶᠢᠨ ᠰᠢᠯᠲᠠᠭᠠᠨ ᠠᠴᠠ ᠪᠣᠯᠵᠤ ᠭᠤᠶᠤᠴᠢᠯᠠᠭᠴᠢ ᠭᠡᠷᠡᠴᠢ ᠳᠤᠷᠠᠳᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠭᠤᠶᠤᠴᠢᠯᠠᠭᠳᠠᠭᠴᠢ ᠭᠡᠷᠡᠴᠢ ᠳᠤᠷᠠᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔              ︵ᠭᠤᠷᠪᠠ︶  ᠬᠠᠤᠯᠢ ᠴᠠᠭᠠᠵᠠ᠂ ᠬᠠᠤᠯᠢ ᠲᠣᠭᠲᠠᠭᠠᠯ ᠳᠤ ᠭᠤᠶᠤᠴᠢᠯᠠᠭᠴᠢ ᠪᠠᠷ ᠭᠡᠷᠡᠴᠢ ᠪᠠᠷᠢᠮᠲᠠ ᠬᠠᠩᠭᠠᠯᠭᠠᠬᠤ ᠴᠢᠬᠤᠯᠠᠲᠠᠢ ᠭᠡᠵᠦ ᠲᠣᠭᠲᠠᠭᠠᠭᠰᠠᠨ ᠪᠤᠰᠤᠳ ᠪᠠᠶᠢᠳᠠᠯ᠃            ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠪᠠᠶᠢᠭᠤᠯᠤᠮᠵᠢ ᠠᠴᠠ ᠬᠢᠨᠠᠨ ᠪᠠᠶᠢᠴᠠᠭᠠᠭᠠᠳ ᠦᠨᠡᠨ ᠮᠠᠭᠠᠳ ᠪᠠᠶᠢᠪᠠᠯ ᠰᠠᠶ᠋ᠢ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠦᠨᠳᠦᠰᠦ ᠪᠠᠷᠢᠮᠲᠠ ᠪᠣᠯᠭᠠᠵᠤ ᠪᠣᠯᠣᠨ᠎ᠠ᠃            ᠬᠤᠷᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠭᠤᠶᠤᠴᠢᠯᠠᠭᠳᠠᠭᠴᠢ  ᠨᠢ ᠥᠪᠡᠷ ᠢᠶᠠᠨ ᠭᠤᠶᠤᠴᠢᠯᠠᠭᠴᠢ ᠪᠠ ᠪᠤᠰᠤᠳ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠥᠨ ᠠᠴᠠ ᠭᠡᠷᠡᠴᠢ ᠪᠠᠷᠢᠮᠲᠠ ᠴᠤᠭᠯᠠᠭᠤᠯᠵᠤ ᠪᠣᠯᠬᠤ ᠦᠭᠡᠢ︔  ᠥᠪᠡᠷᠲᠡᠭᠡᠨ ᠴᠤᠭᠯᠠᠭᠤᠯᠤᠭᠰᠠᠨ ᠭᠡᠷᠡᠴᠢ ᠪᠠᠷᠢᠮᠲᠠ ᠶᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ᠂ ᠵᠣᠬᠢᠰᠲᠠᠢ ᠴᠢᠨᠠᠷ ᠢ ᠮᠠᠭᠠᠳᠯᠠᠨ ᠲᠣᠭᠲᠠᠭᠠᠬᠤ ᠦᠨᠳᠦᠰᠦᠯᠡᠯ ᠪᠣᠯᠭᠠᠬᠤ ᠦᠭᠡᠢ᠃            ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠭᠤᠶᠤᠴᠢᠯᠠᠭᠴᠢ ᠪᠤᠶᠤ ᠭᠤᠷᠪᠠᠳᠠᠭᠢ ᠬᠥᠮᠥᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠳᠤᠷᠠᠳᠬᠤ ᠳᠠᠭᠠᠨ ᠳᠤᠷᠠᠳᠤᠭᠰᠠᠨ ᠤᠴᠢᠷ ᠰᠢᠯᠲᠠᠭᠠᠨ ᠪᠤᠶᠤ ᠭᠡᠷᠡᠴᠢ ᠪᠠᠷᠢᠮᠲᠠ ᠶᠢ ᠳᠤᠷᠠᠳᠤᠭᠰᠠᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠪᠠᠷ ᠵᠥᠪᠰᠢᠶᠡᠷᠡᠭᠦᠯᠦᠭᠡᠳ ᠭᠤᠶᠤᠴᠢᠯᠠᠭᠳᠠᠭᠴᠢ ᠭᠡᠷᠡᠴᠢ ᠪᠠᠷᠢᠮᠲᠠ ᠪᠠᠨ ᠨᠥᠬᠦᠪᠦᠷᠢᠯᠡᠵᠦ ᠪᠣᠯᠣᠨ᠎ᠠ᠃            ᠬᠤᠷᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠭᠤᠶᠤᠴᠢᠯᠠᠭᠴᠢ᠂ ᠭᠤᠷᠪᠠᠳᠠᠭᠢ ᠬᠥᠮᠥᠨ ᠵᠢᠴᠢ ᠲᠡᠭᠦᠨ ᠤ ᠨᠠᠶᠢᠳᠠᠭᠰᠠᠨ ᠣᠷᠣᠯᠠᠭᠴᠢ ᠲᠣᠭᠲᠠᠭᠠᠯ ᠶᠣᠰᠣᠭᠠᠷ ᠭᠤᠶᠤᠴᠢᠯᠠᠭᠳᠠᠭᠴᠢ ᠶᠢᠨ ᠳᠤᠷᠠᠳᠤᠭᠰᠠᠨ ᠪᠢᠴᠢᠭ ᠤᠨ ᠬᠠᠷᠢᠭᠤᠯᠲᠠ᠂ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠬᠢᠭᠰᠡᠨ ᠭᠡᠷᠡᠴᠢ ᠪᠠᠷᠢᠮᠲᠠ᠂ ᠦᠨᠳᠦᠰᠦ ᠪᠠᠷᠢᠮᠲᠠ ᠪᠠ ᠬᠤᠯᠪᠣᠭᠳᠠᠯ ᠪᠦᠬᠦᠢ ᠪᠤᠰᠤᠳ ᠮᠠᠲ᠋ᠧᠷᠢᠶᠠᠯ ᠢ ᠪᠠᠶᠢᠴᠠᠭᠠᠨ ᠦᠵᠡᠵᠦ᠂ ᠪᠠᠭᠤᠯᠭᠠᠨ ᠠᠪᠴᠤ ᠬᠡᠷᠡᠭᠵᠢᠭᠦᠯᠦᠨ᠎ᠡ᠂ ᠡᠭᠦᠨ ᠳᠤ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠳᠤ ᠬᠤᠯᠪᠣᠭᠳᠠᠬᠤ ᠪᠤᠶᠤ ᠤᠯᠤᠰ ᠤᠨ ᠠᠮᠤᠷ ᠲᠦᠪᠰᠢᠨ᠂ ᠤᠯᠡᠠ ᠨᠡᠶᠢᠲᠡ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠠᠶᠤᠯ ᠤᠴᠠᠷᠠᠭᠤᠯᠵᠤ ᠮᠡᠳᠡᠬᠦ ᠪᠠᠶᠢᠳᠠᠯ ᠢ ᠭᠠᠷᠭᠠᠪᠠᠯ᠂ ᠵᠠᠰᠠᠭ ᠵᠠᠬᠢᠷᠭᠠᠨ ᠤ ᠲᠡᠬᠢᠠ ᠵᠥᠪᠯᠡᠬᠦ ᠪᠠᠶᠢᠭᠤᠯᠤᠮᠵᠢ ᠵᠥᠪᠰᠢᠶᠡᠷᠡᠬᠦ ᠬᠡᠷᠡᠭᠲᠡᠢ᠃            ᠬᠤᠷᠢᠨ ᠳᠣᠯᠣᠳᠤᠭᠠᠷ ᠵᠦᠢᠯ ᠡᠩ ᠤᠨ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠲᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠪᠤᠶᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠲᠡᠮᠳᠡᠭᠯᠡᠯ ᠤᠨ ᠪᠠᠭᠤᠯᠭᠠᠪᠤᠷᠢ ᠶᠢ ᠲᠣᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠳᠠᠭᠠᠭᠠᠨ ᠭᠦᠢᠴᠡᠳᠬᠡᠬᠦ ᠵᠤᠷᠭᠠᠨ ᠲᠣᠪᠴᠢᠶ᠎ᠠ ︵  ᠨᠢᠭᠡᠴᠢ︶  ᠪᠤᠶᠤ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠳᠤ ᠶᠠᠪᠤᠭᠤᠯᠬᠤ ᠬᠡᠷᠡᠭᠲᠡᠢ᠃ ᠬᠤᠯᠪᠣᠭᠳᠠᠯ ᠪᠦᠬᠦᠢ ᠳᠠᠭᠠᠭᠠᠨ ᠭᠦᠢᠴᠡᠳᠬᠡᠬᠦ ᠵᠤᠷᠭᠠᠨ ᠲᠣᠪᠴᠢᠶ᠎ᠠ ︵  ᠨᠢᠭᠡᠴᠢ︶  ᠪᠤᠶᠤ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠪᠤᠶᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠲᠡᠮᠳᠡᠭᠯᠡᠯ ᠤᠨ ᠪᠠᠭᠤᠯᠭᠠᠪᠤᠷᠢ ᠶᠢ ᠣᠯᠣᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠪᠢᠴᠢᠭ ᠢᠶᠠᠷ ᠬᠠᠷᠢᠭᠤᠯᠲᠠ ᠥᠭᠴᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢᠨ ᠬᠠᠷᠢᠭᠤᠯᠲᠠ ᠶᠢᠨ ᠪᠢᠴᠢᠭ ᠢ ᠵᠣᠬᠢᠶᠠᠬᠤ ᠶᠢᠨ ᠬᠠᠮᠲᠤ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠬᠢᠭᠰᠡᠨ ᠭᠡᠷᠡᠴᠢ ᠪᠠᠷᠢᠮᠲᠠ᠂ ᠦᠨᠳᠦᠰᠦ ᠪᠠᠷᠢᠮᠲᠠ ᠪᠠ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠰᠢᠭᠤᠳ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠬᠦᠷᠭᠡᠬᠦ ᠬᠡᠷᠡᠭᠲᠡᠢ᠃            ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠬᠠᠷᠢᠭᠤ ᠣᠯᠭᠤᠬᠤ ᠪᠢᠴᠢᠭ ᠲᠤ ᠳᠣᠣᠷᠠᠬᠢ ᠵᠦᠢᠯᠡᠰ ᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠄              ︵ᠨᠢᠭᠡ︶  ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠣᠳᠠᠲᠤ ᠬᠡᠷᠡᠭ ᠤᠨ ᠦᠨᠳᠦᠰᠦ ᠪᠠᠷᠢᠮᠲᠠ ᠵᠢᠴᠢ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ︔              ︵ᠬᠤᠶᠠᠷ︶  ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠬᠦ ᠳᠤ ᠦᠨᠳᠦᠰᠦ ᠪᠠᠷᠢᠮᠲᠠ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠪᠣᠳᠠᠲᠠᠢ ᠵᠦᠢᠯ ᠵᠤᠷᠪᠤᠰ︔              ︵ᠭᠤᠷᠪᠠ︶  ᠭᠤᠶᠤᠴᠢᠯᠠᠭᠴᠢ ᠶᠢᠨ ᠲᠠᠬᠢᠨ ᠵᠥᠪᠯᠡᠭᠦᠯᠬᠦ ᠪᠣᠳᠠᠲᠠᠢ ᠭᠤᠶᠤᠴᠢᠯᠠᠯ ᠤᠨ ᠲᠤᠬᠠᠢ ᠰᠠᠨᠠᠯ ᠪᠠ ᠤᠴᠢᠷ ᠰᠢᠯᠲᠠᠭᠠᠨ︔              ︵ᠳᠥᠷᠪᠡ︶  ᠬᠠᠷᠢᠭᠤᠯᠲᠠ ᠥᠭᠭᠦᠭᠰᠡᠨ ᠡᠳᠦᠷ ᠬᠤᠭᠤᠴᠠᠭ᠎ᠠ᠃            ᠳᠡᠪᠰᠢᠭᠦᠯᠦᠨ ᠲᠤᠰᠢᠶᠠᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠲᠦᠷᠦᠯ ᠬᠤᠪᠢᠶᠠᠨ ᠳ᠋ᠤᠭᠠᠷᠯᠠᠬᠤ ᠬᠡᠷᠡᠭᠲᠡᠢ ᠪᠥᠭᠡᠳ ᠭᠡᠷᠡᠴᠢ ᠪᠠᠷᠢᠮᠲᠠ ᠶᠢᠨ ᠮᠠᠲ᠋ᠧᠷᠢᠶᠠᠯ ᠤᠨ ᠢᠷᠡᠯᠲᠡ᠂ ᠭᠡᠷᠡᠴᠢᠯᠡᠬᠦ ᠡᠳᠡᠬᠡᠳ ᠪᠠ ᠠᠭᠤᠯᠭ᠎ᠠ ᠶᠢ ᠲᠦᠭᠦᠮ ᠢᠶᠠᠷ ᠲᠣᠳᠣᠷᠬᠠᠶᠢᠯᠠᠬᠤ ᠬᠡᠷᠡᠭᠲᠡᠢ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠮᠢᠶᠠᠷᠴᠤ ᠪᠠᠶᠢᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠭᠤᠶᠤᠴᠢᠯᠠᠭᠳᠠᠭᠴᠢ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢᠨ ᠬᠠᠷᠢᠭᠤ ᠣᠯᠭᠤᠬᠤ ᠪᠢᠴᠢᠭ ᠲᠤ ᠪᠠᠰᠠ ᠭᠤᠶᠤᠴᠢᠯᠠᠭᠳᠠᠭᠴᠢ ᠶᠢᠨ ᠨᠡᠷᠡᠶᠢᠳᠦᠯ᠂ ᠬᠠᠶ᠋ᠢᠭ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ᠂ ᠲᠤᠰᠢᠶᠠᠯ ᠢ ᠲᠣᠳᠣᠷᠬᠠᠢ ᠪᠢᠴᠢᠬᠦ ᠬᠡᠷᠡᠭᠲᠡᠢ᠃                        ᠬᠤᠷᠢᠨ ᠳᠣᠯᠣᠳᠤᠭᠠᠷ ᠵᠦᠢᠯ ᠡᠩ ᠤᠨ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠲᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠪᠤᠶᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠲᠡᠮᠳᠡᠭᠯᠡᠯ ᠤᠨ ᠪᠠᠭᠤᠯᠭᠠᠪᠤᠷᠢ ᠶᠢ ᠲᠣᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠳᠠᠭᠠᠭᠠᠨ ᠭᠦᠢᠴᠡᠳᠬᠡᠬᠦ ᠵᠤᠷᠭᠠᠨ ᠲᠣᠪᠴᠢᠶ᠎ᠠ ︵  ᠨᠢᠭᠡᠴᠢ︶  ᠪᠤᠶᠤ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠳᠤ ᠶᠠᠪᠤᠭᠤᠯᠬᠤ ᠬᠡᠷᠡᠭᠲᠡᠢ᠃ ᠬᠤᠯᠪᠣᠭᠳᠠᠯ ᠪᠦᠬᠦᠢ ᠳᠠᠭᠠᠭᠠᠨ ᠭᠦᠢᠴᠡᠳᠬᠡᠬᠦ ᠵᠤᠷᠭᠠᠨ ᠲᠣᠪᠴᠢᠶ᠎ᠠ ︵  ᠨᠢᠭᠡᠴᠢ︶  ᠪᠤᠶᠤ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠪᠤᠶᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠲᠡᠮᠳᠡᠭᠯᠡᠯ ᠤᠨ ᠪᠠᠭᠤᠯᠭᠠᠪᠤᠷᠢ ᠶᠢ ᠣᠯᠣᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠪᠢᠴᠢᠭ ᠢᠶᠠᠷ ᠬᠠᠷᠢᠭᠤᠯᠲᠠ ᠥᠭᠴᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢᠨ ᠬᠠᠷᠢᠭᠤᠯᠲᠠ ᠶᠢᠨ ᠪᠢᠴᠢᠭ ᠢ ᠵᠣᠬᠢᠶᠠᠬᠤ ᠶᠢᠨ ᠬᠠᠮᠲᠤ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠬᠢᠭᠰᠡᠨ ᠭᠡᠷᠡᠴᠢ ᠪᠠᠷᠢᠮᠲᠠ᠂ ᠦᠨᠳᠦᠰᠦ ᠪᠠᠷᠢᠮᠲᠠ ᠪᠠ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠰᠢᠭᠤᠳ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠬᠦᠷᠭᠡᠬᠦ ᠬᠡᠷᠡᠭᠲᠡᠢ᠃            ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠬᠠᠷᠢᠭᠤ ᠣᠯᠭᠤᠬᠤ ᠪᠢᠴᠢᠭ ᠲᠤ ᠳᠣᠣᠷᠠᠬᠢ ᠵᠦᠢᠯᠡᠰ ᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠄              ︵ᠨᠢᠭᠡ︶  ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠣᠳᠠᠲᠤ ᠬᠡᠷᠡᠭ ᠤᠨ ᠦᠨᠳᠦᠰᠦ ᠪᠠᠷᠢᠮᠲᠠ ᠵᠢᠴᠢ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ︔              ︵ᠬᠤᠶᠠᠷ︶  ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠬᠦ ᠳᠤ ᠦᠨᠳᠦᠰᠦ ᠪᠠᠷᠢᠮᠲᠠ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠪᠣᠳᠠᠲᠠᠢ ᠵᠦᠢᠯ ᠵᠤᠷᠪᠤᠰ︔              ︵ᠭᠤᠷᠪᠠ︶  ᠭᠤᠶᠤᠴᠢᠯᠠᠭᠴᠢ ᠶᠢᠨ ᠲᠠᠬᠢᠨ ᠵᠥᠪᠯᠡᠭᠦᠯᠬᠦ ᠪᠣᠳᠠᠲᠠᠢ ᠭᠤᠶᠤᠴᠢᠯᠠᠯ ᠤᠨ ᠲᠤᠬᠠᠢ ᠰᠠᠨᠠᠯ ᠪᠠ ᠤᠴᠢᠷ ᠰᠢᠯᠲᠠᠭᠠᠨ︔              ︵ᠳᠥᠷᠪᠡ︶  ᠬᠠᠷᠢᠭᠤᠯᠲᠠ ᠥᠭᠭᠦᠭᠰᠡᠨ ᠡᠳᠦᠷ ᠬᠤᠭᠤᠴᠠᠭ᠎ᠠ᠃            ᠳᠡᠪᠰᠢᠭᠦᠯᠦᠨ ᠲᠤᠰᠢᠶᠠᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠲᠦᠷᠦᠯ ᠬᠤᠪᠢᠶᠠᠨ ᠳ᠋ᠤᠭᠠᠷᠯᠠᠬᠤ ᠬᠡᠷᠡᠭᠲᠡᠢ ᠪᠥᠭᠡᠳ ᠭᠡᠷᠡᠴᠢ ᠪᠠᠷᠢᠮᠲᠠ ᠶᠢᠨ ᠮᠠᠲ᠋ᠧᠷᠢᠶᠠᠯ ᠤᠨ ᠢᠷᠡᠯᠲᠡ᠂ ᠭᠡᠷᠡᠴᠢᠯᠡᠬᠦ ᠡᠳᠡᠬᠡᠳ ᠪᠠ ᠠᠭᠤᠯᠭ᠎ᠠ ᠶᠢ ᠲᠦᠭᠦᠮ ᠢᠶᠠᠷ ᠲᠣᠳᠣᠷᠬᠠᠶᠢᠯᠠᠬᠤ ᠬᠡᠷᠡᠭᠲᠡᠢ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠮᠢᠶᠠᠷᠴᠤ ᠪᠠᠶᠢᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠭᠤᠶᠤᠴᠢᠯᠠᠭᠳᠠᠭᠴᠢ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢᠨ ᠬᠠᠷᠢᠭᠤ ᠣᠯᠭᠤᠬᠤ ᠪᠢᠴᠢᠭ ᠲᠤ ᠪᠠᠰᠠ ᠭᠤᠶᠤᠴᠢᠯᠠᠭᠳᠠᠭᠴᠢ ᠶᠢᠨ ᠨᠡᠷᠡᠶᠢᠳᠦᠯ᠂ ᠬᠠᠶ᠋ᠢᠭ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ᠂ ᠲᠤᠰᠢᠶᠠᠯ ᠢ ᠲᠣᠳᠣᠷᠬᠠᠢ ᠪᠢᠴᠢᠬᠦ ᠬᠡᠷᠡᠭᠲᠡᠢ᠃            ᠬᠤᠷᠢᠨ ᠨᠠᠢᠮᠠᠳᠤᠭᠠᠷ ᠵᠦᠢᠯ ᠡᠩ ᠤᠨ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠲᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠨᠢᠭᠤᠷᠲᠠᠨ ᠪᠤᠶᠤ ᠢᠨᠲ᠋ᠧᠷ ᠰᠦᠯᠵᠢᠶ᠎ᠡ᠂ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ ᠬᠥᠮᠥᠨ ᠤ ᠰᠠᠨᠠᠯ ᠢ ᠰᠣᠨᠣᠰᠬᠤ ᠶᠢᠨ ᠬᠠᠮᠲᠤ᠂ ᠰᠣᠨᠣᠰᠤᠭᠰᠠᠨ ᠰᠠᠨᠠᠯ ᠢᠶᠠᠨ ᠲᠡᠮᠳᠡᠭᠯᠡᠨ ᠳᠠᠩᠰᠠᠯᠠᠬᠤ ᠬᠡᠷᠡᠭᠲᠡᠢ᠃ ᠲᠤᠬᠠᠢ ᠶᠢᠨ ᠬᠥᠮᠥᠨ ᠤ ᠰᠢᠯᠲᠠᠭᠠᠨ ᠠᠴᠠ ᠪᠣᠯᠵᠤ ᠰᠠᠨᠠᠯ ᠰᠣᠨᠣᠰᠴᠤ ᠴᠢᠳᠠᠬᠤ ᠦᠭᠡᠢ ᠪᠣᠯ ᠪᠢᠴᠢᠭ ᠢᠶᠠᠷ ᠰᠢᠭᠦᠵᠦ ᠪᠣᠯᠣᠨ᠎ᠠ᠃            ᠬᠤᠷᠢ ᠶᠢᠰᠦᠳᠦᠭᠡᠷ ᠵᠦᠢᠯ ᠴᠢᠬᠤᠯᠠ ᠶᠡᠭᠡ᠂ ᠬᠦᠴᠢᠷ ᠲᠦᠪᠡᠭᠲᠡᠢ᠂ ᠨᠠᠷᠢᠨ ᠪᠤᠳᠤᠯᠢᠶᠠᠨᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠨ ᠰᠢᠢᠳᠪᠦᠷᠢᠯᠡᠬᠦ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠡᠷᠡᠴᠢᠯᠡᠭᠡ ᠰᠣᠨᠣᠰᠬᠤ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠡᠢ᠃            ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠡᠷᠡᠴᠢᠯᠡᠭᠡ ᠰᠣᠨᠣᠰᠬᠤ ᠴᠢᠬᠤᠯᠠᠲᠠᠢ ᠭᠡᠵᠦ ᠦᠵᠡᠭᠰᠡᠨ ᠪᠤᠶᠤ ᠭᠤᠶᠤᠴᠢᠯᠠᠭᠴᠢ ᠨᠢ ᠭᠡᠷᠡᠴᠢᠯᠡᠭᠡ ᠰᠣᠨᠣᠰᠬᠤ ᠪᠠᠷ ᠭᠤᠶᠤᠴᠢᠯᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠵᠤ ᠪᠣᠯᠣᠨ᠎ᠠ᠃            ᠭᠤᠶᠤᠴᠢᠯᠠᠭᠴᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠭᠡᠷᠡᠴᠢᠯᠡᠭᠡ ᠰᠣᠨᠣᠰᠬᠤ ᠳᠤ ᠣᠷᠣᠯᠴᠠᠬᠤ ᠶᠢ ᠲᠡᠪᠴᠢᠭᠰᠡᠨ ᠪᠠᠶᠢᠪᠠᠯ᠂ ᠭᠡᠷᠡᠴᠢᠯᠡᠭᠡ ᠰᠣᠨᠣᠰᠬᠤ ᠡᠷᠬᠡ ᠠᠴᠠ ᠲᠠᠲᠠᠭᠠᠯᠵᠠᠭᠰᠠᠨ ᠢᠶᠠᠷ ᠦᠵᠡᠨ᠎ᠡ᠃            ᠭᠤᠶᠤᠴᠢᠯᠠᠭᠳᠠᠭᠴᠢ ᠶᠢᠨ ᠬᠠᠷᠢᠭᠤᠴᠠᠯᠭᠠᠲᠠᠨ ᠨᠢ ᠰᠠᠨᠠᠯ ᠰᠣᠨᠣᠰᠤᠯᠲᠠ ᠳᠤ ᠣᠷᠣᠯᠴᠠᠬᠤ ᠬᠡᠷᠡᠭᠲᠡᠢ᠃ ᠣᠷᠣᠯᠴᠠᠵᠤ ᠳᠡᠶᠢᠯᠬᠦ ᠦᠭᠡᠢ ᠪᠠᠶᠢᠪᠠᠯ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ ᠪᠥᠭᠡᠳ ᠵᠣᠬᠢᠴᠠᠩᠭᠤᠢ ᠠᠵᠢᠯᠲᠠᠨ ᠳᠤ ᠨᠠᠶᠢᠳᠠᠵᠤ ᠭᠡᠷᠡᠴᠢᠯᠡᠭᠡ ᠰᠣᠨᠣᠰᠬᠤ ᠳᠤ ᠣᠷᠣᠯᠴᠠᠭᠤᠯᠬᠤ ᠬᠡᠷᠡᠭᠲᠡᠢ᠃            ᠭᠤᠴᠢᠳᠤᠭᠠᠷ ᠵᠦᠢᠯ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠤᠭᠰᠠᠨ ᠪᠠᠶᠢᠪᠠᠯ᠂ ᠳᠣᠣᠷᠠᠬᠢ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠄              ︵  ᠨᠢᠭᠡ︶  ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠡᠷᠡᠴᠢᠯᠡᠭᠡ ᠰᠣᠨᠣᠰᠬᠤ ᠠᠴᠠ 5 ᠡᠳᠦᠷ ᠤᠨ ᠡᠮᠦᠨ᠎ᠡ ᠭᠡᠷᠡᠴᠢᠯᠡᠭᠡ ᠰᠣᠨᠣᠰᠬᠤ ᠴᠠᠭ᠂ ᠭᠠᠵᠠᠷ ᠪᠣᠯᠣᠨ ᠭᠡᠷᠡᠴᠢᠯᠡᠭᠡ ᠰᠣᠨᠣᠰᠬᠤ ᠪᠠᠷ ᠪᠠᠶᠢᠭ᠎ᠠ ᠵᠦᠢᠯᠡᠰ ᠵᠡᠷᠭᠡ ᠪᠠᠨ ᠲᠤᠬᠠᠢ ᠶᠢᠨ ᠬᠥᠮᠥᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ︔              ︵  ᠬᠤᠶᠠᠷ︶  ᠭᠡᠷᠡᠴᠢᠯᠡᠭᠡ ᠰᠣᠨᠣᠰᠬᠤ ᠳᠤ ᠨᠢᠭᠡ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠬᠤᠶᠠᠷ ᠠᠴᠠ ᠳᠡᠭᠡᠭᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠭᠡᠷᠡᠴᠢᠯᠡᠭᠡ ᠰᠣᠨᠣᠰᠤᠭᠴᠢ ᠶᠢᠨ ᠲᠤᠰᠢᠶᠠᠯ ᠢ ᠡᠭᠦᠷᠭᠡᠯᠡᠵᠦ᠂ ᠨᠢᠭᠡ ᠲᠡᠮᠳᠡᠭᠯᠡᠭᠴᠢ ᠭᠡᠷᠡᠴᠢᠯᠡᠭᠡ ᠰᠣᠨᠣᠰᠤᠭᠰᠠᠨ ᠲᠡᠮᠳᠡᠭᠯᠡᠯ ᠬᠢᠨ᠎ᠡ︔              ︵ᠭᠤᠷᠪᠠ︶  ᠭᠡᠷᠡᠴᠢᠯᠡᠭᠡ ᠰᠣᠨᠣᠰᠬᠤ ᠦᠶ᠎ᠡ ᠳᠤ᠂ ᠭᠤᠶᠤᠴᠢᠯᠠᠭᠳᠠᠭᠴᠢ ᠪᠢᠴᠢᠭ ᠤᠨ ᠬᠠᠷᠢᠭᠤᠯᠲᠠ ᠵᠢᠴᠢ ᠬᠤᠯᠪᠣᠭᠳᠠᠯ ᠪᠦᠬᠦᠢ ᠭᠡᠷᠡᠴᠢ ᠪᠠᠷᠢᠮᠲᠠ᠂ ᠦᠨᠳᠦᠰᠦ ᠪᠠᠷᠢᠮᠲᠠ ᠵᠡᠷᠭᠡ ᠮᠠᠲ᠋ᠧᠷᠢᠶᠠᠯ ᠢ ᠬᠠᠩᠭᠠᠵᠤ᠂ ᠲᠡᠭᠦᠨ ᠤ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ᠂ ᠵᠣᠬᠢᠰᠲᠠᠢ ᠴᠢᠨᠠᠷ ᠢ ᠭᠡᠷᠡᠴᠢᠯᠡᠬᠦ ᠬᠡᠷᠡᠭᠲᠡᠢ᠂ ᠭᠤᠶᠤᠴᠢᠯᠠᠭᠴᠢ᠂ ᠭᠤᠷᠪᠠᠳᠠᠭᠢ ᠬᠥᠮᠥᠨ ᠭᠡᠷᠡᠴᠢ ᠪᠠᠷᠢᠮᠲᠠ ᠳᠤᠷᠠᠳᠤᠨ ᠵᠥᠪᠲᠥᠭᠡᠨ ᠲᠣᠳᠣᠷᠬᠠᠶᠢᠯᠠᠬᠤ ᠪᠠ ᠲᠤᠯᠭᠠᠨ ᠭᠡᠷᠡᠴᠢᠯᠡᠵᠦ ᠪᠣᠯᠣᠨ᠎ᠠ︔              ︵ᠳᠥᠷᠪᠡ︶  ᠰᠠᠨᠠᠯ ᠰᠣᠨᠣᠰᠤᠯᠲᠠ ᠶᠢᠨ ᠲᠡᠮᠳᠡᠭᠯᠡᠯ ᠨᠢ ᠰᠠᠨᠠᠯ ᠰᠣᠨᠣᠰᠤᠯᠲᠠ ᠳᠤ ᠣᠷᠣᠯᠴᠠᠭᠰᠠᠳ ᠢᠶᠠᠷ ᠪᠤᠷᠤᠭᠤ ᠦᠭᠡᠢ ᠭᠡᠵᠦ ᠨᠤᠲᠠᠯᠠᠭᠤᠯᠤᠭᠰᠠᠨ ᠤ ᠲᠠᠷᠠᠭ᠎ᠠ ᠭᠠᠷ ᠤᠨ ᠦᠰᠦᠭ ᠵᠢᠷᠤᠭᠤᠯᠬᠤ ᠪᠤᠶᠤ ᠲᠠᠮᠠᠭ᠎ᠠ ᠳᠠᠷᠤᠭᠤᠯᠬᠤ ᠬᠡᠷᠡᠭᠲᠡᠢ᠃            ᠭᠤᠴᠢᠨ ᠨᠢᠭᠡᠳᠦᠭᠡᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠠᠷᠠᠭᠠᠬᠢ ᠬᠡᠳᠦᠨ ᠲᠠᠯ᠎ᠠ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠬᠦ ᠳᠡᠭᠡᠨ ᠪᠣᠳᠠᠲᠤ ᠶᠠᠪᠤᠳᠠᠯ ᠨᠢ ᠲᠣᠳᠣᠷᠬᠠᠢ᠂ ᠡᠷᠬᠡ ᠡᠭᠦᠷᠭᠡ ᠶᠢᠨ ᠬᠠᠷᠢᠴᠠᠭ᠎ᠠ ᠨᠢ ᠲᠣᠳᠣᠷᠬᠠᠢ᠂ ᠮᠠᠷᠭᠤᠯᠳᠤᠭᠠᠨ ᠨᠢ ᠶᠡᠭᠡ ᠪᠢᠰᠢ ᠭᠡᠵᠦ ᠦᠵᠡᠪᠡᠯ᠂ ᠲᠥᠬᠦᠮ ᠵᠢᠷᠤᠮ ᠢ ᠬᠡᠷᠡᠭᠯᠡᠵᠦ ᠪᠣᠯᠣᠨ᠎ᠠ᠄              ︵  ᠨᠢᠭᠡ︶  ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠲᠤᠬᠠᠢ ᠶᠢᠨ ᠲᠠᠯᠠᠪᠤᠷ ᠲᠤᠨᠢ ᠬᠢᠭᠰᠡᠨ ᠪᠠᠶᠢᠬᠤ︔              ︵  ᠬᠤᠶᠠᠷ︶  ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠨᠢ ᠳᠣᠩᠭᠤᠳᠬᠤ ᠪᠤᠶᠤ ᠵᠠᠷᠯᠠᠨ ᠰᠢᠭᠦᠮᠵᠢᠯᠡᠬᠦ︔              ︵ᠭᠤᠷᠪᠠ︶  ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠭᠤᠷᠪᠠᠨ ᠮᠢᠩᠭᠠᠨ ᠲᠥᠭᠦᠷᠢᠭ ᠠᠴᠠ ᠳᠣᠭᠤᠭᠰᠢ ᠪᠠᠶᠢᠬᠤ︔              ︵  ᠳᠥᠷᠪᠡ︶  ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠭᠰᠠᠨ ᠬᠡᠷᠡᠭ ᠲᠤ ᠲᠣᠭᠠᠴᠠᠭᠳᠠᠨ᠎ᠠ᠃            ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨᠠᠬᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠲᠤ ᠲᠤᠬᠠᠢ ᠶᠢᠨ ᠬᠥᠮᠥᠨ ᠤ ᠡᠯ᠎ᠡ ᠲᠠᠯ᠎ᠠ ᠶᠢᠨ ᠬᠢᠨ ᠳᠦᠭᠦᠮ ᠵᠢᠷᠤᠮ ᠢ ᠬᠡᠷᠡᠭᠯᠡᠬᠦ ᠶᠢ ᠵᠥᠪᠰᠢᠶᠡᠷᠡᠭᠰᠡᠨ ᠪᠠᠶᠢᠪᠠᠯ᠂ ᠳᠦᠭᠦᠮ ᠵᠢᠷᠤᠮ ᠢ ᠬᠡᠷᠡᠭᠯᠡᠵᠦ ᠪᠣᠯᠣᠨ᠎ᠠ᠃            ᠲᠥᠬᠦᠮ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠲᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 3 ᠡᠳᠦᠷ ᠤᠨ ᠳᠣᠲᠣᠷ᠎ᠠ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠪᠤᠶᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠲᠡᠮᠳᠡᠭᠯᠡᠯ ᠤᠨ ᠪᠠᠭᠤᠯᠭᠠᠪᠤᠷᠢ ᠶᠢ ᠲᠣᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠳᠠᠭᠠᠭᠠᠨ ᠭᠦᠢᠴᠡᠳᠬᠡᠬᠦ ᠵᠤᠷᠭᠠᠨ ᠲᠣᠪᠴᠢᠶ᠎ᠠ ︵  ᠨᠢᠭᠡᠴᠢ︶  ᠪᠤᠶᠤ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠳᠤ ᠶᠠᠪᠤᠭᠤᠯᠬᠤ ᠬᠡᠷᠡᠭᠲᠡᠢ᠃ ᠬᠤᠯᠪᠣᠭᠳᠠᠯ ᠪᠦᠬᠦᠢ ᠳᠠᠭᠠᠭᠠᠨ ᠭᠦᠢᠴᠡᠳᠬᠡᠬᠦ ᠵᠤᠷᠭᠠᠨ ᠲᠣᠪᠴᠢᠶ᠎ᠠ ︵  ᠨᠢᠭᠡᠴᠢ︶  ᠪᠤᠶᠤ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠪᠤᠶᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠲᠡᠮᠳᠡᠭᠯᠡᠯ ᠤᠨ ᠪᠠᠭᠤᠯᠭᠠᠪᠤᠷᠢ ᠶᠢ ᠣᠯᠣᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠪᠢᠴᠢᠭ ᠢᠶᠠᠷ ᠬᠠᠷᠢᠭᠤᠯᠲᠠ ᠥᠭᠴᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢᠨ ᠬᠠᠷᠢᠭᠤᠯᠲᠠ ᠶᠢᠨ ᠪᠢᠴᠢᠭ ᠢ ᠵᠣᠬᠢᠶᠠᠬᠤ ᠶᠢᠨ ᠬᠠᠮᠲᠤ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠬᠢᠭᠰᠡᠨ ᠭᠡᠷᠡᠴᠢ ᠪᠠᠷᠢᠮᠲᠠ᠂ ᠦᠨᠳᠦᠰᠦ ᠪᠠᠷᠢᠮᠲᠠ ᠪᠠ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠰᠢᠭᠤᠳ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠬᠦᠷᠭᠡᠬᠦ ᠬᠡᠷᠡᠭᠲᠡᠢ᠃            ᠳᠥᠭᠦᠮ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠪᠢᠴᠢᠭ ᠢᠶᠠᠷ ᠰᠢᠭᠦᠵᠦ ᠪᠣᠯᠣᠨ᠎ᠠ᠃            ᠭᠤᠴᠢᠨ ᠬᠤᠶᠠᠳᠤᠭᠠᠷ ᠵᠦᠢᠯ ᠲᠥᠬᠦᠮ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠲᠥᠬᠦᠮ ᠵᠢᠷᠤᠮ ᠢ ᠬᠡᠷᠡᠭᠯᠡᠬᠦ ᠳᠤ ᠲᠣᠬᠢᠷᠠᠬᠤ ᠦᠭᠡᠢ ᠭᠡᠵᠦ ᠦᠵᠡᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠡᠩ ᠤᠨ ᠵᠢᠷᠤᠮ ᠢᠶᠠᠷ ᠰᠢᠯᠵᠢᠭᠦᠯᠦᠨ ᠰᠢᠭᠦᠵᠦ ᠪᠣᠯᠣᠨ᠎ᠠ᠃                        ᠭᠤᠷᠪᠠᠳᠤᠭᠠᠷ ᠬᠡᠰᠡᠭ ᠵᠠᠰᠠᠭ ᠵᠠᠬᠢᠷᠭᠠᠨ ᠤ ᠳᠠᠪᠲᠠᠨ ᠶᠠᠷᠢᠯᠴᠠᠭᠰᠠᠨ ᠲᠣᠭᠲᠠᠭᠠᠯ                        ᠭᠤᠴᠢᠨ ᠭᠤᠷᠪᠠᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠦᠷᠢᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠵᠠᠰᠠᠭ ᠵᠠᠬᠢᠷᠭᠠᠨ ᠤ ᠠᠵᠢᠯᠯᠠᠭ᠎ᠠ ᠳᠤ ᠬᠢᠨᠠᠨ ᠪᠠᠶᠢᠴᠠᠭᠠᠯᠲᠠ ᠬᠢᠵᠦ᠂ ᠰᠠᠨᠠᠯ ᠢᠶᠠᠨ ᠳᠤᠷᠠᠳᠴᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠷᠢᠭᠤᠴᠠᠯᠭᠠᠲᠠᠨ ᠵᠥᠪᠰᠢᠶᠡᠷᠡᠭᠰᠡᠨ ᠪᠤᠶᠤ ᠬᠠᠮᠲᠤ  ᠪᠠᠷ ᠶᠠᠷᠢᠯᠴᠠᠵᠤ ᠪᠠᠲᠤᠯᠠᠭᠰᠠᠨ ᠤ ᠳᠠᠷᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾  ᠶᠢᠨ ᠬᠤᠯᠪᠣᠭᠳᠠᠬᠤ ᠲᠣᠭᠲᠠᠭᠠᠯ ᠶᠣᠰᠣᠭᠠᠷ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠨᠡᠷ᠎ᠡ ᠪᠠᠷ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠬᠤᠪᠢᠷᠠᠭᠤᠯᠬᠤ᠂ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠬᠦᠴᠦᠨ ᠦᠭᠡᠢ ᠪᠣᠯᠭᠠᠬᠤ ᠪᠤᠶᠤ ᠬᠡᠰᠡᠭ ᠢ ᠨᠢ ᠬᠦᠴᠦᠨ ᠦᠭᠡᠢ ᠪᠣᠯᠭᠠᠬᠤ᠂ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠬᠠᠤᠯᠢ ᠠᠴᠠ ᠵᠥᠷᠢᠴᠡᠭᠰᠡᠨ ᠢ ᠨᠤᠲᠠᠯᠠᠬᠤ᠂ ᠭᠤᠶᠤᠴᠢᠯᠠᠭᠳᠠᠭᠴᠢ ᠶᠢ ᠵᠠᠷᠯᠢᠭᠳᠠᠵᠤ ᠪᠠᠶᠢᠭᠠᠳ ᠵᠣᠬᠢᠬᠤ ᠬᠤᠭᠤᠴᠠᠭᠠᠨ ᠤ ᠳᠣᠲᠣᠷ᠎ᠠ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠭᠦᠯᠬᠦ᠂ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠬᠦᠴᠦᠨ ᠦᠭᠡᠢ ᠪᠣᠯᠭᠠᠬᠤ ᠶᠢ ᠨᠤᠲᠠᠯᠠᠬᠤ᠂ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠪᠠᠷᠢᠮᠲᠠᠯᠠᠬᠤ ᠵᠡᠷᠭᠡ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠭᠠᠷᠭᠠᠨ᠎ᠠ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠬᠡᠯᠡᠯᠴᠡᠭᠡᠷ ᠤᠨ ᠮᠠᠷᠭᠤᠯᠳᠤᠭᠠᠨ᠂ ᠵᠠᠰᠠᠭ ᠵᠠᠬᠢᠷᠭᠠᠨ ᠤ ᠲᠥᠯᠥᠪᠦᠷᠢ ᠶᠢᠨ ᠵᠦᠢᠯᠡᠰ ᠵᠡᠷᠭᠡ ᠶᠢ ᠰᠢᠢᠳᠪᠦᠷᠢᠯᠡᠵᠦ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠭᠠᠷᠭᠠᠨ᠎ᠠ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠭᠤᠶᠤᠴᠢᠯᠠᠭᠴᠢ ᠳᠤ ᠨᠡᠩ ᠠᠰᠢᠭ ᠦᠭᠡᠢ ᠬᠤᠪᠢᠷᠠᠭᠤᠯᠬᠤ ᠲᠣᠭᠲᠠᠭᠠᠯ ᠭᠠᠷᠭᠠᠵᠤ ᠪᠣᠯᠬᠤ ᠦᠭᠡᠢ᠂ ᠭᠡᠪᠡᠴᠦ ᠭᠤᠷᠪᠠᠳᠠᠭᠢ ᠬᠥᠮᠥᠨ ᠡᠰᠡᠷᠭᠦ ᠭᠤᠶᠤᠴᠢᠯᠠᠯ ᠭᠠᠷᠭᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃            ᠭᠤᠴᠢᠨ ᠳᠥᠷᠪᠡᠳᠦᠭᠡᠷ ᠵᠦᠢᠯ ᠡᠩ ᠤᠨ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠲᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠭᠠᠷᠭᠠᠬᠤ ᠬᠡᠷᠡᠭᠲᠡᠢ︔  ᠭᠡᠪᠡᠴᠦ ᠬᠠᠤᠯᠢ ᠴᠠᠭᠠᠵᠠ ᠳᠤ ᠲᠣᠭᠲᠠᠭᠠᠭᠰᠠᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠤᠭᠤᠴᠠᠭ᠎ᠠ ᠶᠢ 60 ᠡᠳᠦᠷ ᠠᠴᠠ ᠳᠤᠲᠠᠭᠤ ᠪᠠᠶᠢᠯᠭᠠᠬᠤ ᠨᠢ ᠡᠭᠦᠨ ᠳᠤ ᠪᠠᠭᠲᠠᠬᠤ ᠦᠭᠡᠢ᠃ ᠪᠠᠶᠢᠳᠠᠯ ᠨᠢ ᠪᠤᠳᠤᠯᠢᠶᠠᠨᠲᠠᠢ᠂ ᠲᠣᠭᠲᠠᠭᠰᠠᠨ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠤ ᠳᠠᠪᠲᠠᠨ ᠶᠠᠷᠢᠯᠴᠠᠭᠰᠠᠨ ᠲᠣᠭᠲᠠᠭᠠᠯ ᠭᠠᠷᠭᠠᠵᠤ ᠳᠡᠶᠢᠯᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠵᠣᠬᠢᠰᠲᠠᠢ ᠪᠠᠷ ᠤᠷᠲᠤᠳᠬᠠᠵᠤ ᠪᠣᠯᠬᠤ ᠪᠥᠭᠡᠳ ᠲᠤᠬᠠᠢ ᠶᠢᠨ ᠬᠥᠮᠥᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ︔  ᠭᠡᠪᠡᠴᠦ ᠤᠷᠲᠤᠳᠬᠠᠬᠤ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 30 ᠡᠳᠦᠷ ᠠᠴᠠ ᠬᠡᠲᠦᠷᠡᠭᠦᠯᠵᠦ ᠪᠣᠯᠬᠤ ᠦᠭᠡᠢ᠃            ᠲᠥᠬᠦᠮ ᠵᠢᠷᠤᠮ ᠢ ᠬᠡᠷᠡᠭᠯᠡᠨ ᠰᠢᠭᠦᠬᠦ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠲᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠭᠠᠷᠭᠠᠬᠤ ᠬᠡᠷᠡᠭᠲᠡᠢ᠃            ᠭᠤᠴᠢᠨ ᠲᠠᠪᠤᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠬᠡᠷᠡᠭ ᠢ ᠰᠢᠢᠳᠪᠦᠷᠢᠯᠡᠬᠦ ᠳᠡᠭᠡᠨ ᠡᠶᠡᠳᠡᠭᠦᠯᠵᠦ ᠪᠣᠯᠣᠨ᠎ᠠ᠃            ᠡᠶᠡᠳᠡᠭᠦᠯᠬᠦ ᠳᠡᠭᠡᠨ ᠬᠠᠤᠯᠢ ᠳᠤ ᠨᠡᠶᠢᠴᠡᠬᠦ᠂ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠂ ᠤᠯᠤᠰ ᠣᠷᠣᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠢ ᠵᠥᠷᠢᠴᠡᠵᠦ ᠪᠣᠯᠬᠤ ᠦᠭᠡᠢ᠃            ᠲᠤᠬᠠᠢ ᠶᠢᠨ ᠬᠥᠮᠥᠨ ᠡᠶᠡᠳᠡᠭᠦᠯᠦᠭᠡᠳ ᠬᠡᠯᠡᠯᠴᠡᠭᠡᠷ ᠲᠣᠬᠢᠷᠠᠭᠰᠠᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠡᠶᠡᠳᠡᠭᠦᠯᠭᠡ ᠶᠢᠨ ᠪᠢᠴᠢᠭ ᠵᠣᠬᠢᠶᠠᠵᠤ᠂ ᠡᠯ᠎ᠡ ᠲᠠᠯ᠎ᠠ ᠶᠢᠨ ᠲᠤᠬᠠᠢ ᠶᠢᠨ ᠬᠥᠮᠥᠨ ᠭᠠᠷ ᠤᠨ ᠦᠰᠦᠭ ᠵᠢᠷᠤᠬᠤ ᠪᠤᠶᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠶᠢᠨ ᠬᠠᠮᠲᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠠᠮᠠᠭ᠎ᠠ ᠶᠢ ᠳᠠᠷᠤᠪᠠᠯ ᠳᠠᠷᠤᠢ ᠬᠠᠤᠯᠢ ᠴᠠᠭᠠᠵᠠ ᠶᠢᠨ ᠬᠦᠴᠦᠨ ᠲᠠᠢ ᠪᠣᠯᠣᠨ᠎ᠠ᠃            ᠡᠶᠡᠳᠡᠭᠦᠯᠦᠭᠡᠳ ᠬᠡᠯᠡᠯᠴᠡᠭᠡᠷ ᠲᠣᠭᠲᠠᠵᠤ ᠴᠢᠳᠠᠭᠰᠠᠨ ᠦᠭᠡᠢ ᠪᠤᠶᠤ ᠡᠶᠡᠳᠡᠭᠦᠯᠭᠡ ᠶᠢᠨ ᠪᠢᠴᠢᠭ ᠬᠦᠴᠦᠨ ᠲᠠᠢ ᠪᠣᠯᠬᠤ ᠠᠴᠠ ᠡᠮᠦᠨ᠎ᠡ ᠨᠢᠭᠡ ᠲᠠᠯ᠎ᠠ ᠨᠢ ᠦᠭᠡ ᠪᠠᠨ ᠪᠤᠴᠠᠭᠰᠠᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠬᠠᠤᠯᠢ ᠶᠣᠰᠣᠭᠠᠷ ᠬᠢᠨᠠᠨ ᠪᠠᠶᠢᠴᠠᠭᠠᠬᠤ ᠪᠤᠶᠤ ᠴᠠᠭ ᠲᠤᠬᠠᠢ ᠳᠤᠨᠢ ᠵᠠᠰᠠᠭ ᠵᠠᠬᠢᠷᠭᠠᠨ ᠤ ᠳᠠᠪᠲᠠᠨ ᠶᠠᠷᠢᠯᠴᠠᠭᠰᠠᠨ ᠲᠣᠭᠲᠠᠭᠠᠯ ᠭᠠᠷᠭᠠᠬᠤ ᠬᠡᠷᠡᠭᠲᠡᠢ᠃            ᠭᠤᠴᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠳᠠᠪᠲᠠᠨ ᠶᠠᠷᠢᠯᠴᠠᠭᠰᠠᠨ ᠲᠣᠭᠲᠠᠭᠠᠯ ᠭᠠᠷᠭᠠᠬᠤ ᠠᠴᠠ ᠡᠮᠦᠨ᠎ᠡ ᠲᠤᠬᠠᠢ ᠶᠢᠨ ᠬᠥᠮᠥᠨ ᠨᠢ ᠰᠠᠶᠢᠨ ᠳᠤᠷ᠎ᠠ ᠠᠴᠠ ᠪᠠᠨ ᠡᠶᠡᠳᠡᠵᠦ ᠪᠣᠯᠣᠨ᠎ᠠ᠂ ᠡᠶᠡᠳᠡᠭᠰᠡᠨ ᠠᠭᠤᠯᠭ᠎ᠠ ᠨᠢ ᠤᠯᠤᠰ ᠣᠷᠣᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠢ ᠵᠥᠷᠢᠴᠡᠵᠦ ᠪᠣᠯᠬᠤ ᠦᠭᠡᠢ᠃            ᠲᠤᠬᠠᠢ ᠶᠢᠨ ᠬᠥᠮᠥᠨ ᠨᠢ ᠡᠶᠡᠳᠡᠭᠰᠡᠨ ᠤ ᠳᠠᠷᠠᠭ᠎ᠠ᠂ ᠭᠤᠶᠤᠴᠢᠯᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠪᠤᠴᠠᠭᠠᠨ ᠠᠪᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠪᠤᠴᠠᠭᠠᠬᠤ ᠶᠢ ᠵᠥᠪᠰᠢᠶᠡᠷᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢ ᠳᠠᠭᠤᠰᠬᠠᠬᠤ ᠪᠠᠷ ᠲᠣᠭᠲᠠᠭᠰᠠᠨ ᠪᠠᠶᠢᠪᠠᠯ᠂ ᠭᠤᠶᠤᠴᠢᠯᠠᠭᠴᠢ ᠳᠠᠭᠢᠵᠤ ᠠᠳᠠᠯᠢ ᠨᠢᠭᠡᠨ ᠪᠣᠳᠠᠲᠤ ᠶᠠᠪᠤᠳᠠᠯ ᠪᠠ ᠤᠴᠢᠷ ᠰᠢᠯᠲᠠᠭᠠᠨ ᠢᠶᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠵᠤ ᠪᠣᠯᠬᠤ ᠦᠭᠡᠢ᠃ ᠭᠡᠪᠡᠴᠦ ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠪᠤᠴᠠᠭᠠᠬᠤ ᠨᠢ ᠲᠡᠭᠦᠨ ᠤ ᠦᠨᠡᠨ ᠰᠠᠨᠠᠭ᠎ᠠ ᠠᠴᠠ ᠵᠥᠷᠢᠴᠡᠭᠰᠡᠨ ᠢ ᠭᠡᠷᠡᠴᠢᠯᠡᠵᠦ ᠳᠡᠶᠢᠯᠬᠦ ᠨᠢ ᠡᠭᠦᠨ ᠳᠤ ᠪᠠᠭᠲᠠᠬᠤ ᠦᠭᠡᠢ            ᠭᠤᠴᠢᠨ ᠳᠣᠯᠣᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠭᠠᠷᠭᠠᠬᠤ ᠳᠠᠭᠠᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠤᠨ ᠪᠢᠴᠢᠭ ᠵᠣᠬᠢᠶᠠᠬᠤ ᠶᠢᠨ ᠬᠠᠮᠲᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠠᠮᠠᠭ᠎ᠠ ᠶᠢ ᠳᠠᠷᠤᠬᠤ ᠬᠡᠷᠡᠭᠲᠡᠢ᠃            ᠵᠠᠰᠠᠭ ᠵᠠᠬᠢᠷᠭᠠᠨ ᠤ ᠳᠠᠪᠲᠠᠨ ᠶᠠᠷᠢᠯᠴᠠᠭᠰᠠᠨ ᠲᠣᠭᠲᠠᠭᠠᠯ ᠤᠨ ᠪᠢᠴᠢᠭ ᠢ ᠬᠦᠷᠭᠡᠵᠦ ᠥᠭᠭᠦᠮᠡᠭᠴᠡ ᠳᠠᠷᠤᠢ ᠬᠠᠤᠯᠢ ᠶᠢᠨ ᠬᠦᠴᠦᠨ ᠲᠠᠢ ᠪᠣᠯᠣᠨ᠎ᠠ᠃            ᠭᠤᠴᠢᠨ ᠨᠠᠢᠮᠠᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠢᠯᠡ ᠪᠣᠯᠭᠠᠭᠰᠠᠨ ᠪᠠᠶᠢᠳᠠᠯ ᠢ ᠦᠨᠳᠦᠰᠦᠯᠡᠨ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠰᠡᠨ ᠲᠣᠭᠲᠠᠭᠠᠯ ᠤᠨ ᠪᠢᠴᠢᠭ ᠢ ᠨᠡᠶᠢᠭᠡᠮ ᠳᠤ ᠢᠯᠡ ᠪᠣᠯᠭᠠᠨ᠎ᠠ᠃                        ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠵᠠᠷᠭᠤ ᠬᠦᠯᠢᠶᠡᠬᠦ                        ᠭᠤᠴᠢ ᠶᠢᠰᠦᠳᠦᠭᠡᠷ ᠵᠦᠢᠯ ᠠᠷᠠᠳ ᠤᠨ ᠰᠢᠭᠦᠬᠦ ᠬᠤᠷᠢᠶᠠᠨ ᠤ ᠬᠦᠷᠭᠡᠭᠰᠡᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠮᠡᠳᠡᠭᠳᠡᠯ ᠤᠨ ᠪᠢᠴᠢᠭ ᠵᠡᠷᠭᠡ ᠵᠠᠷᠭᠤ ᠬᠦᠯᠢᠶᠡᠬᠦ ᠮᠠᠲ᠋ᠧᠷᠢᠶᠠᠯ ᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠠᠴᠠ ᠨᠢᠭᠡᠳᠦᠯᠲᠡᠢ ᠬᠦᠯᠢᠶᠡᠨ ᠠᠪᠤᠨ᠎ᠠ᠃ ᠠᠯᠪᠠᠨ ᠪᠢᠴᠢᠭ ᠬᠤᠷᠢᠶᠠᠵᠤ ᠲᠠᠷᠬᠠᠭᠠᠬᠤ ᠰᠠᠯᠠᠭ᠎ᠠ ᠮᠥᠴᠢᠷ ᠪᠤᠶᠤ ᠪᠤᠰᠤᠳ ᠵᠤᠷᠭᠠᠨ ᠲᠣᠪᠴᠢᠶ᠎ᠠ ︵ᠨᠢᠭᠡᠴᠢ︶  ᠬᠤᠯᠪᠣᠭᠳᠠᠯ ᠪᠦᠬᠦᠢ ᠮᠠᠲ᠋ᠧᠷᠢᠶᠠᠯ  ᠢ ᠭᠥᠯᠢᠶᠡᠨ ᠠᠪᠤᠭᠰᠠᠨ ᠪᠠᠶᠢᠪᠠᠯ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠶᠠᠮᠤᠨ  ᠤ ᠬᠠᠤᠯᠢ ᠳᠦᠷᠢᠮ  ᠤᠨ ᠠᠵᠢᠯ  ᠤᠨ ᠪᠠᠶᠢᠭᠤᠯᠤᠮᠵᠢ  ᠳᠤ ᠨᠢᠭᠡ ᠡᠳᠦᠷ  ᠤᠨ ᠳᠣᠲᠣᠷ᠎ᠠ ᠰᠢᠯᠵᠢᠭᠦᠯᠦᠨ ᠬᠦᠷᠭᠡᠬᠦ ᠬᠡᠷᠡᠭᠲᠡᠢ᠃            ᠳᠥᠴᠢᠳᠦᠭᠡᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠮᠡᠳᠡᠭᠳᠡᠯ ᠤᠨ ᠪᠢᠴᠢᠭ ᠵᠡᠷᠭᠡ ᠵᠠᠷᠭᠤ ᠬᠦᠯᠢᠶᠡᠬᠦ ᠮᠠᠲ᠋ᠧᠷᠢᠶᠠᠯ ᠢ ᠣᠯᠣᠭᠰᠠᠨ 5 ᠡᠳᠦᠷ ᠤᠨ ᠳᠣᠲᠣᠷ᠎ᠠ᠂ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵  ᠨᠢᠭᠡᠴᠢ︶  ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠥᠰᠥᠯ ᠢ ᠬᠠᠮᠲᠤᠪᠠᠷ ᠰᠤᠳᠤᠯᠤᠨ ᠲᠣᠭᠲᠠᠭᠠᠵᠤ᠂ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠬᠥᠮᠥᠰ ᠢ ᠲᠣᠭᠲᠠᠭᠠᠬᠤ ᠬᠡᠷᠡᠭᠲᠡᠢ᠃            ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵ᠨᠢᠭᠡᠴᠢ︶  ᠲᠤᠰᠬᠠᠢ ᠬᠥᠮᠥᠨ ᠲᠣᠮᠢᠯᠠᠨ ᠬᠡᠷᠡᠭ ᠢ ᠪᠠᠶᠢᠴᠠᠭᠠᠬᠤ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠬᠤ ᠶᠢ ᠬᠠᠷᠢᠭᠤᠴᠠᠭᠤᠯᠵᠤ᠂ ᠠᠩᠬ᠎ᠠ ᠠᠯᠬᠤᠮ ᠤᠨ ᠬᠠᠷᠢᠭᠤ ᠮᠠᠷᠭᠤᠬᠤ ᠰᠠᠨᠠᠯ ᠢᠶᠠᠨ ᠳᠤᠷᠠᠳᠴᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠶᠢ ᠬᠠᠮᠵᠢᠨ ᠵᠠᠷᠭᠤ ᠬᠦᠯᠢᠶᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠵᠠᠰᠠᠭ ᠵᠠᠬᠢᠷᠭᠠᠨ ᠤ ᠵᠠᠷᠭᠤ ᠶᠢᠨ ᠬᠠᠷᠢᠭᠤ ᠮᠠᠷᠭᠤᠬᠤ ᠪᠢᠴᠢᠭ ᠢ ᠲᠤᠭᠤᠷᠪᠢᠭᠰᠠᠨ ᠤ ᠳᠠᠷᠠᠭ᠎ᠠ᠂ ᠲᠠᠰ ᠳᠠᠷᠠᠭᠠᠯᠠᠯ ᠤᠨ ᠶᠣᠰᠣᠭᠠᠷ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵  ᠨᠢᠭᠡᠴᠢ︶  ᠬᠠᠮᠲᠤᠷᠠᠨ ᠭᠠᠷ ᠤᠨ ᠥᠰᠥᠭ ᠵᠢᠷᠤᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵  ᠨᠢᠭᠡᠴᠢ︶  ᠨᠢ 2 ᠡᠳᠦᠷ ᠤᠨ ᠳᠣᠲᠣᠷ᠎ᠠ ᠬᠠᠮᠲᠤᠷᠠᠨ ᠭᠠᠷ ᠤᠨ ᠥᠰᠥᠭ ᠵᠢᠷᠤᠵᠤ ᠳᠠᠭᠤᠰᠬᠠᠬᠤ ᠬᠡᠷᠡᠭᠲᠡᠢ᠃            ᠳᠥᠴᠢᠨ ᠨᠢᠭᠡᠳᠦᠭᠡᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠠᠴᠠ ᠨᠢᠭᠡ ᠣᠷᠣᠯᠠᠭᠴᠢ ᠳᠤᠷᠠᠳᠴᠤ᠂ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵  ᠨᠢᠭᠡᠴᠢ︶  ᠠᠴᠠ ᠨᠢᠭᠡ ᠣᠷᠣᠯᠠᠭᠴᠢ ᠳᠤᠷᠠᠳᠴᠤ᠂ ᠲᠠᠰ ᠳᠠᠷᠠᠭᠠᠯᠠᠯ ᠤᠨ ᠶᠣᠰᠣᠭᠠᠷ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠵᠠᠷᠭᠤ ᠶᠢᠨ ᠣᠷᠣᠯᠠᠭᠴᠢ ᠪᠣᠯᠭᠠᠨ᠎ᠠ︔  ᠴᠢᠬᠤᠯᠠᠲᠠᠢ ᠦᠶ᠎ᠡ ᠳᠤ ᠬᠠᠤᠯᠢᠴᠢ ᠳᠤ ᠨᠠᠶᠢᠳᠠᠵᠤ ᠵᠠᠰᠠᠭ ᠵᠠᠬᠢᠷᠭᠠᠨ ᠤ ᠵᠠᠷᠭᠤ ᠶᠢᠨ ᠣᠷᠣᠯᠠᠭᠴᠢ ᠪᠣᠯᠭᠠᠵᠤ ᠪᠣᠯᠣᠨ᠎ᠠ ᠂ ᠭᠡᠪᠡᠴᠦ ᠵᠥᠪᠬᠡᠨ ᠬᠠᠤᠯᠢᠴᠢ ᠳᠤ ᠨᠠᠶᠢᠳᠠᠵᠤ ᠰᠢᠭᠦᠯᠲᠡ ᠳᠤ ᠣᠷᠣᠯᠴᠠᠭᠤᠯᠵᠤ ᠪᠣᠯᠬᠤ ᠦᠭᠡᠢ᠃            ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠶᠠᠮᠤᠨ  ᠤ ᠬᠠᠤᠯᠢ ᠳᠦᠷᠢᠮ  ᠤᠨ ᠠᠵᠢᠯ  ᠤᠨ ᠪᠠᠶᠢᠭᠤᠯᠤᠮᠵᠢ ᠨᠢ ᠵᠠᠰᠠᠭ ᠵᠠᠬᠢᠷᠭᠠᠨ  ᠤ ᠵᠠᠷᠭᠤ ᠶᠢᠨ ᠣᠷᠣᠯᠠᠭᠴᠢ ᠳᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠡᠷᠭᠡ ᠮᠠᠲ᠋ᠧᠷᠢᠶᠠᠯ  ᠢ ᠭᠦᠢᠴᠡᠳᠬᠡᠵᠦ ᠣᠯᠭᠤᠬᠤ ᠶᠢ ᠬᠠᠷᠢᠭᠤᠴᠠᠨ᠎ᠠ᠃            ᠳᠥᠴᠢᠨ ᠬᠤᠶᠠᠳᠤᠭᠠᠷ ᠵᠦᠢᠯ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠳᠡ ᠶᠢᠨ ᠪᠢᠴᠢᠭ ᠪᠤᠶᠤ ᠲᠣᠭᠲᠠᠭᠠᠯᠲᠠ ᠶᠢᠨ ᠪᠢᠴᠢᠭ ᠢ ᠬᠦᠷᠭᠡᠵᠦ ᠥᠭᠭᠦᠭᠰᠡᠨ ᠤ ᠲᠠᠷᠠᠭ᠎ᠠ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵ᠨᠢᠭᠡᠴᠢ︶  ᠶᠢᠨ ᠳᠤᠷᠠᠳᠤᠭᠰᠠᠨ ᠳᠡᠭᠡᠭᠰᠢ ᠵᠠᠭᠠᠯᠳᠤᠬᠤ ᠡᠰᠡᠬᠦ ᠲᠤᠬᠠᠢ ᠰᠠᠨᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠵᠢᠷᠤᠮ ᠤᠨ ᠶᠣᠰᠣᠭᠠᠷ ᠮᠡᠳᠡᠭᠦᠯᠦᠨ ᠬᠢᠨᠠᠨ ᠬᠠᠷᠭᠤᠭᠤᠯᠤᠭᠤᠯᠬᠤ ᠬᠡᠷᠡᠭᠲᠡᠢ᠃ ᠳᠡᠭᠡᠭᠰᠢ ᠵᠠᠭᠠᠯᠳᠤᠬᠤ ᠪᠠᠷ ᠲᠣᠭᠲᠠᠭᠠᠭᠰᠠᠨ ᠪᠠᠶᠢᠪᠠᠯ᠂ ᠳᠡᠭᠡᠭᠰᠢ ᠵᠠᠭᠠᠯᠳᠤᠬᠤ ᠪᠢᠴᠢᠭ ᠳᠡᠪᠰᠢᠭᠦᠯᠵᠦ᠂ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠲᠤᠰᠢᠶᠠᠬᠤ ᠬᠡᠷᠡᠭᠲᠡᠢ᠃            ᠠᠷᠠᠳ ᠤᠨ ᠰᠢᠭᠦᠬᠦ ᠬᠤᠷᠢᠶᠠᠨ ᠤ ᠨᠢᠭᠡᠨᠲᠡ ᠬᠠᠤᠯᠢ ᠴᠠᠭᠠᠵᠠ ᠶᠢᠨ ᠬᠦᠴᠦᠨ ᠲᠠᠢ ᠪᠣᠯᠤᠭᠰᠠᠨ ᠲᠠᠰᠤᠯᠤᠯᠲᠠ᠂ ᠲᠣᠭᠲᠠᠭᠠᠯᠲᠠ ᠶᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵ᠨᠢᠭᠡᠴᠢ︶  ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠲᠠᠬᠢᠨ ᠰᠢᠭᠦᠯᠭᠡᠬᠦ ᠪᠠᠷ ᠭᠤᠶᠤᠴᠢᠯᠠᠬᠤ ᠡᠰᠡᠬᠦ ᠲᠤᠬᠠᠢ ᠰᠠᠨᠠᠯ ᠳᠤᠷᠠᠳᠤᠭᠤᠯᠵᠤ᠂ ᠵᠢᠷᠤᠮ ᠤᠨ ᠶᠣᠰᠣᠭᠠᠷ ᠮᠡᠳᠡᠭᠦᠯᠦᠨ ᠬᠢᠨᠠᠨ ᠬᠠᠷᠭᠤᠭᠤᠯᠤᠭᠤᠯᠵᠤ ᠪᠣᠯᠣᠨ᠎ᠠ᠃ ᠲᠠᠬᠢᠨ ᠰᠢᠭᠦᠯᠭᠡᠬᠦ ᠪᠠᠷ ᠭᠤᠶᠤᠴᠢᠯᠠᠬᠤ ᠪᠠᠷ ᠲᠣᠭᠲᠠᠭᠠᠭᠰᠠᠨ ᠪᠠᠶᠢᠪᠠᠯ᠂ ᠲᠠᠬᠢᠨ ᠰᠢᠭᠦᠯᠭᠡᠬᠦ ᠭᠤᠶᠤᠴᠢᠯᠠᠯ ᠤᠨ ᠪᠢᠴᠢᠭ ᠳᠤᠷᠠᠳᠴᠤ᠂ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠲᠤᠰᠢᠶᠠᠨ᠎ᠠ᠃            ᠳᠥᠴᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠵᠠᠷᠭᠤ ᠶᠢᠨ ᠶᠠᠪᠤᠴᠠ ᠳᠤ ᠠᠷᠠᠳ ᠤᠨ ᠰᠢᠭᠦᠬᠦ ᠬᠤᠷᠢᠶ᠎ᠠ ᠬᠠᠤᠯᠢ ᠪᠠᠷᠢᠬᠤ ᠰᠠᠨᠠᠭᠤᠯᠭ᠎ᠠ ᠶᠢᠨ ᠪᠢᠴᠢᠭ ᠭᠠᠷᠭᠠᠵᠤ᠂ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠭᠠᠷᠭᠠᠭᠰᠠᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠠᠴᠠ ᠨᠢᠭᠡᠳᠦᠯᠲᠡᠢ ᠬᠦᠯᠢᠶᠡᠨ ᠠᠪᠤᠨ᠎ᠠ᠃ ᠳᠠᠩᠰᠠᠯᠠᠭᠤᠯᠤᠭᠰᠠᠨ ᠤ ᠳᠠᠷᠠᠭ᠎ᠠ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵ᠨᠢᠭᠡᠴᠢ︶  ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃            ᠬᠤᠯᠪᠣᠭᠳᠠᠯ ᠪᠦᠬᠦᠢ ᠵᠤᠷᠭᠠᠨ ᠲᠣᠪᠴᠢᠶ᠎ᠠ ︵ᠨᠢᠭᠡᠴᠢ︶  ᠬᠠᠤᠯᠢ ᠪᠠᠷᠢᠬᠤ ᠰᠠᠨᠠᠭᠤᠯᠭ᠎ᠠ ᠶᠢᠨ ᠪᠢᠴᠢᠭ᠂ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠣᠯᠣᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠬᠠᠷᠢᠭᠤᠯᠲᠠ ᠣᠯᠭᠤᠬᠤ ᠰᠠᠨᠠᠯ ᠢᠶᠠᠨ ᠲᠤᠭᠤᠷᠪᠢᠨ ᠭᠠᠷᠭᠠᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠵᠢᠷᠤᠮ ᠶᠣᠰᠣᠭᠠᠷ ᠮᠡᠳᠡᠭᠦᠯᠦᠨ ᠬᠢᠨᠠᠨ ᠬᠠᠷᠭᠤᠭᠤᠯᠬᠤ ᠶᠢᠨ ᠬᠠᠮᠲᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠳᠤ ᠬᠠᠷᠢᠭᠤᠯᠲᠠ ᠣᠯᠭᠤᠬᠤ ᠬᠡᠷᠡᠭᠲᠡᠢ᠃ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠬᠠᠷᠢᠭᠤᠯᠲᠠ ᠣᠯᠭᠤᠬᠤ ᠴᠠᠭ ᠤᠨ ᠬᠢᠵᠠᠭᠠᠷ ᠤᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ ᠡᠭᠦᠨ ᠳᠤ ᠪᠠᠭᠲᠠᠬᠤ ᠦᠭᠡᠢ᠃                        ᠲᠠᠪᠤᠳᠤᠭᠠᠷ ᠪᠦᠯᠦᠭ ᠬᠠᠪᠰᠤᠷᠤᠯᠲᠠ ᠳᠦᠷᠢᠮ                        ᠳᠥᠴᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾  ᠶᠢᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠠᠯᠪᠠᠨ ᠲᠤᠰᠢᠶᠠᠯᠲᠠᠨ ᠢ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠨᠢᠭᠡᠴᠢ ᠳᠤ ᠬᠤᠯᠪᠣᠭᠳᠠᠯ ᠪᠦᠬᠦᠢ ᠠᠵᠢᠯᠲᠠᠨ ᠤ ᠬᠠᠤᠯᠢ  ᠶᠢ ᠵᠥᠷᠢᠴᠡᠭᠰᠡᠨ ᠪᠣᠳᠠᠲᠤ ᠮᠠᠲ᠋ᠧᠷᠢᠶᠠᠯ ᠢ ᠰᠢᠯᠵᠢᠭᠦᠯᠦᠨ ᠬᠦᠷᠭᠡᠵᠦ ᠪᠣᠯᠣᠨ᠎ᠠ᠂ ᠰᠢᠯᠵᠢᠭᠦᠯᠦᠨ ᠬᠦᠷᠭᠡᠬᠦ  ᠶᠢ ᠬᠦᠯᠢᠶᠡᠨ ᠠᠪᠤᠭᠰᠠᠨ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠠᠯᠪᠠᠨ ᠲᠤᠰᠢᠶᠠᠯᠲᠠᠨ ᠢ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠨᠢᠭᠡᠴᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃             ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠠᠯᠪᠠᠨ ᠲᠤᠰᠢᠶᠠᠯᠲᠠᠨ ᠤ ᠱᠠᠮᠰᠢᠵᠤ ᠬᠡᠭᠡᠯᠢ ᠢᠳᠡᠵᠦ ᠬᠠᠬᠦᠦᠯᠢ ᠲᠦᠯᠬᠢᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠲᠤᠰᠢᠶᠠᠯ ᠢᠶᠠᠨ ᠠᠰᠢᠭᠯᠠᠨ ᠬᠠᠤᠯᠢ ᠠᠴᠠ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠶᠠᠯᠠᠳᠦ ᠠᠵᠢᠯᠯᠠᠭ᠎ᠠ ᠦᠢᠯᠡᠳᠦᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃            ᠳᠥᠴᠢᠨ ᠲᠠᠪᠤᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠤᠰ ᠪᠠᠶᠢᠭᠤᠯᠭ᠎ᠠ ᠶᠢᠨ ᠭᠥᠯᠢᠶᠡᠨ ᠠᠪᠴᠤ ᠰᠢᠢᠳᠪᠦᠷᠢᠯᠡᠬᠦ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠳᠤ ᠬᠠᠷᠢᠶᠠᠯᠠᠭᠳᠠᠬᠤ ᠦᠭᠡᠢ ᠪᠥᠭᠡᠳ ᠤᠯᠤᠰ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠶᠢ ᠲᠣᠳᠣᠷᠬᠠᠶᠢᠯᠠᠵᠤ ᠴᠢᠳᠠᠪᠠᠯ᠂ ᠲᠤᠰ ᠭᠤᠶᠤᠴᠢᠯᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃            ᠳᠥᠴᠢᠨ ᠵᠢᠷᠭᠤᠳᠤᠭᠠᠷ ᠵᠦᠢᠯ ᠲᠣᠰ ᠠᠷᠭ᠎ᠠ ᠳᠠᠬᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠤᠭᠤᠴᠠᠭᠠᠨ ᠤ ᠬᠤᠯᠪᠣᠭᠳᠠᠯ ᠪᠦᠬᠦᠢ ︽1 ᠡᠳᠦᠷ︾  ︽2 ᠡᠳᠦᠷ︾  ︽3 ᠡᠳᠦᠷ︾  ︽5 ᠡᠳᠦᠷ︾  ︽7 ᠡᠳᠦᠷ︾  ︽10 ᠡᠳᠦᠷ︾  ᠤᠨ ᠲᠣᠭᠲᠠᠭᠠᠯ ᠭᠡᠳᠡᠭ ᠨᠢ ᠠᠵᠢᠯ ᠤᠨ ᠡᠳᠦᠷ ᠢ ᠵᠢᠭᠠᠵᠤ ᠪᠣᠶ᠂ ᠡᠭᠦᠨ ᠳᠤ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ᠃            ᠳᠥᠴᠢᠨ ᠳᠣᠯᠣᠳᠤᠭᠠᠷ ᠵᠦᠢᠯ ᠲᠣᠰ ᠠᠷᠭ᠎ᠠ ᠶᠢ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠮᠥᠷᠳᠡᠨ᠎ᠡ᠃ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ 2007 ᠣᠨ ᠤ 10 ᠳ᠋ᠤᠭᠠᠷ ᠰᠠᠷ᠎ᠠ ᠶᠢᠨ 8 ᠤ ᠡᠳᠦᠷ ᠨᠡᠶᠢᠲᠡᠯᠡᠭᠰᠡᠨ ︽ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠲᠣᠭᠲᠠᠭᠠᠯ︾  ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃                        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号