ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠡᠯ᠎ᠡ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2025/4/7
                 ᠪᠠᠷᠢᠮᠲᠠᠵᠢᠭᠤᠯᠤᠭᠰᠠᠨ ᠳ᠋ᠤᠭᠠᠷ᠄  111529210117654554/2025-00341      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      ᠢᠯᠡ ᠲᠣᠳᠣ ᠨᠡᠶᠢᠲᠡᠯᠡᠭᠰᠡᠨ ᠠᠩᠭᠢᠯᠠᠯ᠄  ᠵᠠᠪᠠᠯ ᠢᠯᠡ ᠲᠣᠳᠣ ᠨᠡᠭᠡᠭᠡᠯᠲᠡ ᠲᠠᠢ ᠪᠠᠶᠢᠬᠤ      ᠨᠡᠶᠢᠲᠡᠯᠡᠭᠰᠡᠨ ᠪᠠᠶᠢᠭᠤᠯᠭ᠎ᠠ ᠨᠢᠭᠡᠴᠢ᠄  ᠮᠡᠳᠡᠭᠳᠡᠯ ᠠᠯᠪᠠᠨ ᠵᠠᠷ      ᠪᠠᠷᠢᠮᠲᠠ ᠪᠢᠴᠢᠭ ᠤᠨ ᠳ᠋ᠤᠭᠠᠷ᠄       ᠪᠠᠲᠤᠯᠠᠭᠳᠠᠭᠰᠠᠨ ᠴᠠᠭ ᠬᠤᠭᠤᠴᠠᠭ᠎ᠠ᠄  2025 — 03 — 12            ᠡᠯ᠎ᠡ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ᠄                          ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾  ︵  ᠥᠪᠥᠷ ᠵᠠᠰᠠᠭ ᠠᠯᠪᠠᠨ ᠲᠠᠷᠬᠠᠭᠠᠭᠰᠠᠨ ﹇  2024﹈  40 ᠳ᠋ᠦ᠋ᠭᠡᠷ ᠲᠣᠭᠠᠲᠤ︶  ᠵᠢᠴᠢ ︽ᠦᠨᠳᠦᠰᠦᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠭᠤᠴᠢ ᠰᠤᠳᠤᠯᠤᠯ ᠤᠨ ᠠᠵᠢᠯ ᠢ ᠰᠠᠶᠢᠲᠤᠷ ᠭᠦᠢᠴᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠡᠳᠡᠭᠳᠡᠯ︾  ︵  ᠥᠪᠥᠷ ᠲᠡᠦᠬᠡ ᠶᠢᠨ ᠳᠤᠷᠠᠰᠬᠠᠯᠲᠤ ᠵᠦᠢᠯᠡᠰ ᠲᠠᠷᠬᠠᠭᠠᠭᠰᠠᠨ ﹇  2025﹈  6 ᠳ᠋ᠤᠭᠠᠷ ᠲᠣᠭᠠᠲᠤ ︶  ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠡᠬᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠶᠠᠪᠤᠴᠠ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠥᠨᠳᠥᠷ ᠦᠷ᠎ᠡ ᠠᠰᠢᠭ ᠲᠠᠢ ᠪᠠᠷ ᠭᠦᠢᠴᠡᠳᠬᠡᠬᠦ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠤᠯᠪᠣᠭᠳᠠᠬᠤ ᠠᠵᠢᠯ ᠢ ᠰᠠᠶᠢᠲᠤᠷ ᠭᠦᠢᠴᠡᠳᠬᠡᠬᠦ ᠶᠢ ᠦᠨᠡᠨᠬᠦ ᠪᠠᠲᠤᠯᠠᠵᠤ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠡᠯ᠎ᠡ ᠠᠵᠤ ᠠᠬᠤᠶᠢᠯᠠᠯ ᠳᠤ ᠣᠨᠴᠠᠭᠠᠶᠢᠯᠠᠨ ᠵᠠᠬᠢᠳᠠᠯ ᠢᠯᠡᠭᠡᠪᠡ᠃            ᠨᠢᠭᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠯᠲᠠ ᠶᠢᠨ ᠠᠴᠢ ᠬᠤᠯᠪᠣᠭᠳᠠᠯ            ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠯᠲᠠ ᠪᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯᠭᠦᠢ ᠶᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾  ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠦᠷᠢᠮ︾  ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠢᠳᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ︽ᠤᠷᠢᠳᠠᠪᠠᠷ ᠪᠠᠶᠢᠴᠠᠭᠠᠵᠤ᠂ ᠳᠠᠷᠠᠭ᠎ᠠ ᠨᠢ ᠪᠦᠲᠦᠭᠡᠨ ᠪᠠᠶᠢᠭᠤᠯᠬᠤ︾  ᠪᠠ ︽ᠤᠷᠢᠳᠠᠪᠠᠷ ᠬᠠᠭᠤᠴᠢᠨ ᠤ ᠰᠤᠳᠤᠯᠤᠯ ᠬᠢᠵᠦ᠂ ᠳᠠᠷᠠᠭ᠎ᠠ ᠨᠢ ᠰᠢᠯᠵᠢᠭᠦᠯᠦᠨ ᠣᠯᠭᠤᠬᠤ︾  ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠨᠡ ᠨᠢ ᠲᠦᠷᠦᠯ ᠵᠦᠢᠯ ᠢ ᠲᠣᠭᠲᠠᠭᠠᠬᠤ ᠪᠠ ᠭᠠᠵᠠᠷ ᠬᠡᠷᠡᠭᠯᠡᠬᠦ ᠭᠠᠵᠠᠷ ᠢ ᠰᠣᠩᠭᠤᠬᠤ ᠱᠠᠲᠤᠨ ᠳᠤ᠂ ᠪᠢᠳᠡ ᠡᠷᠬᠡᠪᠰᠢ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠳᠤ ᠪᠦᠬᠦ ᠲᠠᠯ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠪᠠ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠬᠢᠵᠦ᠂ ᠶᠠᠮᠠᠷᠪᠠ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠰᠡᠨ ᠢ ᠬᠠᠷᠠᠭᠤᠯᠵᠤ ᠪᠠᠶᠢᠨ᠎ᠠ᠃            ᠬᠤᠶᠠᠷ᠂ ᠭᠤᠶᠤᠴᠢᠯᠠᠬᠤ ᠶᠠᠪᠤᠴᠠ            ᠬᠢᠨᠠᠨ ᠵᠥᠪᠰᠢᠶᠡᠷᠡᠬᠦ ᠡᠷᠬᠡ ᠮᠡᠳᠡᠯ ᠤᠨ ᠱᠠᠭᠠᠷᠳᠠᠯᠭ᠎ᠠ ᠶᠣᠰᠣᠭᠠᠷ᠂ ᠪᠦᠲᠦᠭᠡᠨ ᠪᠠᠶᠢᠭᠤᠯᠬᠤ ᠨᠢᠭᠡᠴᠢ ᠠᠴᠠ ᠪᠠᠷᠢᠯᠭ᠎ᠠ ᠳᠤ ᠬᠡᠷᠡᠭᠯᠡᠬᠦ ᠭᠠᠵᠠᠷ ᠤᠨ ᠪᠠᠶᠢᠭ᠎ᠠ ᠬᠤᠰᠢᠭᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠥᠪᠰᠢᠶᠡᠷᠡᠯ ᠤᠨ ᠭᠤᠶᠤᠴᠢᠯᠠᠯ ᠭᠠᠷᠭᠠᠵᠤ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠪᠣᠯᠣᠨ᠎ᠠ᠃ ᠠᠳᠠᠯᠢ ᠨᠢᠭᠡᠨ ᠪᠠᠷᠢᠯᠭ᠎ᠠ ᠶᠢᠨ ᠬᠡᠷᠡᠭᠯᠡᠬᠦ ᠭᠠᠵᠠᠷ ᠤᠨ ᠬᠦᠷᠢᠶ᠎ᠡ ᠬᠡᠪᠴᠢᠶ᠎ᠡ ᠨᠢ ᠠᠶᠢᠮᠠᠭ ᠬᠤᠲᠠ ᠠᠯᠤᠰᠯᠠᠬᠤ ᠳᠤ ᠬᠤᠯᠪᠣᠭᠳᠠᠪᠠᠯ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠭᠤᠶᠤᠴᠢᠯᠠᠯ ᠢᠶᠠᠨ ᠳᠤᠷᠠᠳᠤᠨ᠎ᠠ︔  ᠬᠤᠰᠢᠭᠤ ᠰᠢᠶᠠᠨ ᠠᠯᠤᠰᠯᠠᠭᠰᠠᠨ ᠪᠠᠶᠢᠪᠠᠯ᠂ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠬᠤ ᠬᠡᠷᠡᠭᠲᠡᠢ᠃            ᠭᠤᠶᠤᠴᠢᠯᠠᠬᠤ ᠮᠠᠲ᠋ᠧᠷᠢᠶᠠᠯ ᠳᠤ᠄  ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠥᠪᠰᠢᠶᠡᠷᠡᠯ ᠭᠤᠶᠤᠴᠢᠯᠠᠬᠤ᠂ ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠰᠡᠳᠦᠪ ᠲᠣᠭᠲᠠᠭᠠᠵᠤ ᠭᠠᠵᠠᠷ ᠰᠣᠩᠭᠤᠬᠤ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ᠂ ᠣᠷᠣᠨ ᠵᠠᠢ ᠶᠢᠨ ᠬᠡᠪᠴᠢᠶ᠎ᠡ ᠵᠢᠴᠢ ᠬᠡᠷᠡᠭᠯᠡᠬᠦ ᠭᠠᠵᠠᠷ ᠤᠨ ᠤᠷᠲᠤᠷᠢᠭ ᠥᠷᠭᠡᠷᠢᠭ ᠤᠨ ᠪᠠᠶᠢᠷᠢᠰᠢᠯ Excel ᠬᠦᠰᠦᠨᠦᠭᠲᠦ᠂ kml ᠬᠡᠯᠪᠡᠷᠢ ᠶᠢᠨ ᠪᠠᠶᠢᠷᠢᠰᠢᠯ ᠤᠨ ᠪᠢᠴᠢᠭ ᠮᠠᠲ᠋ᠧᠷᠢᠶᠠᠯ᠂ ᠬᠡᠷᠡᠭᠯᠡᠬᠦ ᠭᠠᠵᠠᠷ ᠤᠨ ᠬᠡᠰᠡᠭ ᠤᠨ ᠭᠠᠵᠠᠷ ᠤᠨ ᠵᠢᠷᠤᠭ᠂ ᠲᠥᠷᠥᠯ ᠵᠦᠢᠯ ᠤᠨ ᠬᠠᠷᠢᠯᠴᠠᠬᠤ ᠬᠥᠮᠥᠨ ᠵᠡᠷᠭᠡ ᠪᠠᠭᠲᠠᠨ᠎ᠠ            ᠭᠤᠷᠪᠠ᠂ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠬᠠᠭᠤᠴᠢ ᠰᠤᠳᠤᠯᠤᠯ ᠤᠨ ᠠᠵᠢᠯ ᠤᠨ ᠠᠭᠤᠯᠭ᠎ᠠ             ︵ᠨᠢᠭᠡ︶  ᠬᠠᠭᠤᠴᠢ ᠰᠤᠳᠤᠯᠤᠯ ᠤᠨ ᠪᠠᠶᠢᠴᠠᠭᠠᠯᠲᠠ            ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠭᠤᠶᠤᠴᠢᠯᠠᠯ ᠢ ᠣᠯᠣᠭᠰᠠᠨ ᠤ ᠲᠠᠷᠠᠭ᠎ᠠ᠂ ᠬᠠᠭᠤᠴᠢ ᠰᠤᠳᠤᠯᠤᠯ ᠤᠨ ᠲᠤᠰᠬᠠᠢ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠷᠢᠯᠭ᠎ᠠ ᠳᠤ ᠬᠡᠷᠡᠭᠯᠡᠬᠦ ᠭᠠᠵᠠᠷ ᠲᠤ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ 5 ᠡᠳᠦᠷ ᠤᠨ ᠳᠣᠲᠣᠷ᠎ᠠ ᠪᠠᠷᠢᠯᠭ᠎ᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠤᠯᠠᠭᠳᠠᠴᠠ ᠶᠢᠨ ᠨᠥᠬᠦᠴᠡᠯ ᠳᠤ ᠦᠨᠡᠯᠡᠯᠲᠡ ᠬᠢᠵᠦ᠂ ︽ᠬᠠᠭᠤᠴᠢ ᠰᠤᠳᠤᠯᠤᠯ ᠤᠨ ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ︾ ᠶᠢ ᠪᠦᠷᠢᠯᠳᠦᠭᠦᠯᠵᠦ᠂ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠶᠢᠨ ᠰᠠᠨᠠᠯ ᠢᠶᠠᠨ ᠳᠤᠷᠠᠳᠤᠨ᠎ᠠ᠃             ︵ᠬᠤᠶᠠᠷ︶  ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ             ︽ᠬᠠᠭᠤᠴᠢ ᠰᠤᠳᠤᠯᠤᠯ ᠤᠨ ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ︾  ᠳᠤ ᠬᠡᠷᠪᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠬᠢᠬᠦ ᠴᠢᠬᠤᠯᠠᠲᠠᠢ ᠭᠡᠵᠦ ᠳᠤᠷᠠᠳᠪᠠᠯ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠬᠠᠭᠤᠴᠢ ᠰᠤᠳᠤᠯᠤᠯ ᠤᠨ ᠨᠡᠭᠡᠭᠡᠨ ᠣᠯᠪᠤᠷᠢᠯᠠᠬᠤ ᠬᠢᠷᠢ ᠬᠡᠮ ᠲᠠᠢ ᠪᠤᠶᠤ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠶᠢᠨ ᠡᠵᠡᠩᠨᠡᠯᠲᠡ ᠶᠢᠨ ᠦᠨᠡᠮᠯᠡᠯ ᠲᠠᠢ ᠮᠥᠷᠲᠡᠭᠡᠨ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠶᠢᠨ ᠲᠤᠰᠬᠠᠢ ᠮᠡᠷᠭᠡᠵᠢᠯ ᠤᠨ ᠡᠩᠨᠡᠭᠡ ᠲᠠᠢ ᠨᠢᠭᠡᠴᠢ ᠶᠢ ᠤᠷᠢᠵᠤ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠶᠢᠨ ᠠᠵᠢᠯ ᠢ ᠬᠢᠯᠭᠡᠨ᠎ᠡ᠂ ᠬᠠᠶᠢᠨ ᠰᠢᠨᠵᠢᠯᠡᠯᠲᠡ ᠶᠢᠨ ᠠᠵᠢᠯ ᠳᠠᠭᠤᠰᠤᠭᠰᠠᠨ 7 ᠡᠳᠦᠷ ᠤᠨ ᠳᠣᠲᠣᠷ᠎ᠠ᠂ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠶᠢᠨ ᠨᠢᠭᠡᠴᠢ ᠠᠴᠠ ︽ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠶᠢᠨ ᠠᠵᠢᠯ ᠤᠨ ᠮᠡᠳᠡᠭᠦᠯᠦᠯᠲᠡ︾  ᠶᠢ ᠲᠤᠰᠢᠶᠠᠬᠤ ᠬᠡᠷᠡᠭᠲᠡᠢ᠃            ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠨᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠳᠤ ᠰᠢᠯᠭᠠᠷᠠᠭᠤᠯᠤᠯᠲᠠ ᠬᠢᠵᠦ᠂ 10 ᠡᠳᠦᠷ ᠤᠨ ᠳᠣᠲᠣᠷ᠎ᠠ ᠰᠢᠯᠭᠠᠨ ᠠᠪᠬᠤ ᠶᠢ ᠪᠡᠶᠡᠯᠡᠭᠦᠯᠬᠦ ᠶᠢ ᠬᠠᠷᠢᠭᠤᠴᠠᠨ᠎ᠠ᠃ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠬᠠᠶᠢᠨ ᠰᠢᠨᠵᠢᠯᠡᠯᠲᠡ ᠶᠢᠨ ᠠᠵᠢᠯ ᠤᠨ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠢ ᠢᠯᠡᠷᠡᠭᠦᠯᠦᠭᠡᠳ ᠤᠤᠯ ᠭᠠᠵᠠᠷ ᠲᠤᠨᠢ ᠬᠠᠮᠠᠭᠠᠯᠠᠬᠤ ᠴᠢᠬᠤᠯᠠᠲᠠᠢ ᠪᠠᠶᠢᠪᠠᠯ᠂ ᠡᠰᠡᠬᠦᠯ᠎ᠡ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠣᠯᠣᠨ ᠪᠦᠲᠦᠭᠡᠨ ᠪᠠᠶᠢᠭᠤᠯᠤᠯᠲᠠ ᠶᠢ ᠡᠵᠡᠮᠳᠡᠬᠦ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠳᠤ ᠬᠤᠯᠪᠣᠭᠳᠠᠪᠠᠯ᠂ ᠭᠠᠵᠠᠷ ᠬᠡᠷᠡᠭᠯᠡᠬᠦ ᠨᠢᠭᠡᠴᠢ ᠨᠢ ︽ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠰᠥᠯ︾  ᠪᠣᠯᠣᠨ ︽ᠲᠡᠦᠬᠡ ᠶᠢᠨ ᠳᠤᠷᠠᠰᠬᠠᠯᠲᠤ ᠵᠦᠢᠯᠡᠰ ᠤᠨ ᠨᠥᠯᠥᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ︾  ᠶᠢ ᠬᠠᠩᠭᠠᠵᠤ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠶᠢᠨ ᠬᠠᠮᠲᠤ ᠬᠢᠨᠠᠨ ᠲᠣᠭᠲᠠᠭᠠᠬᠤ ᠳᠤ ᠣᠷᠣᠯᠴᠠᠭᠰᠠᠨ ᠨᠢᠭᠡᠴᠢ ᠠᠴᠠ ᠬᠠᠮᠲᠤ ᠪᠠᠷ ᠰᠠᠨᠠᠯ ᠭᠠᠷᠭᠠᠬᠤ ᠬᠡᠷᠡᠭᠲᠡᠢ᠃            ᠳᠥᠷᠪᠡ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ            ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠤᠷᠢᠳᠴᠢᠯᠠᠨ ᠬᠢᠨᠠᠬᠤ ᠵᠦᠢᠯ ᠲᠣᠭᠲᠠᠭᠠᠬᠤ ᠪᠤᠶᠤ ᠭᠠᠵᠠᠷ ᠰᠣᠩᠭᠤᠬᠤ  ᠶᠢ ᠬᠠᠷᠢᠭᠤᠴᠠᠬᠤ ᠠᠳᠠᠯᠢ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠂ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ᠂ ᠣᠶ ᠰᠢᠭᠤᠢ ᠡᠪᠡᠰᠦ ᠪᠡᠯᠴᠢᠭᠡᠷ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠬᠤᠷᠢᠶᠠᠬᠤ ᠵᠠᠬᠢᠳᠠᠯ ᠢ ᠣᠯᠣᠭᠰᠠᠨ ᠤ ᠳᠠᠷᠠᠭ᠎ᠠ᠂ ᠬᠠᠩᠭᠠᠭᠰᠠᠨ ᠬᠡᠷᠡᠭᠯᠡᠬᠦ ᠭᠠᠵᠠᠷ ᠤᠨ ᠪᠠᠶᠢᠷᠢᠰᠢᠯ ᠢ ᠦᠨᠳᠦᠰᠦᠯᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠬᠠᠷᠢᠴᠠᠭᠤᠯᠬᠤ ᠪᠠᠷ ᠳᠠᠮᠵᠢᠭᠤᠯᠤᠨ᠂ ᠵᠠᠷᠴᠢᠮ ᠳᠡᠭᠡᠷ᠎ᠡ ᠪᠠᠨ 7 ᠠᠵᠢᠯᠯᠠᠬᠤ ᠡᠳᠦᠷ ᠤᠨ ᠳᠣᠲᠣᠷ᠎ᠠ ᠪᠠᠷᠢᠯᠭ᠎ᠠ ᠶᠢᠨ ᠲᠥᠷᠥᠯ ᠵᠦᠢᠯ ᠲᠣᠭᠲᠠᠭᠠᠵᠤ ᠭᠠᠵᠠᠷ ᠰᠣᠩᠭᠤᠬᠤ ᠬᠡᠪᠴᠢᠶᠡᠨ ᠳᠣᠲᠣᠷ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠪᠠᠶᠢᠬᠤ ᠡᠰᠡᠬᠦ ᠵᠢᠴᠢ ᠲᠥᠷᠥᠯ ᠵᠦᠢᠯ ᠲᠣᠭᠲᠠᠭᠠᠵᠤ ᠭᠠᠵᠠᠷ ᠰᠣᠩᠭᠤᠬᠤ ᠶᠢ ᠵᠥᠪᠰᠢᠶᠡᠷᠡᠬᠦ ᠡᠰᠡᠬᠦ ᠶᠢᠨ ᠡᠮᠦᠨᠡᠬᠢ ᠬᠤᠭᠤᠴᠠᠭᠠᠨ ᠤ ᠬᠢᠨᠠᠨ ᠪᠠᠶᠢᠴᠠᠭᠠᠭᠰᠠᠨ ᠰᠠᠨᠠᠯ ᠢ ᠭᠠᠷᠭᠠᠵᠤ ᠣᠯᠭᠤᠬᠤ ᠬᠡᠷᠡᠭᠲᠡᠢ᠃ ᠲᠥᠷᠥᠯ ᠵᠦᠢᠯ ᠲᠣᠭᠲᠠᠭᠠᠬᠤ ᠪᠤᠶᠤ ᠭᠠᠵᠠᠷ ᠰᠣᠩᠭᠤᠬᠤ ᠶᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠲᠥᠷᠥᠯ ᠵᠦᠢᠯ ᠤᠨ ᠨᠠᠷᠢᠨ ᠵᠢᠭᠰᠠᠭᠠᠯᠲᠠ ᠶᠢ ᠣᠯᠣᠭᠰᠠᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠨᠢ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠠᠢ ᠰᠠᠨᠠᠭᠠᠴᠢᠯᠠᠭ᠎ᠠ ᠠᠴᠠ ᠪᠠᠨ ᠤᠶᠠᠯᠳᠤᠭᠤᠯᠵᠤ᠂ ᠠᠵᠢᠯ ᠡᠬᠢᠯᠡᠬᠦ ᠠᠴᠠ ᠡᠮᠦᠨ᠎ᠡ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠵᠥᠪᠰᠢᠶᠡᠷᠡᠯ ᠤᠨ ᠭᠠᠷᠳᠠᠮ ᠤᠨ ᠴᠤᠪᠤᠷᠠᠯ ᠢ ᠭᠦᠢᠴᠡᠳᠬᠡᠬᠦ ᠴᠢᠬᠤᠯᠠᠲᠠᠢ ᠪᠠᠶᠢᠬᠤ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠪᠦᠲᠦᠭᠡᠨ ᠪᠠᠶᠢᠭᠤᠯᠬᠤ ᠨᠢᠭᠡᠴᠢ ᠶᠢᠨ ᠮᠡᠳᠡᠭᠦᠯᠦᠭᠰᠡᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠤᠷᠢᠲᠠᠯ ᠳᠣᠣᠷ᠎ᠠ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠨᠢ ᠵᠠᠷᠴᠢᠮ ᠳᠡᠭᠡᠷ᠎ᠡ ᠪᠠᠨ 5 ᠠᠵᠢᠯᠯᠠᠬᠤ ᠡᠳᠦᠷ ᠤᠨ ᠳᠣᠲᠣᠷ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠰᠠᠨᠠᠯ ᠢ ᠭᠠᠷᠭᠠᠵᠤ ᠣᠯᠭᠤᠨ᠎ᠠ᠃            ᠲᠠᠪᠤ᠂ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ            ᠪᠠᠷᠢᠯᠭ᠎ᠠ ᠪᠠᠷᠢᠬᠤ ᠶᠠᠪᠤᠴᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠢᠯᠡᠷᠡᠭᠦᠯᠪᠡᠯ᠂ ᠪᠦᠲᠦᠭᠡᠨ ᠪᠠᠶᠢᠭᠤᠯᠬᠤ ᠨᠢᠭᠡᠴᠢ ᠠᠴᠠ ᠲᠤᠬᠠᠢ ᠶᠢᠨ ᠭᠠᠵᠠᠷ ᠢ ᠨᠢ ᠳᠠᠷᠤᠢ ᠲᠦᠷᠭᠡᠨ ᠬᠠᠮᠠᠭᠠᠯᠠᠬᠤ ᠶᠢᠨ ᠬᠠᠮᠲᠤ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ ᠳᠤᠷ᠎ᠠ ᠮᠡᠳᠡᠨ ᠪᠠᠷᠢᠯᠭ᠎ᠠ ᠪᠠᠷᠢᠭᠠᠳ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠤ ᠬᠠᠤᠯᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃            ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠡᠯ᠎ᠡ ᠠᠵᠤ ᠠᠬᠤᠶᠢᠯᠠᠯ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠢᠳᠡᠪᠬᠢᠲᠡᠢ ᠬᠠᠮᠵᠢᠯᠴᠠᠵᠤ᠂ ᠮᠠᠨ ᠤ ᠰᠣᠶᠣᠯ ᠤᠨ ᠥᠪ ᠢᠶᠠᠨ ᠬᠠᠮᠲᠤᠪᠠᠷ ᠰᠠᠬᠢᠨ ᠬᠠᠮᠠᠭᠠᠯᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠬᠡᠷᠪᠡ ᠲᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠠᠯ᠎ᠠ ᠶᠢᠨ ᠠᠰᠠᠭᠤᠳᠠᠯ ᠳᠤ ᠲᠤᠯᠭᠠᠷᠠᠬᠤ ᠪᠤᠶᠤ ᠠᠰᠠᠭᠤᠨ ᠯᠠᠪᠯᠠᠬᠤ ᠴᠢᠬᠤᠯᠠ ᠲᠠᠢ ᠪᠣᠯ ᠴᠠᠭ ᠲᠤᠬᠠᠢ ᠳᠤᠨᠢ ᠪᠢᠳᠡᠨ ᠲᠠᠢ ᠬᠠᠷᠢᠯᠴᠠᠭᠠᠷᠠᠢ᠂ ᠪᠢᠳᠡ ᠦᠨᠡᠨ ᠰᠡᠳᠬᠢᠯ ᠠᠴᠠ ᠪᠠᠨ ᠲᠠᠨ ᠳᠤ ᠦᠢᠯᠡᠴᠢᠯᠡᠨ᠎ᠡ᠃             ᠣᠶᠢᠯᠠᠭᠠᠨ ᠳᠡᠮᠵᠢᠬᠦ ᠶᠢ ᠬᠢᠴᠢᠶᠡᠩᠭᠦᠶᠢᠯᠡᠨ ᠬᠦᠰᠡᠶ᠎ᠡ︕             ᠬᠠᠷᠢᠯᠴᠠᠬᠤ ᠬᠥᠮᠥᠨ᠄  ᠠᠯᠳ᠋ᠬᠠᠠᠭᠤᠯᠠ ︵  ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ︶             ᠬᠠᠷᠢᠯᠴᠠᠬᠤ ᠤᠲᠠᠰᠤ᠄  13804736664            ᠬᠠᠪᠰᠤᠷᠤᠯᠲᠠ᠄  ᠪᠠᠷᠢᠯᠭ᠎ᠠ ᠶᠢᠨ ᠲᠥᠷᠥᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠠᠵᠢᠯ ᠤᠨ ᠴᠤᠪᠤᠷᠠᠯ ᠤᠨ ᠵᠢᠷᠤᠭ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号