| | ᠲᠠᠨ ᠤ ᠬᠠᠵᠠᠭᠤ ᠳᠤ ᠬᠤᠶᠠᠷ ᠵᠦᠢᠯ ᠤᠨ ᠬᠥᠮᠥᠨ ᠪᠠᠶᠢᠨ᠎ᠠ ᠤᠤ ᠄ ᠨᠢᠭᠡ ᠵᠦᠢᠯ ᠤᠨ ᠬᠥᠮᠥᠨ ᠲᠤᠩ ᠴᠥᠭᠡᠨ | ᠬᠢᠮᠤᠷᠠᠭ᠎ᠠ ᠲᠠᠭᠰᠢᠭᠤᠷ ᠲᠤ ᠨᠡᠷᠪᠡᠭᠳᠡᠨ᠎ᠡ᠂ᠪᠠᠰᠠ ᠨᠢᠭᠡ ᠵᠦᠢᠯ ᠤᠨ ᠬᠥᠮᠥᠰ ᠬᠠᠷᠢᠨ ᠬᠠᠯᠲᠤᠰᠬᠢᠪᠡᠯ ᠬᠢᠮᠤᠷᠠᠴᠢᠬᠠᠳᠠᠭ᠂ | ᠪᠠᠷᠤᠭ ᠤᠯᠠᠷᠢᠯ ᠰᠣᠯᠢᠭᠳᠠᠬᠤ ᠪᠦᠷᠢ ᠬᠢᠮᠤᠷᠠᠭ᠎ᠠ ᠲᠠᠭᠰᠢᠭᠤᠷ ᠲᠤ ᠨᠡᠷᠪᠡᠭᠳᠡᠳᠡᠭ ᠁ ᠵᠠᠷᠢᠮ ᠬᠥᠮᠥᠰ ᠨᠢ ︽ᠪᠠᠭ᠎ᠠ | ᠡᠪᠡᠳᠴᠢᠨ ᠲᠠᠰᠤᠷᠠᠬᠤ ᠦᠭᠡᠢ᠂ ᠶᠡᠭᠡ ᠡᠪᠡᠳᠴᠢᠨ ᠣᠯᠬᠤ ᠦᠭᠡᠢ ︾᠂ ᠦᠷᠭᠦᠯᠵᠢ ᠬᠢᠮᠤᠷᠠᠭ᠎ᠠ ᠲᠠᠭᠰᠢᠭᠤᠷ ᠲᠤ | ᠨᠡᠷᠪᠡᠭᠳᠡᠳᠡᠭ ᠬᠥᠮᠥᠨ ᠶᠡᠭᠡ ᠡᠪᠡᠳᠴᠢᠨ ᠠᠮᠠᠷᠬᠠᠨ ᠣᠯᠳᠠᠭ ᠦᠭᠡᠢ᠂ ᠬᠠᠷᠢᠨ ᠬᠢᠮᠤᠷᠠᠵᠤ ᠬᠠᠯᠠᠭᠤᠷᠠᠬᠤ ᠨᠢ ᠮᠠᠰᠢ ᠴᠥᠭᠡᠨ | ᠬᠥᠮᠥᠰ ᠡᠪᠡᠳᠴᠢᠯᠡᠪᠡᠯ ᠶᠡᠭᠡ ᠠᠰᠠᠭᠤᠳᠠᠯ ᠪᠤᠯᠳᠠᠭ ᠭᠡᠯᠴᠡᠳᠡᠭ᠃ | ᠦᠨᠡᠨ ᠪᠠᠶᠢᠳᠠᠯ ᠨᠢ ᠴᠣᠬᠤᠮ ᠶᠠᠮᠠᠷ ᠪᠤᠶ︖ᠬᠢᠮᠤᠷᠠᠬᠤ ᠨᠢ ᠪᠠᠭ᠎ᠠ ᠪᠣᠯ ᠢᠮᠦ᠋ᠨ ᠴᠢᠳᠠᠪᠤᠷᠢ ᠨᠢ ᠨᠠᠩ ᠰᠠᠶᠢᠨ | ᠭᠡᠰᠡᠨ ᠦᠭᠡ ᠦᠦ︖ᠠᠮᠢᠳᠤᠷᠠᠯ ᠳᠤᠮᠳᠠ᠂ ᠣᠯᠠᠩᠬᠢ ᠬᠥᠮᠥᠰ ᠦᠷᠭᠦᠯᠵᠢ ᠬᠢᠮᠤᠷᠠᠭ᠎ᠠ ᠲᠠᠭᠰᠢᠭᠤᠷ ᠲᠤ ᠨᠡᠷᠪᠡᠭᠳᠡᠬᠦ᠂ | ᠲᠠᠮᠢᠷᠳᠠᠵᠤ ᠶᠠᠳᠠᠷᠠᠬᠤ᠂ ᠬᠤᠳᠣᠭᠤᠳᠤ ᠭᠡᠳᠡᠰᠦ ᠡᠪ ᠦᠭᠡᠢ ᠪᠤᠯᠬᠤ ᠵᠡᠷᠭᠡ ᠪᠠᠶᠢᠳᠠᠯ ᠢᠯᠡᠷᠡᠳᠡᠭ᠂ ᠤᠯᠠᠨᠬᠭᠢ ᠨᠢ ᠡᠭᠦᠨ ᠢ | ᠢᠮᠦ᠋ᠨ ᠴᠢᠳᠠᠪᠤᠷᠢ ᠠᠨᠠᠢ ᠠᠴᠠ ᠪᠣᠯᠤᠭᠰᠠᠨ ᠭᠡᠵᠦ ᠳ᠋ᠦᠩᠨᠡᠳᠡᠭ᠃ ᠭᠡᠪᠡᠴᠦ ᠦᠨᠡᠨ ᠳᠡᠭᠡᠨ ᠳᠡᠭᠡᠷ᠎ᠡ ᠳᠤᠷᠠᠳᠤᠭᠰᠠᠨ | ᠠᠰᠠᠭᠤᠳᠠᠯ ᠨᠢ ᠪᠦᠷᠢᠮᠦᠰᠦᠨ ᠢᠮᠦ᠋ᠨ ᠴᠢᠳᠠᠪᠤᠷᠢ ᠪᠠᠷ ᠲᠣᠭᠲᠠᠭᠠᠭᠳᠠᠬᠤ ᠪᠢᠰᠢ᠂ ᠨᠠᠰᠤᠨ ᠳᠤ ᠭᠦᠷᠦᠭᠰᠡᠳ ᠲᠤ ᠠᠪᠴᠤ | ᠬᠡᠯᠡᠪᠡᠯ᠂ ᠣᠯᠠᠩᠬᠢ ᠬᠢᠮᠤᠷᠠᠭ᠎ᠠ ᠲᠠᠭᠰᠢᠭᠤᠷ ᠲᠤ ᠨᠡᠷᠪᠡᠭᠳᠡᠭᠰᠡᠨ ᠡᠪᠡᠳᠴᠢᠲᠡᠨ ᠤ ᠢᠮᠦ᠋ᠨ ᠤ ᠡᠰ᠂ ᠢᠮᠦ᠋ᠨ ᠤ ᠮᠣᠯᠧᠺᠦ᠋ᠯ | ᠨᠢ ᠡᠷᠡᠭᠦᠯ ᠬᠥᠮᠥᠨ ᠲᠠᠢ ᠢᠯᠭᠠᠭ᠎ᠠ ᠦᠭᠡᠢ ᠪᠠᠶᠢᠳᠠᠭ᠂ ᠵᠠᠩᠭᠢᠯᠠᠭ᠎ᠠ ᠨᠢ ︽ᠡᠰᠡᠷᠭᠦᠴᠡᠬᠦ ᠴᠢᠳᠠᠪᠤᠷᠢ︾ ᠨᠡᠯᠢᠶᠡᠳ ᠳᠣᠣᠷ᠎ᠠ | ᠪᠠᠶᠢᠳᠠᠭ ᠠᠴᠠ ᠪᠣᠯᠤᠭᠰᠠᠨ ᠶᠤᠮ᠃ ᠥᠭᠡᠷ᠎ᠡ ᠪᠠᠷ ᠬᠡᠯᠡᠪᠡᠯ᠂ ᠠᠮᠠᠷᠬᠠᠨ ᠬᠢᠮᠤᠷᠠᠭ᠎ᠠ ᠲᠠᠭᠰᠢᠭᠤᠷ ᠲᠤ ᠨᠡᠷᠪᠡᠭᠳᠡᠬᠦ ᠡᠰᠡᠬᠦ ᠨᠢ | ᠢᠮᠦ᠋ᠨ ᠤ ᠠᠵᠢᠯᠯᠠᠭ᠎ᠠ ᠶᠢ ᠰᠢᠭᠤᠳ ᠲᠤᠰᠬᠠᠵᠤ ᠳᠡᠶᠢᠯᠭᠦ ᠦᠭᠡᠢ᠂ ᠬᠠᠷᠢᠨ ᠡᠰᠡᠷᠭᠦᠴᠡᠬᠦ ᠴᠢᠳᠠᠪᠤᠷᠢ ᠶᠢᠨ ᠬᠦᠴᠦᠷᠬᠡᠭ | ᠪᠠᠭᠤᠷᠠᠢ ᠳᠤ ᠪᠠᠶᠢᠨ᠎ᠠ᠃ | ᠶᠡᠷᠦ ᠶᠢᠨ ᠪᠠᠶᠢᠳᠠᠯ ᠳᠤ᠂ ᠬᠢᠮᠤᠷᠠᠭ᠎ᠠ ᠲᠠᠭᠰᠢᠭᠤᠷ ᠲᠤ ᠨᠡᠷᠪᠡᠭᠳᠡᠵᠦ ᠬᠠᠯᠠᠭᠤᠷᠠᠬᠤ ᠨᠢ ᠢᠮᠦ᠋ᠨ ᠰᠢᠰᠲ᠋ᠧᠮ ᠤᠨ | ᠡᠪᠡᠳᠴᠢᠨ ᠡᠭᠦᠰᠬᠡᠭᠴᠢ ᠶᠢ ᠰᠢᠷᠦᠭᠦᠨ ᠡᠰᠡᠷᠭᠦᠴᠡᠵᠦ ᠪᠠᠶᠢᠬᠤ ᠶᠢ ᠲᠥᠯᠥᠭᠡᠯᠡᠵᠦ ᠪᠠᠶᠢᠳᠠᠭ᠃ ᠵᠣᠬᠢᠬᠤ ᠬᠡᠮᠵᠢᠶ᠎ᠡ ᠪᠠᠷ | ᠬᠠᠯᠠᠭᠤᠷᠠᠬᠤ ᠨᠢ ᠢᠮᠦ᠋ᠨ ᠰᠢᠰᠲ᠋ᠧᠮ ᠤᠨ ᠵᠠᠯᠭᠢᠬᠤ ᠡᠰ ᠤᠨ ᠢᠳᠡᠪᠬᠢ ᠴᠢᠨᠠᠷ ᠢ ᠳᠡᠭᠡᠭᠰᠢᠯᠡᠭᠦᠯᠵᠦ᠂ ᠡᠰᠡᠷᠭᠦᠴᠡᠭᠴᠢ ᠶᠢᠨ | ᠪᠤᠶ ᠪᠤᠯᠬᠤ ᠶᠢ ᠠᠬᠢᠭᠤᠯᠬᠤ ᠳᠤ ᠠᠰᠢᠭᠲᠠᠢ᠂ ᠪᠡᠶ᠎ᠡ ᠮᠠᠬᠠᠪᠤᠳ ᠤᠨ ᠨᠢᠭᠡ ᠵᠦᠢᠯ ᠤᠨ ᠥᠪᠡᠷ ᠢ ᠪᠠᠨ ᠬᠠᠮᠠᠭᠠᠯᠠᠬᠤ | ᠲᠣᠭᠲᠠᠴᠠ ᠪᠣᠯᠣᠨ᠎ᠠ᠃ ᠭᠡᠪᠡᠴᠦ ᠦᠷᠭᠦᠯᠵᠢ ᠬᠢᠮᠤᠷᠠᠭ᠎ᠠ ᠲᠠᠭᠰᠢᠭᠤᠷ ᠲᠤ ᠨᠡᠷᠪᠡᠭᠳᠡᠵᠦ ᠬᠠᠯᠠᠭᠤᠷᠠᠬᠤ ᠨᠢ ᠢᠮᠦ᠋ᠨ ᠤ | ᠴᠢᠳᠠᠯ ᠢ ᠨᠡᠮᠡᠭᠳᠡᠭᠦᠯᠵᠦ ᠴᠢᠳᠠᠬᠤ ᠦᠭᠡᠢ᠂ ᠨᠠᠰᠤᠨ ᠳᠤ ᠭᠦᠷᠦᠭᠰᠡᠳ ᠤᠨ ᠢᠮᠦ᠋ᠨ ᠰᠢᠰᠲ᠋ᠧᠮ ᠨᠢᠭᠡᠨᠲᠡ ᠨᠡᠯᠢᠶᠡᠳ ᠪᠦᠭᠦ | ᠲᠠᠯ᠎ᠠ ᠶᠢᠨ ᠬᠥᠭᠵᠢᠯᠲᠡ ᠲᠠᠢ ᠪᠣᠯᠵᠤ᠂ ᠢᠮᠦ᠋ᠨ ᠴᠢᠳᠠᠪᠤᠷᠢ ᠨᠢ ᠨᠠᠰᠤᠨ ᠤ ᠨᠡᠮᠡᠭᠳᠡᠬᠦ ᠶᠢ ᠳᠠᠭᠠᠯᠳᠤᠨ ᠪᠠᠭᠤᠷᠠᠳᠠᠭ᠃ | 70% - 80% ᠶᠢᠨ ᠬᠢᠮᠤᠷᠠᠭ᠎ᠠ ᠨᠢ ᠸᠢᠷᠦ᠋ᠰ ( ᠡᠩ ᠤᠨ ᠬᠢᠮᠤᠷᠠᠭ᠎ᠠ ᠶᠢᠨ ᠸᠢᠷᠦ᠋ᠰ ᠪᠠ ᠬᠠᠯᠳᠠᠪᠤᠷᠢᠲᠤ | ᠲᠠᠭᠰᠢᠭᠤᠷ ᠤᠨ ᠸᠢᠷᠦ᠋ᠰ ᠪᠠᠭᠲᠠᠨ᠎ᠠ ) ᠠᠴᠠ ᠡᠭᠦᠰᠴᠦ᠂ 20% - 30% ᠨᠢ ᠪᠠᠺᠲ᠋ᠧᠷᠢ ᠠᠴᠠ ᠡᠭᠦᠰᠴᠦ᠂ ᠬᠢᠮᠤᠷᠠᠭ᠎ᠠ | ᠡᠳᠡᠭᠡᠷᠡᠭᠰᠡᠨ ᠤ ᠳᠠᠷᠠᠭ᠎ᠠ ᠪᠡᠶ᠎ᠡ ᠮᠠᠬᠠᠪᠤᠳ ᠨᠢ ᠨᠢᠭᠡ ᠬᠡᠰᠡᠭ ᠰᠡᠷᠭᠦᠬᠦ ᠬᠤᠭᠤᠴᠠᠭ᠎ᠠ ᠬᠡᠷᠡᠭᠰᠡᠵᠦ ᠡᠰᠡᠷᠭᠦᠴᠡᠬᠦ ᠴᠢᠳᠠᠪᠤᠷᠢ ᠪᠠ | ᠢᠮᠦ᠋ᠨ ᠤ ᠬᠢᠷᠢ ᠬᠡᠮᠵᠢᠶ᠎ᠡ ᠶᠢ ᠰᠡᠷᠭᠦᠭᠡᠳᠡᠭ᠃ ᠶᠡᠷᠦᠩᠬᠡᠢ ᠳᠤᠨᠢ ᠠᠪᠴᠤ ᠬᠡᠯᠡᠪᠡᠯ᠂ ᠡᠩ ᠤᠨ ᠲᠠᠭᠰᠢᠭᠤᠷ ᠤᠨ ᠸᠢᠷᠦ᠋ᠰ ᠲᠤ | ᠢᠮᠦ᠋ᠨ ᠴᠢᠳᠠᠪᠤᠷᠢ ᠲᠠᠢ ᠪᠣᠯᠤᠭᠰᠠᠨ ᠬᠥᠮᠥᠨ ᠦᠷᠭᠦᠯᠵᠢ ᠲᠠᠭᠰᠢᠭᠤᠷ ᠲᠤ ᠨᠡᠷᠪᠡᠭᠳᠡᠳᠡᠭ ᠥᠭᠡᠶ;ᠵᠠᠷᠢᠮ ᠬᠥᠮᠥᠨ ᠭᠧᠨ | ᠳᠡᠭᠡᠷ᠎ᠡ ᠪᠠᠨ ᠡᠩ ᠤᠨ ᠲᠠᠭᠰᠢᠭᠤᠷ ᠤᠨ ᠸᠢᠷᠦ᠋ᠰ ᠲᠤ ᠲᠡᠶᠢᠮᠦ ᠰᠡᠷᠭᠡᠭ ᠪᠢᠰᠢ;ᠨᠣᠶᠢᠷ ᠰᠠᠶᠢᠨ ᠪᠠ ᠠᠮᠢᠳᠤᠷᠠᠯ ᠤᠨ | ᠳᠠᠷᠤᠭᠠᠰᠤ ᠪᠠᠭ᠎ᠠ ᠬᠥᠮᠥᠰ ᠤᠨ ᠢᠮᠦ᠋ᠨ ᠰᠢᠰᠲ᠋ᠧᠮ ᠪᠠᠰᠠ ᠨᠡᠯᠢᠶᠡᠳ ᠲᠡᠩᠴᠡᠭᠦᠷᠢᠲᠡᠢ᠂ ᠠᠮᠠᠷᠬᠠᠨ ᠬᠢᠮᠤᠷᠠᠭ᠎ᠠ | ᠲᠠᠭᠰᠢᠭᠤᠷ ᠲᠤ ᠨᠡᠷᠪᠡᠭᠳᠡᠬᠦ ᠦᠭᠡᠢ᠃ | ᠬᠡᠷᠬᠢᠨ ᠡᠪᠡᠳᠴᠢᠨ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠭᠦ ᠪᠤᠶ︖ | ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠦᠶ᠎ᠡ ᠭᠡᠪᠡᠯ᠂ ᠪᠡᠶ᠎ᠡ ᠮᠠᠬᠠᠪᠤᠳ ᠤᠨ ᠠᠮᠢᠵᠢᠷᠠᠯ ᠤᠨ ᠬᠦᠴᠦᠨ ᠢ | ᠪᠠᠲᠤᠯᠠᠬᠤ ᠬᠡᠷᠡᠭᠲᠡᠢ ᠄ ᠰᠢᠮ᠎ᠡ ᠲᠡᠵᠢᠭᠡᠯ ᠢ ᠲᠡᠩᠴᠡᠭᠦᠷᠢᠲᠡᠢ ᠪᠠᠶᠢᠯᠭᠠᠨ᠎ᠠ᠂ ᠰᠢᠮ᠎ᠡ ᠲᠡᠵᠢᠭᠡᠯ ᠢ ᠪᠦᠭᠦ ᠲᠠᠯ᠎ᠠ ᠪᠠᠷ | ᠲᠡᠩᠴᠡᠭᠦᠷᠢᠲᠡᠢ ᠰᠢᠩᠭᠡᠬᠡᠨ ᠠᠪᠬᠤ ᠨᠢ ᠢᠮᠦ᠋ᠨ ᠰᠢᠰᠲ᠋ᠧᠮ ᠤᠨ ᠬᠡᠪ ᠤᠨ ᠠᠵᠢᠯᠯᠠᠭ᠎ᠠ ᠪᠠᠨ ᠪᠠᠳᠠᠷᠠᠭᠤᠯᠬᠤ ᠶᠢ | ᠪᠠᠲᠤᠯᠠᠬᠤ ᠶᠢᠨ ᠰᠠᠭᠤᠷᠢ ᠮᠥᠨ;ᠪᠠᠶᠠᠰᠤᠩᠭᠤᠢ ᠪᠠᠶᠢᠬᠤ ᠪᠣᠯ ᠰᠢᠮ᠎ᠡ ᠲᠡᠵᠢᠭᠡᠯ ᠮᠥᠨ᠂ ᠵᠣᠪᠠᠨᠢᠯ᠂ ᠭᠡᠯᠮᠡᠭᠳᠡᠯ ᠵᠡᠷᠭᠡ | ᠤᠷᠮ᠎ᠠ ᠰᠡᠳᠬᠢᠯᠭᠡ ᠨᠢ ᠪᠢᠳᠡᠨ ᠳᠤ ᠰᠡᠳᠬᠢᠴᠡ ᠶᠢᠨ ᠳᠠᠷᠤᠯᠲᠠ ᠥᠭᠴᠦ᠂ ᠡᠰᠡᠷᠭᠦᠴᠡᠬᠦ ᠴᠢᠳᠠᠪᠤᠷᠢ ᠶᠢ ᠪᠠᠭᠤᠷᠠᠭᠤᠯᠤᠨ᠂ | ᠠᠮᠠᠷᠬᠠᠨ ᠸᠢᠷᠦ᠋ᠰ ᠤᠨ ᠳᠠᠭᠠᠷᠢᠯᠲᠠ ᠳᠤ ᠤᠴᠠᠷᠠᠭᠤᠯᠤᠨ᠎ᠠ᠂ ᠴᠠᠭ ᠢᠮᠠᠭᠲᠠ ᠳᠠᠷᠤᠯᠲᠠ ᠶᠢ ᠠᠷᠭᠠᠴᠠᠭᠠᠬᠤ ᠶᠢ ᠰᠤᠷᠴᠤ᠂ | ᠠᠯᠢ ᠴᠢᠳᠠᠬᠤ ᠪᠠᠷ ᠪᠠᠶᠠᠰᠤᠩᠭᠤᠢ᠂ ᠢᠳᠡᠪᠬᠢᠲᠡᠢ ᠪᠠᠶᠢᠵᠤ᠂ ᠥᠷᠭᠡᠨ ᠢᠶᠠᠷ ᠨᠠᠶᠢᠵᠠᠯᠠᠵᠤ᠂ ᠢᠯᠡᠭᠦᠬᠡᠨ ᠶᠠᠷᠢᠵᠤ᠂ ᠳᠠᠭᠤᠤ | ᠳᠠᠭᠤᠯᠠᠬᠤ ᠵᠡᠷᠭᠡ ᠠᠵᠢᠯᠯᠠᠭ᠎ᠠ ᠳᠤ ᠢᠯᠡᠭᠦᠬᠡᠨ ᠣᠷᠤᠯᠴᠠᠬᠤ ᠭᠡᠷᠡᠭᠲᠡᠶ;ᠨᠣᠶᠢᠷ ᠭᠦᠢᠴᠡᠳ ᠪᠠᠶᠢᠬᠤ ᠶᠢ ᠪᠠᠲᠤᠯᠠᠨ᠎ᠠ᠂ ︽ | ᠤᠨᠲᠠᠯᠭ᠎ᠠ︾ ᠰᠡᠳᠬᠦᠯ ᠤᠨ ᠰᠤᠳᠤᠯᠭᠠᠨ ᠠᠴᠠ ᠦᠵᠡᠪᠡᠯ᠂ ᠸᠢᠷᠦ᠋ᠰ ᠲᠠᠢ ᠬᠦᠷᠦᠯᠴᠡᠬᠦ ᠦᠶ᠎ᠡ ᠳᠤ᠂ ᠵᠠᠯᠭᠠᠭ᠎ᠠ ᠪᠠᠷ ᠨᠢᠭᠡ | ᠭᠠᠷᠠᠭ ᠤᠨᠲᠠᠭᠰᠠᠨ ᠴᠠᠭ ᠨᠢ 6 ᠴᠠᠭ ᠬᠦᠷᠬᠦ ᠦᠭᠡᠢ ᠲᠡᠳᠡᠭᠡᠷ ᠬᠥᠮᠥᠰ ᠤᠨ ᠬᠢᠮᠤᠷᠠᠭ᠎ᠠ ᠲᠠᠭᠰᠢᠭᠤᠷ ᠲᠤ ᠨᠡᠷᠪᠡᠭᠳᠡᠬᠦ | ᠨᠣᠷᠮ᠎ᠠ ᠨᠢ ᠤᠨᠲᠠᠭᠰᠠᠨ ᠴᠠᠭ ᠨᠢ 7 ᠴᠠᠭ ᠠᠴᠠ ᠬᠡᠲᠦᠷᠡᠭᠰᠡᠨ ᠬᠥᠮᠥᠰ ᠤᠨ 4 ᠳᠠᠭᠢᠨ ᠪᠣᠯᠣᠨ᠎ᠠ᠃ ᠨᠣᠶᠢᠷ ᠭᠦᠢᠴᠡᠳ | ᠪᠠᠶᠢᠬᠤ ᠨᠢ ᠰᠡᠷᠡᠬᠦ ᠦᠶ᠎ᠡ ᠶᠢᠨ ᠲᠠᠮᠢᠷ ᠲᠡᠩᠬᠡᠭᠡ ᠶᠢ ᠪᠠᠲᠤᠯᠠᠵᠤ ᠴᠢᠳᠠᠨ᠎ᠠ᠂ ᠶᠡᠷᠦ ᠳᠡᠭᠡᠨ ᠨᠠᠰᠤᠨ ᠳᠤ ᠭᠦᠷᠦᠭᠰᠡᠳ ᠤᠨ | ᠡᠳᠦᠷ ᠪᠦᠷᠢ ᠶᠢᠨ ᠤᠨᠲᠠᠬᠤ ᠴᠠᠭ ᠨᠢ 7-8 ᠴᠠᠭ᠂ ᠨᠠᠰᠤᠲᠠᠨ ᠴᠤ 6 ᠴᠠᠭ ᠠᠴᠠ ᠳᠣᠣᠷ᠎ᠠ ᠪᠠᠶᠢᠵᠤ ᠪᠤᠯᠬᠤ ᠦᠭᠡᠢ; | ᠳᠠᠮᠢᠷ ᠤᠨ ᠬᠥᠳᠡᠯᠭᠡᠭᠡᠨ ᠨᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠳᠡᠭ᠂ ᠨᠠᠰᠤᠲᠠᠶᠢᠴᠤᠳ ᠬᠤᠭᠤᠯᠠᠨ ᠤ ᠳᠠᠷᠠᠭ᠎ᠠ | ᠠᠯᠬᠤᠬᠤ᠂ ᠪᠥᠵᠢᠭ ᠦᠰᠦᠷᠬᠦ ᠵᠡᠷᠭᠡ ᠳᠤᠮᠳᠠ ᠳᠣᠣᠷ᠎ᠠ ᠬᠦᠴᠦᠯᠡᠴᠡ ᠲᠠᠢ ᠬᠥᠳᠡᠯᠭᠡᠭᠡᠨ ᠬᠢᠵᠦ ᠪᠣᠯᠣᠨ᠎ᠠ᠂ ᠡᠳᠡᠭᠡᠷ | ᠬᠥᠳᠡᠯᠭᠡᠭᠡᠨ ᠤ ᠴᠠᠭ ᠢ ᠬᠡᠲᠦᠷᠬᠡᠢ ᠤᠷᠲᠤ ᠪᠠᠶᠢᠯᠭᠠᠵᠤ ᠪᠤᠯᠬᠤ ᠦᠭᠡᠢ᠂ ᠬᠠᠮᠤᠭ ᠰᠠᠶᠢᠨ ᠨᠢ ᠨᠢᠭᠡ ᠴᠠᠭ ᠣᠷᠴᠢᠮ | ᠬᠢᠵᠠᠭᠠᠷᠯᠠᠪᠠᠯ ᠵᠣᠬᠢᠨ᠎ᠠ᠂ ᠵᠠᠯᠠᠭᠤᠴᠤᠳ ᠳᠤᠭᠤᠢ ᠤᠨᠤᠬᠤ᠂ ᠥᠲᠥᠨ ᠪᠥᠮᠪᠦᠭᠡ ᠨᠠᠭᠠᠳᠬᠤ᠂ ᠤᠮᠪᠠᠭ᠋ᠤ᠂ ᠶᠤᠭ᠎ᠠ ᠬᠢᠬᠦ | ᠵᠡᠷᠭᠡ ᠲᠠᠮᠢᠷ ᠤᠨ ᠬᠥᠳᠡᠯᠭᠡᠭᠡᠨ ᠢ ᠰᠣᠩᠭᠤᠵᠤ ᠪᠤᠯᠤᠨ᠎ᠠ;ᠸᠠᠺᠼᠢᠨ ᠪᠣᠯ ᠰᠠᠶᠢᠨ ᠬᠠᠪᠰᠤᠷᠤᠭᠴᠢ ᠮᠥᠨ᠂ ᠸᠠᠺᠼᠢᠨ ᠤ | ᠲᠠᠷᠢᠯᠭ᠎ᠠ ᠬᠢᠬᠦ ᠪᠣᠯ ᠵᠠᠷᠢᠮ ᠡᠪᠡᠳᠴᠢᠨ ᠡᠮᠭᠡᠭ ᠤᠨ ᠬᠠᠯᠳᠠᠪᠤᠷᠢᠯᠠᠬᠤ ᠶᠢ ᠡᠰᠡᠷᠭᠦᠴᠡᠬᠦ ᠴᠢᠬᠤᠯᠠ ᠠᠷᠭ᠎ᠠ ᠪᠠᠷᠢᠯ ᠮᠥᠨ᠂ | ᠪᠠᠰᠠ ᠴᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ᠬᠠᠮᠤᠭ ᠤᠨ ᠵᠣᠭᠤᠰ ᠠᠷᠪᠢᠯᠠᠬᠤ ᠠᠷᠭ᠎ᠠ ᠭᠡᠯᠪᠡᠷᠢ ᠮᠥᠨ᠂ | ᠬᠡᠦᠬᠡᠳ᠂ ᠨᠠᠰᠤᠲᠠᠶᠢᠴᠤᠳ ᠲᠤ ᠠᠪᠴᠤ ᠬᠡᠯᠡᠪᠡᠯ ᠨᠠᠩ ᠴᠢᠬᠤᠯᠠ ᠶᠤᠮ᠃ | |