| | ᠬᠤᠳᠠ ᠭᠠᠵᠠᠷ ᠤᠨ ᠠᠵᠢᠯ ᠤᠨ ᠠᠶᠢᠵᠠᠮ ᠲᠦᠷᠭᠡᠨ᠂ ᠠᠮᠢᠳᠤᠷᠠᠯ ᠤᠨ ᠳᠠᠷᠤᠭᠠᠰᠤ ᠶᠡᠭᠡ᠂ ᠣᠷᠳᠣ | ᠬᠤᠭᠤᠴᠠᠭ᠎ᠠ ᠪᠠᠷ ᠰᠥᠨᠢᠵᠢᠨ ᠰᠠᠭᠤᠬᠤ ᠵᠡᠷᠭᠡ ᠡᠷᠡᠭᠦᠯ ᠪᠤᠰᠤ ᠠᠮᠢᠳᠤᠷᠠᠯ ᠤᠨ ᠳᠠᠳᠬᠠᠯ ᠨᠢ ᠲᠠᠷᠢᠬᠢᠨ ᠳᠤ ᠴᠢᠰᠤ | ᠬᠠᠷᠪᠤᠬᠤ ᠶᠢ ᠡᠭᠦᠰᠬᠡᠬᠦ ᠭᠤᠣᠯ ᠰᠢᠯᠲᠠᠭᠠᠨ ᠪᠠᠶᠢᠵᠤ᠂ ᠶᠠᠭᠠᠬᠢᠭᠰᠠᠨ ᠴᠤ ᠣᠮᠲᠣᠭᠠᠶᠢᠯᠠᠵᠤ ᠪᠤᠯᠬᠤ ᠦᠭᠡᠢ ᠭᠡᠵᠦ ᠡᠮᠴᠢ | ᠮᠡᠷᠭᠡᠵᠢᠯᠲᠡᠳ ᠠᠴᠠ ᠰᠠᠨᠠᠭᠤᠯᠵᠤ ᠪᠠᠶᠢᠨ᠎ᠠ᠃ | ᠲᠠᠷᠢᠬᠢᠨ ᠳᠤ ᠴᠢᠰᠤ ᠬᠠᠷᠪᠤᠬᠤ ᠠᠶᠤᠯᠲᠤ ᠳᠣᠬᠢᠶ᠎ᠠ | ᠲᠠᠷᠢᠬᠢᠨ ᠳᠤ ᠴᠢᠰᠤ ᠬᠠᠷᠪᠤᠬᠤ ᠨᠢ ᠳᠠᠷᠤᠢ ᠶᠡᠭᠡ ᠲᠠᠷᠢᠬᠢᠨ ᠤ ᠴᠢᠰᠤᠨ ᠰᠤᠳᠠᠯ ᠳᠡᠯᠪᠡᠷᠡᠵᠦ᠂ ᠴᠢᠰᠤ ᠶᠡᠭᠡ | ᠲᠠᠷᠢᠬᠢᠨ ᠳᠤ ᠤᠷᠤᠰᠤᠨ ᠣᠷᠣᠭᠠᠳ ᠴᠢᠰᠤᠨ ᠬᠠᠪᠤᠳᠠᠷ ᠪᠤᠯᠳᠠᠭ᠃ ᠡᠶᠢᠮᠦ ᠡᠪᠡᠳᠴᠢᠨ ᠳᠤ ᠨᠡᠷᠪᠡᠭᠳᠡᠭᠰᠡᠳ ᠶᠡᠷᠦ ᠳᠡᠭᠡᠨ | ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠪᠠ ᠴᠢᠰᠤᠨ ᠥᠭᠡᠬᠦ ᠥᠨᠳᠥᠷ ᠪᠤᠯᠬᠤ ︽ᠭᠤᠷᠪᠠᠨ ᠥᠨᠳᠥᠷ︾ | ᠡᠪᠡᠳᠴᠢᠨ ᠤ ᠰᠠᠭᠤᠷᠢ ᠲᠠᠢ ᠪᠠᠶᠢᠳᠠᠭ᠃ ᠦᠷᠭᠦᠯᠵᠢ ᠰᠥᠨᠢᠵᠢᠨ ᠰᠠᠭᠤᠳᠠᠭ ᠵᠠᠯᠠᠭᠤᠴᠤᠳ ᠪᠠᠰᠠ ᠲᠠᠷᠢᠬᠢᠨ ᠳᠤ ᠴᠢᠰᠤ | ᠭᠠᠷᠬᠤ ᠠᠶᠤᠯᠲᠤ ᠳᠣᠬᠢᠶ᠎ᠠ ᠶᠢ ᠠᠩᠬᠠᠷᠬᠤ ᠬᠡᠷᠡᠭᠲᠡᠢ᠃ ᠡᠩ ᠲᠡᠷᠢᠭᠦᠨ ᠳᠤ ᠦᠷᠭᠦᠯᠵᠢᠯᠡᠨ ᠬᠦᠨᠳᠦᠷᠡᠬᠦ ᠴᠢᠨᠠᠷᠲᠠᠢ | ᠲᠣᠯᠣᠭᠠᠢ ᠡᠪᠡᠳᠬᠦ ᠭᠡᠵᠦ ᠪᠤᠢ᠂ ᠡᠶᠢᠮᠦᠷᠬᠦᠦ ᠲᠣᠯᠣᠭᠠᠢ ᠡᠪᠡᠳᠬᠦ ᠨᠢ ᠢᠯᠡᠷᠬᠡᠢ ᠰᠢᠯᠲᠠᠭᠠᠨ ᠦᠭᠡᠢ᠂ ᠡᠬᠢᠯᠡᠬᠦ ᠳᠡᠭᠡᠨ | ᠬᠡᠰᠡᠭ ᠬᠡᠰᠡᠭ ᠢᠶᠠᠷ ᠡᠪᠡᠳᠴᠦ᠂ ᠰᠡᠭᠦᠯᠡᠷ ᠨᠢ ᠦᠷᠭᠦᠯᠵᠢᠯᠡᠭᠰᠡᠨ ᠴᠢᠨᠠᠷᠲᠠᠢ ᠲᠣᠯᠣᠭᠠᠢ ᠡᠪᠡᠳᠬᠦ ᠪᠣᠯᠵᠤ ᠬᠤᠪᠢᠷᠠᠨ᠎ᠠ᠃ | ᠬᠥᠮᠥᠨ ᠪᠦᠷᠢ ᠶᠢᠨ ᠡᠪᠡᠳᠴᠢᠨ ᠤ ᠪᠠᠶᠢᠳᠠᠯ ᠤᠨ ᠠᠳᠠᠯᠢ ᠪᠤᠰᠤ ᠶᠢ ᠦᠨᠳᠦᠰᠦᠯᠡᠵᠦ᠂ ᠡᠪᠡᠳᠴᠢᠨ ᠤ ᠢᠯᠡᠷᠡᠯ ᠤᠨ | ᠦᠷᠭᠦᠯᠵᠢᠯᠡᠬᠦ ᠴᠠᠭ ᠬᠤᠭᠤᠴᠠᠭ᠎ᠠ ᠨᠢ ᠴᠦ ᠠᠳᠠᠯᠢ ᠦᠭᠡᠢ ᠪᠠᠶᠢᠳᠠᠭ᠂ ᠶᠡᠷᠦ ᠳᠡᠭᠡᠨ ᠲᠠᠪᠤᠨ ᠮᠢᠨᠦ᠋ᠲ ᠥᠩᠭᠡᠷᠡᠲᠡᠯ᠎ᠡ ᠪᠠᠰᠠ | ᠨᠠᠮᠳᠠᠭᠠᠳᠤᠢ ᠪᠣᠯ ᠠᠩᠬᠠᠷᠬᠤ ᠴᠢᠬᠤᠯᠠᠲᠠᠢ᠃ ᠳᠠᠷᠠᠭ᠎ᠠ ᠨᠢ ᠲᠣᠯᠣᠭᠠᠢ ᠡᠷᠭᠢᠬᠦ᠂ ᠳᠤᠷ᠎ᠠ ᠪᠣᠯᠭᠢᠬᠤ᠂ ᠪᠥᠭᠡᠯᠵᠢᠬᠦ᠃ ᠬᠡᠷᠪᠡ | ᠲᠣᠯᠣᠭᠠᠢ ᠡᠪᠡᠳᠬᠦ ᠶᠢᠨ ᠬᠠᠮᠲᠤ ᠪᠠᠰᠠ ᠪᠥᠭᠡᠯᠵᠢᠬᠦ ᠳᠠᠭᠠᠯᠳᠤᠵᠤ ᠪᠠᠶᠢᠪᠠᠯ᠂ ᠳᠠᠷᠤᠢ ᠲᠠᠷᠢᠬᠢᠨ ᠳᠤ ᠴᠢᠰᠤ ᠬᠠᠷᠪᠤᠭᠰᠠᠨ | ᠡᠰᠡᠬᠦ ᠶᠢ ᠠᠩᠬᠠᠷᠬᠤ ᠬᠡᠷᠡᠭᠲᠡᠢ᠃ ᠭᠤᠷᠪᠠᠳᠤᠭᠠᠷ ᠲᠤ᠂ ᠤᠬᠠᠭᠠᠨ ᠰᠠᠨᠠᠭ᠎ᠠ ᠪᠠᠯᠠᠶᠢᠷᠠᠬᠤ᠃ ᠤᠬᠠᠭᠠᠨ ᠰᠠᠨᠠᠭ᠎ᠠ ᠪᠠᠯᠠᠶᠢᠷᠠᠬᠤ | ᠨᠢ ᠲᠣᠯᠣᠭᠠᠢ ᠬᠦᠨᠳᠦᠷᠡᠵᠦ ᠲᠤᠰᠬᠠᠯ ᠤᠳᠠᠭᠠᠨ ᠪᠤᠯᠬᠤ᠂ ᠴᠢᠨᠠᠭᠰᠢᠯᠠᠭᠠᠳ ᠬᠠᠷᠢᠯᠴᠠᠵᠤ ᠶᠠᠷᠢᠯᠴᠠᠬᠤ ᠳᠤ ᠲᠦᠪᠡᠭᠳᠡᠬᠦ | ᠪᠠᠶᠢᠳᠠᠯ ᠢᠯᠡᠷᠡᠬᠦ᠂ ᠡᠨᠡ ᠦᠶ᠎ᠡ ᠳᠤ ᠵᠠᠪᠠᠯ ᠳᠠᠷᠤᠢ ᠲᠦᠷᠭᠡᠨ ᠡᠮᠨᠡᠯᠭᠡ ᠳᠤ ᠣᠴᠢᠬᠤ ᠬᠡᠷᠡᠭᠲᠡᠢ᠃ ᠳᠥᠷᠪᠡᠳᠦᠭᠡᠷ ᠲᠤ᠂ | ᠦᠶ᠎ᠡ ᠮᠥᠴᠢ ᠮᠢᠨᠴᠦᠭᠦᠷᠡᠬᠦ᠂ ᠲᠠᠮᠢᠷᠳᠠᠬᠤ᠂ ᠦᠭᠡ ᠭᠡᠯᠡ ᠲᠣᠳᠣᠷᠬᠠᠢ ᠦᠭᠡᠢ ᠵᠡᠷᠭᠡ ᠡᠪᠡᠳᠴᠢᠨ ᠤ ᠢᠯᠡᠷᠡᠯ ᠭᠠᠷᠪᠠᠯ᠂ | ᠡᠷᠬᠡᠪᠰᠢ ᠴᠠᠭ ᠲᠤᠬᠠᠢ ᠳᠤᠨᠢ ᠡᠮᠨᠡᠭᠦᠯᠭᠦ ᠬᠡᠷᠡᠭᠲᠡᠢ᠃ | ᠰᠥᠨᠢᠵᠢᠨ ᠰᠠᠭᠤᠬᠤ ᠶᠢᠨ ᠬᠤᠣᠷ ᠬᠥᠨᠥᠭᠡᠯ ᠮᠠᠰᠢ ᠶᠡᠭᠡ | ᠵᠠᠷᠢᠮ ᠵᠠᠯᠠᠭᠤᠴᠤᠳ ᠤᠨ ᠠᠵᠢᠯᠯᠠᠵᠤ ᠠᠮᠠᠷᠠᠬᠤ ᠨᠢ ᠡᠮᠬᠢ ᠵᠠᠮᠪᠠᠷᠠᠭ᠎ᠠ ᠦᠭᠡᠢ ᠪᠠᠶᠢᠵᠤ᠂ ᠬᠠᠮᠢᠶ᠎ᠠ ᠦᠭᠡᠢ | ᠭᠡᠵᠦ ᠪᠤᠳᠤᠭᠠᠳ ᠰᠥᠨᠢᠵᠢᠨ ᠰᠠᠭᠤᠬᠤ ᠨᠢ ᠡᠩ ᠤᠨ ᠶᠠᠪᠤᠳᠠᠯ ᠪᠣᠯᠵᠠᠢ᠃ ᠦᠷᠭᠦᠯᠵᠢ ᠰᠥᠨᠢᠵᠢᠨ ᠰᠠᠭᠤᠬᠤ ᠨᠢ ᠪᠡᠶ᠎ᠡ | ᠮᠠᠬᠠᠪᠤᠳ ᠤᠷᠲᠤ ᠬᠤᠭᠤᠴᠠᠭ᠎ᠠ ᠪᠠᠷ ᠳᠠᠭᠠᠭᠠᠴᠠ ᠠᠴᠠ ᠬᠡᠲᠦᠷᠡᠭᠰᠡᠨ ᠪᠠᠶᠢᠳᠠᠯ ᠳᠤ ᠣᠷᠣᠵᠤ᠂ ᠡᠯ᠎ᠡ ᠲᠠᠯ᠎ᠠ ᠶᠢᠨ | ᠠᠵᠢᠯᠯᠠᠭ᠎ᠠ ᠶᠢᠨ ᠴᠢᠨᠠᠷᠲᠠᠢ ᠰᠠᠮᠠᠭᠤᠷᠠᠯ ᠠᠮᠠᠷᠬᠠᠨ ᠡᠭᠦᠰᠳᠡᠭ᠃ ᠬᠢᠲᠠᠳ ᠡᠮᠨᠡᠯᠭᠡ ᠳᠤ᠂ ᠨᠠᠷᠠ ᠰᠠᠷ᠎ᠠ ᠢᠯᠭᠠᠭ᠎ᠠ ᠲᠠᠢ᠂ | ᠡᠳᠦᠷ ᠪᠣᠯ ᠠᠷᠭ᠎ᠠ᠂ ᠰᠥᠨᠢ ᠪᠣᠯ ᠪᠢᠯᠢᠭ᠂ ᠪᠡᠶ᠎ᠡ ᠮᠠᠬᠠᠪᠤᠳ ᠢᠶᠠᠨ ᠲᠡᠩᠴᠡᠭᠦᠷᠢᠰᠢᠭᠦᠯᠦᠶᠡ ᠭᠡᠪᠡᠯ ᠠᠷᠭ᠎ᠠ ᠪᠢᠯᠢᠭ ᠢᠶᠠᠨ | ᠵᠣᠬᠢᠴᠠᠭᠤᠯᠬᠤ ᠬᠡᠷᠡᠭᠲᠡᠢ ᠬᠡᠮᠡᠨ ᠣᠨᠣᠰᠢᠯᠠᠳᠠᠭ᠃ ᠦᠷᠭᠦᠯᠵᠢ ᠰᠥᠨᠢᠵᠢᠨ ᠰᠠᠭᠤᠳᠠᠭ ᠬᠥᠮᠥᠨ ᠤ ᠡᠳᠦᠷ ᠰᠥᠨᠢ ᠶᠢᠨ | ᠠᠮᠢᠳᠤᠷᠠᠯ ᠨᠢ ᠲᠣᠩᠭᠤᠷᠠᠵᠤ᠂ ᠠᠮᠠᠷᠬᠠᠨ ᠪᠢᠯᠢᠭ ᠴᠢᠨᠠᠷ ᠬᠤᠭᠤᠰᠤᠷᠠᠵᠤ ᠪᠠᠷᠠᠭᠳᠠᠳᠠᠭ᠃ ᠦᠷᠭᠦᠯᠵᠢ ᠰᠥᠨᠢᠵᠢᠨ | ᠰᠠᠭᠤᠳᠠᠭ ᠠᠴᠠ ᠪᠣᠯᠵᠤ᠂ ᠬᠥᠮᠥᠨ ᠠᠮᠠᠷᠬᠠᠨ ᠴᠤᠭ ᠰᠦᠯᠳᠡ ᠪᠠᠨ ᠠᠯᠳᠠᠵᠤ᠂ ᠶᠠᠳᠠᠷᠠᠬᠤ ᠶᠢᠨ ᠲᠤᠶᠢᠯ ᠳᠤ ᠭᠦᠷᠦᠨ᠎ᠡ᠂ | ᠡᠨᠡ ᠪᠣᠯ ᠳᠠᠷᠤᠢ ᠶᠠᠳᠠᠷᠠᠯ ᠤᠨ ᠶᠡᠷᠦᠩᠬᠡᠶᠢᠯᠡᠭᠰᠡᠨ ᠭᠡᠮ ᠪᠣᠯᠣᠨ᠎ᠠ᠃ ᠣᠷᠳᠣ ᠬᠤᠭᠤᠴᠠᠭ᠎ᠠ ᠰᠥᠨᠢᠵᠢᠨ ᠠᠵᠢᠯᠯᠠᠬᠤ ᠳᠤ᠂ | ᠪᠡᠶ᠎ᠡ ᠶᠢᠨ ᠠᠮᠢᠳᠤ ᠪᠣᠳᠠᠰ ᠤᠨ ᠴᠠᠭ ᠨᠢᠭᠡᠨᠲᠡ ᠡᠮᠬᠢ ᠵᠠᠮᠪᠠᠷᠠᠭ᠎ᠠ ᠪᠠᠨ ᠠᠯᠳᠠᠵᠤ᠂ ᠪᠡᠶ᠎ᠡ ᠶᠢᠨ ᠬᠤᠷᠮᠣᠨ᠂ ᠡᠭᠡᠯᠢᠯᠡᠭᠡ ᠶᠢᠨ | ᠴᠢᠳᠠᠪᠤᠷᠢ ᠲᠠᠰᠤᠷᠠᠯᠲᠠ ᠦᠭᠡᠢ ᠪᠠᠭᠤᠷᠠᠵᠤ᠂ ᠪᠡᠶ᠎ᠡ ᠮᠠᠬᠠᠪᠤᠳ ᠳᠡᠳ᠋ ᠡᠷᠡᠭᠦᠯ ᠮᠡᠨᠳᠦ ᠶᠢᠨ ᠪᠠᠶᠢᠳᠠᠯ ᠳᠤ ᠣᠷᠣᠵᠤ ᠡᠬᠢᠯᠡᠳᠡᠭ | ᠃ ᠤᠷᠳᠤ ᠬᠤᠭᠤᠴᠠᠭ᠎ᠠ ᠪᠠᠷ ᠪᠡᠶ᠎ᠡ ᠮᠠᠬᠠᠪᠤᠳ ᠢᠶᠠᠨ ᠳᠡᠳ᠋ ᠡᠷᠡᠭᠦᠯ ᠮᠡᠨᠳᠦ ᠶᠢᠨ ᠪᠠᠶᠢᠳᠠᠯ ᠳᠤ ᠪᠠᠶᠢᠯᠭᠠᠪᠠᠯ᠂ ᠠᠯᠢ ᠨᠢᠭᠡᠨ | ᠴᠠᠭ ᠲᠤ ᠳᠡᠯᠪᠡᠷᠡᠯᠲᠡ ᠶᠢᠨ ᠴᠢᠨᠠᠷᠲᠠᠢ ᠡᠪᠡᠳᠴᠢᠨ ᠡᠭᠦᠰᠬᠦ᠂ ᠳᠠᠷᠤᠢ ᠬᠦᠨᠳᠦ ᠨᠣᠴᠢᠲᠠᠢ ᠡᠪᠡᠳᠴᠢᠨ ᠳᠤ ᠨᠡᠷᠪᠡᠭᠳᠡᠬᠦ | ᠮᠠᠭᠠᠳᠯᠠᠯ ᠥᠨᠳᠥᠷ ᠪᠤᠯᠳᠠᠭ᠃ ᠡᠭᠦᠨ ᠳᠤ ᠲᠠᠷᠢᠬᠢᠨ ᠳᠤ ᠴᠢᠰᠤ ᠬᠠᠷᠪᠤᠬᠤ ᠠᠴᠠ ᠭᠠᠳᠠᠨ᠎ᠠ᠂ ᠮᠠᠷᠢᠶᠠᠯᠠᠬᠤ᠂ ᠴᠡᠭᠡᠵᠢᠯᠡᠬᠦ | ᠴᠢᠳᠠᠪᠤᠷᠢ ᠮᠠᠭᠤᠳᠠᠬᠤ᠂ ᠵᠢᠷᠦᠬᠡ ᠲᠦᠭᠰᠢᠬᠦ ᠵᠡᠷᠭᠡ ᠠᠰᠠᠭᠤᠳᠠᠯ ᠢ ᠪᠤᠢ ᠪᠣᠯᠭᠠᠳᠠᠭ ᠠᠴᠠ ᠶᠡᠷᠦ ᠶᠢᠨ ᠦᠶ᠎ᠡ ᠳᠤ ᠰᠥᠨᠢᠵᠢᠨ | ᠰᠠᠭᠤᠬᠤ ᠶᠢ ᠡᠷᠬᠡᠪᠰᠢ ᠴᠡᠭᠡᠷᠯᠡᠬᠦ ᠬᠡᠷᠡᠭᠲᠡᠢ᠃ | ᠰᠥᠨᠢᠵᠢᠨ ᠰᠠᠭᠤᠭᠰᠠᠨ ᠤ ᠳᠠᠷᠠᠭ᠎ᠠ ᠪᠡᠶ᠎ᠡ ᠪᠠᠨ ᠬᠡᠷᠬᠢᠨ ᠨᠥᠬᠦᠵᠦ ᠡᠷᠡᠭᠦᠯᠵᠢᠭᠦᠯᠬᠦ ᠪᠤᠢ | ᠣᠷᠣᠢ ᠳᠠᠭᠠᠨ ᠬᠡᠳᠦᠢ ᠳᠤ ᠤᠨᠲᠠᠬᠤ ᠨᠢ ᠰᠥᠨᠢᠵᠢᠨ ᠰᠠᠭᠤᠭᠰᠠᠨ ᠳᠤ ᠲᠣᠭᠠᠴᠢᠭᠳᠠᠬᠤ ᠪᠤᠶ︖ ᠪᠣᠳᠠᠭᠠᠯᠢ | ᠪᠡᠶ᠎ᠡ ᠶᠢᠨ ᠵᠥᠷᠢᠶ᠎ᠡ ᠶᠢ ᠦᠨᠳᠦᠰᠦᠯᠡᠨ᠂ ᠤᠨᠲᠠᠬᠤ ᠴᠠᠭ ᠨᠢ 6 ᠴᠠᠭ ᠠᠴᠠ ᠳᠤᠲᠠᠭᠤ ᠪᠠᠶᠢᠪᠠᠯ᠂ ᠰᠥᠨᠢᠵᠢᠨ | ᠰᠠᠭᠤᠭᠰᠠᠨ ᠳᠤ ᠲᠣᠭᠠᠴᠢᠭᠳᠠᠨ᠎ᠠ᠃ ᠢᠯᠠᠩᠭᠤᠶ᠎ᠠ ᠣᠷᠣᠢ 24 ᠴᠠᠭ ᠠᠴᠠ ᠰᠡᠭᠦᠯᠡᠷ ᠪᠠᠰᠠ ᠤᠨᠲᠠᠵᠤ ᠣᠷᠣᠭᠰᠠᠨ ᠦᠭᠡᠢ᠂ | 6 ᠴᠠᠭ ᠤᠨᠲᠠᠭᠰᠠᠨ ᠦᠭᠡᠢ ᠪᠣᠯ ᠪᠡᠶ᠎ᠡ ᠮᠠᠬᠠᠪᠤᠳ ᠢ ᠨᠠᠩ ᠬᠦᠨᠳᠦ ᠬᠤᠬᠢᠷᠠᠭᠤᠯᠳᠠᠭ᠃ ᠶᠡᠷᠦ ᠶᠢᠨ ᠪᠠᠶᠢᠳᠠᠯ ᠳᠣᠣᠷ᠎ᠠ 22 | ᠴᠠᠭ ᠲᠤ ᠤᠨᠲᠠᠵᠤ᠂ 8 ᠴᠠᠭ ᠭᠦᠢᠴᠡᠳ ᠤᠨᠲᠠᠪᠠᠯ ᠵᠣᠬᠢᠰᠲᠠᠢ᠃ ᠬᠡᠷᠪᠡ ᠠᠷᠭ᠎ᠠ ᠪᠤᠰᠤ ᠰᠥᠨᠢᠵᠢᠨ ᠰᠠᠭᠤᠵᠤ ᠠᠵᠢᠯᠯᠠᠵᠤ | ᠰᠤᠷᠤᠯᠴᠠᠬᠰᠠᠨ ᠪᠠᠶᠢᠪᠠᠯ᠂ ᠳᠠᠷᠠᠭ᠎ᠠ ᠡᠳᠦᠷ ᠨᠢ ᠨᠣᠶᠢᠷ ᠢᠶᠠᠨ ᠨᠥᠬᠦᠬᠦ ᠬᠡᠷᠡᠭᠲᠡᠢ᠃ ᠡᠩ ᠲᠡᠷᠢᠭᠦᠨ ᠳᠤ᠂ ᠦᠳᠡ ᠶᠢᠨ | ᠠᠮᠠᠷᠠᠯᠲᠠ ᠶᠢᠨ ᠴᠠᠭ ᠢᠶᠠᠨ ᠠᠰᠢᠭᠯᠠᠨ ᠨᠣᠶᠢᠷ ᠢᠶᠠᠨ ᠨᠥᠬᠦᠬᠦ ᠬᠡᠷᠡᠭᠲᠡᠢ᠂ 5 ᠠᠴᠠ 30 ᠮᠢᠨᠦ᠋ᠲ ᠪᠣᠯ ᠪᠣᠯᠴᠢᠬᠠᠨ᠎ᠠ᠂ | ᠬᠠᠭᠠᠰ ᠴᠠᠭ ᠠᠴᠠ ᠬᠡᠲᠦᠷᠡᠵᠦ ᠪᠤᠯᠬᠤ ᠦᠭᠡᠢ᠂ ᠢᠩᠭᠢᠪᠡᠯ ᠪᠡᠶ᠎ᠡ ᠮᠠᠬᠠᠪᠤᠳ ᠤᠨ ᠡᠷᠡᠭᠦᠯᠵᠢᠬᠦ ᠳᠤ ᠲᠤᠶᠢᠯ ᠤᠨ ᠴᠢᠬᠤᠯᠠ | ᠦᠢᠯᠡᠳᠦᠯ ᠦᠵᠡᠭᠦᠯᠵᠦ ᠴᠢᠳᠠᠨ᠎ᠠ᠃ ᠳᠠᠷᠠᠭ᠎ᠠ ᠨᠢ᠂ ᠰᠥᠨᠢ ᠥᠨᠵᠢᠪᠡᠯ ᠨᠢᠳᠦ ᠶᠠᠳᠠᠷᠠᠬᠤ᠂ ᠬᠠᠷᠠᠭ᠎ᠠ ᠮᠠᠭᠤᠳᠠᠬᠤ᠂ ᠪᠡᠶ᠎ᠡ | ᠲᠠᠮᠢᠷᠳᠠᠬᠤ ᠲᠤᠯᠠ ᠰᠥᠨᠢ ᠥᠨᠵᠢᠭᠰᠡᠨ ᠤ ᠳᠠᠷᠠᠭ᠎ᠠ ᠸᠢᠲ᠋ᠠᠮᠢᠨA ᠪᠣᠯᠣᠨ ᠸᠢᠲ᠋ᠠᠮᠢᠨ B ᠶᠡᠭᠡ ᠠᠭᠤᠯᠤᠭᠳᠠᠬᠤ ᠬᠤᠭᠤᠯᠠ | ᠢᠳᠡᠬᠦ᠂ ᠲᠤᠬᠠᠶᠢᠯᠠᠪᠠᠯ ᠰᠢᠷ᠎ᠠ ᠯᠤᠤᠪᠠᠩ᠂ ᠠᠮᠢᠲᠠᠨ ᠤ ᠡᠯᠢᠭᠡ᠂ ᠬᠠᠷ᠎ᠠ ᠮᠢᠬ᠎ᠠ᠂ ᠰᠦ ᠪᠣᠯᠣᠨ ᠴᠠᠭᠠᠨ ᠢᠳᠡᠭᠡ᠂ ᠲᠠᠬᠢᠶᠠᠨ | ᠥᠨᠳᠡᠭᠡ ᠵᠡᠷᠭᠡ ᠶᠢ ᠢᠯᠡᠭᠦᠦ ᠢᠳᠡᠬᠦ ᠬᠡᠷᠡᠭᠲᠡᠢ᠂ ᠪᠠᠰᠠ ᠤᠳᠪᠠᠯᠠ ᠴᠡᠴᠡᠭ ᠤᠨ ᠴᠠᠢ᠂ ᠴᠢᠨ᠋ᠸ᠎ᠠ ᠶᠢᠨ ᠬᠠᠷᠮᠠᠭ ᠲᠠᠢ ᠴᠠᠢ | ᠤᠤᠭᠤᠬᠤ ᠨᠢ ᠡᠯᠢᠭᠡ ᠶᠢ ᠴᠡᠪᠡᠷᠰᠢᠭᠦᠯᠵᠦ ᠨᠢᠳᠦ ᠶᠢ ᠲᠤᠩᠭᠠᠯᠠᠭᠰᠢᠭᠤᠯᠬᠤ ᠦᠢᠯᠡᠳᠦᠯ ᠲᠠᠢ᠃ ᠭᠤᠷᠪᠠᠳᠤᠭᠠᠷ ᠲᠤ᠂ | ᠬᠠᠯᠠᠭᠤᠨ ᠤᠰᠤ ᠪᠠᠷ ᠪᠡᠶ᠎ᠡ ᠪᠠᠨ ᠤᠬᠢᠶᠠᠬᠤ ᠨᠢ ᠶᠠᠳᠠᠷᠠᠭ᠎ᠠ ᠶᠢ ᠲᠠᠶᠢᠯᠵᠤ᠂ ᠪᠡᠶ᠎ᠡ ᠶᠢᠨ ᠴᠢᠰᠤᠨ ᠤ ᠡᠷᠭᠢᠯᠲᠡ ᠶᠢ | ᠠᠬᠢᠭᠤᠯᠤᠨ᠎ᠠ᠃ ᠢᠩᠭᠢᠪᠡᠯ ᠳᠠᠷᠠᠭ᠎ᠠ ᠡᠳᠦᠷ ᠨᠢ ᠨᠣᠶᠢᠷ ᠲᠠᠭᠠᠨ ᠲᠦᠷᠭᠡᠨ ᠣᠷᠣᠬᠤ ᠪᠥᠭᠡᠳ ᠪᠡᠶ᠎ᠡ ᠪᠠᠨ ᠤᠬᠢᠶᠠᠬᠤ ᠨᠢ | ᠰᠥᠨᠢᠵᠢᠨ ᠰᠠᠭᠤᠬᠤ ᠦᠶ᠎ᠡ ᠶᠢᠨ ᠠᠷᠠᠰᠤᠨ ᠤ ᠰᠢᠭᠦᠷᠡᠭᠦᠯᠦᠭᠰᠡᠨ ᠲᠣᠰᠣ ᠶᠢ ᠠᠷᠢᠯᠭᠠᠵᠤ ᠪᠤᠯᠳᠠᠭ᠃ ᠬᠠᠮᠤᠭ ᠰᠡᠭᠦᠯ ᠳᠤ᠂ | ᠰᠥᠨᠢᠵᠢᠨ ᠰᠠᠭᠤᠬᠤ ᠨᠢ ᠠᠷᠠᠰᠤᠨ ᠳᠤ ᠨᠡᠯᠢᠶᠡᠳ ᠶᠡᠭᠡ ᠬᠤᠣᠷ ᠬᠥᠨᠥᠭᠡᠯ ᠲᠠᠢ ᠤᠴᠢᠷ ᠠᠴᠠ ᠰᠥᠨᠢᠵᠢᠨ ᠰᠠᠭᠤᠭᠰᠠᠨ ᠤ | ᠳᠠᠷᠠᠭ᠎ᠠ ᠡᠳᠦᠷ ᠲᠡᠭᠡᠨ ᠨᠢᠭᠤᠷ ᠲᠠᠭᠠᠨ ᠮᠠᠰᠺ ᠨᠠᠭᠠᠵᠤ᠂ ᠴᠠᠭ ᠲᠤᠬᠠᠢ ᠳᠤᠨᠢ ᠠᠷᠠᠰᠤᠨ ᠤ ᠤᠰᠤ ᠪᠠ ᠰᠢᠮ᠎ᠡ ᠲᠡᠵᠢᠭᠡᠯ | ᠨᠥᠬᠦᠪᠦᠷᠢᠯᠡᠬᠦ ᠬᠡᠷᠡᠭᠲᠡᠢ᠂ ᠢᠩᠭᠢᠪᠡᠯ ᠠᠷᠠᠰᠤᠨ ᠤ ᠭᠡᠮᠲᠦᠯ ᠢ ᠪᠠᠭᠠᠰᠬᠠᠵᠤ ᠴᠢᠳᠠᠨ᠎ᠠ᠃ ︵ᠭᠤᠸᠠᠩ | ᠮᠢᠩ ᠰᠦᠯᠵᠢᠶ᠎ᠡ︶ | ᠲᠥᠪᠡᠳ ᠬᠠᠰᠢ ᠤᠯᠠᠨ ᠵᠦᠢᠯ ᠤᠨ ᠡᠮᠨᠡᠬᠦ ᠦᠢᠯᠡᠳᠦᠯ ᠲᠠᠢ | 1. ᠠᠷᠠᠰᠤ ᠮᠢᠬᠠᠨ ᠤ ᠡᠪᠡᠳᠴᠢᠨ ᠢ ᠵᠠᠰᠠᠨ᠎ᠠ᠃ | 2. ᠥᠩᠭᠡ ᠵᠢᠰᠦ ᠶᠢ ᠭᠤᠶᠣᠵᠢᠭᠤᠯᠤᠨ᠎ᠠ᠃ | 3. ᠦᠮᠡᠨ ᠢ ᠰᠡᠷᠭᠡᠶᠢᠯᠡᠨ᠎ᠡ᠃ | 4. ᠴᠢᠰᠤᠨ ᠳᠠᠷᠤᠯᠲᠠ ᠶᠢ ᠲᠡᠭᠰᠢᠷᠡᠭᠦᠯᠦᠨᠡ᠃ | 5. ᠴᠢᠰᠤ ᠳᠤᠲᠠᠭᠳᠠᠬᠤ ᠶᠢ ᠵᠠᠰᠠᠨ᠎ᠠ᠃ | 6. ᠰᠢᠷᠬᠠᠯᠠᠭ᠎ᠠ ᠶᠢ ᠵᠠᠰᠠᠨ᠎ᠠ᠃ | 7. ᠡᠯᠢᠭᠡᠨ ᠤ ᠦᠷᠪᠢᠰᠦᠯ ᠢ ᠵᠠᠰᠠᠨ᠎ᠠ᠃ | 8. ᠨᠠᠷᠠᠰᠢᠬᠤ ᠶᠢ ᠰᠡᠷᠭᠡᠶᠢᠯᠡᠨ᠎ᠡ᠃ | 9. ᠬᠠᠯᠠᠭᠤᠨ ᠢ ᠬᠥᠭᠡᠭᠡᠨ᠎ᠡ᠃ | 10. ᠪᠤᠶᠢᠯᠠ ᠠᠴᠠ ᠴᠢᠰᠤ ᠭᠠᠷᠬᠤ ᠶᠢ ᠵᠠᠰᠠᠬᠤ ᠦᠢᠯᠡᠳᠦᠯ ᠲᠠᠢ ᠶᠤᠮ᠃ |