| ᠵᠡᠷᠡᠮᠳᠡᠭ ᠲᠦᠷᠦᠭᠦ ᠭᠡᠳᠡᠭ ᠨᠢ ᠨᠢᠯᠬ᠎ᠠ ᠬᠡᠦᠬᠡᠳ ᠤᠨ ᠦᠵᠡᠭᠳᠡᠬᠦ ᠠᠴᠠ ᠡᠮᠦᠨ᠎ᠡ ᠡᠭᠦᠰᠦᠭᠰᠡᠨ ᠪᠡᠶ᠎ᠡ ᠶᠢᠨ | ᠪᠦᠲᠦᠴᠡ᠂ ᠠᠵᠢᠯᠯᠠᠭ᠎ᠠ ᠪᠤᠶᠤ ᠪᠣᠳᠠᠰ ᠤᠨ ᠰᠣᠯᠢᠯᠴᠠᠭ᠎ᠠ ᠨᠢ ᠬᠡᠪ ᠤᠨ ᠪᠤᠰᠤ ᠪᠠᠶᠢᠳᠠᠯ ᠠᠴᠠ ᠪᠣᠯᠵᠤ ᠤᠷᠤᠭ ᠤᠨᠠᠭᠠᠬᠤ᠂ | ᠬᠡᠪᠡᠯᠢ ᠳᠠᠬᠢ ᠬᠡᠦᠬᠡᠳ ᠠᠮᠢᠰᠬᠤᠯ ᠬᠤᠷᠢᠶᠠᠬᠤ᠂ ᠨᠢᠷᠠᠢ ᠬᠡᠦᠬᠡᠳ ᠨᠠᠰᠤ ᠪᠠᠷᠠᠬᠤ ᠪᠠ ᠲᠥᠷᠥᠯᠬᠢ ᠵᠡᠮᠳᠡᠭ ᠪᠤᠯᠬᠤ ᠵᠡᠷᠭᠡ | ᠴᠢᠬᠤᠯᠠ ᠰᠢᠯᠲᠠᠭᠠᠨ ᠪᠣᠯᠣᠨ᠎ᠠ᠃ ᠣᠳᠣᠬᠠᠨ ᠳᠤ ᠨᠢᠭᠡᠨᠲᠡ ᠮᠡᠳᠡᠭᠰᠡᠨ ᠵᠡᠷᠡᠮᠳᠡᠭ ᠲᠦᠷᠦᠭᠦ ᠡᠪᠡᠳᠴᠢᠨ 8000 ᠭᠠᠷᠤᠢ | ᠵᠦᠢᠯ ᠪᠠᠶᠢᠵᠤ᠂ ᠡᠭᠦᠨ ᠳᠤ ᠲᠥᠷᠥᠯᠬᠢ ᠶᠢᠨ ᠵᠢᠷᠦᠬᠡᠨ ᠡᠪᠡᠳᠴᠢᠨ᠂ ᠦᠶ᠎ᠡ ᠮᠥᠴᠢ ᠵᠡᠮᠳᠡᠭ᠂ ᠤᠷᠤᠭᠤᠯ ᠲᠠᠩᠨᠠᠢ | ᠰᠡᠲᠡᠷᠬᠡᠢ᠂ ᠭᠠᠵᠠᠷ ᠤᠨ ᠳᠤᠮᠳᠠᠳᠤ ᠲᠠᠩᠭᠢᠰ ᠤᠨ ᠴᠢᠰᠤ ᠳᠤᠲᠠᠬᠤ ᠵᠡᠷᠭᠡ ᠲᠥᠷᠥᠯᠬᠢ ᠶᠢᠨ ᠵᠢᠷᠦᠬᠡᠨ ᠡᠪᠡᠳᠴᠢᠨ᠂ ᠮᠥᠴᠢ | ᠵᠡᠮᠳᠡᠭ᠂ ᠲᠠᠩᠨᠠᠢ ᠰᠡᠲᠡᠷᠬᠡᠢ᠂ ᠪᠤᠳᠤᠭᠳᠠᠮᠠᠬᠠᠢ ᠪᠡᠶ᠎ᠡ ᠶᠢᠨ ᠨᠡᠶᠢᠯᠡᠭ ᠭᠡᠮ᠂ ᠴᠢᠰᠤ ᠳᠤᠲᠠᠬᠤ ᠡᠪᠡᠳᠴᠢᠨ ᠵᠡᠷᠭᠡ ᠶᠢ ᠬᠥᠮᠥᠰ | ᠬᠠᠷᠢᠴᠠᠩᠭᠤᠢ ᠪᠠᠷ ᠰᠠᠶᠢᠨ ᠮᠡᠳᠡᠳᠡᠭ᠃ ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ ᠵᠡᠷᠡᠮᠳᠡᠭ ᠲᠦᠷᠦᠭᠦ | ᠶᠡᠷᠦᠩᠬᠡᠢ ᠨᠣᠷᠮ᠎ᠠ ᠪᠠᠷᠤᠭ 5.6% ᠪᠠᠶᠢᠵᠤ᠂ ᠳᠡᠯᠡᠬᠡᠢ ᠶᠢᠨ ᠳᠤᠮᠳᠠ ᠵᠡᠷᠭᠡ ᠶᠢᠨ ᠣᠷᠣᠯᠭ᠎ᠠ ᠲᠠᠢ ᠤᠯᠤᠰ ᠤᠨ ᠬᠢᠷᠢ | ᠲᠦᠪᠰᠢᠨ ᠲᠠᠢ ᠣᠶᠢᠷᠠᠯᠴᠠᠭ᠎ᠠ ᠪᠠᠶᠢᠭ᠎ᠠ ᠪᠤᠯᠪᠠᠴᠤ ᠬᠥᠮᠥᠨ ᠠᠮᠠ ᠶᠢᠨ ᠰᠠᠭᠤᠷᠢ ᠲᠤᠭ᠎ᠠ ᠠᠰᠤᠷᠤ ᠶᠡᠭᠡ ᠪᠣᠯᠬᠤᠷ ᠵᠢᠯ ᠪᠦᠷᠢ | ᠶᠢᠨ ᠵᠡᠷᠡᠮᠳᠡᠭ ᠲᠦᠷᠦᠭᠦ ᠨᠣᠷᠮ᠎ᠠ ᠬᠡᠳᠦᠨ ᠠᠷᠪᠠᠨ ᠲᠦᠮᠡ ᠪᠠᠷ ᠨᠡᠮᠡᠭᠳᠡᠵᠦ ᠪᠠᠶᠢᠳᠠᠭ᠃ ᠡᠷᠡᠭᠦᠯ ᠴᠢᠭᠢᠷᠠᠭ ᠬᠡᠦᠬᠡᠳ ᠲᠠᠢ | ᠪᠤᠯᠬᠤ ᠪᠣᠯ ᠭᠡᠷ ᠪᠦᠯᠢ ᠨᠢᠭᠡᠪᠦᠷᠢ ᠶᠢᠨ ᠬᠦᠰᠡᠯ ᠡᠷᠡᠮᠡᠯᠵᠡᠯ ᠮᠥᠨ᠃ ᠵᠡᠷᠡᠮᠳᠡᠭ ᠲᠦᠷᠦᠭᠦ ᠨᠢ ᠭᠡᠷ ᠪᠦᠯᠢ ᠪᠠ ᠨᠡᠶᠢᠭᠡᠮ ᠳᠤ | ᠬᠦᠨᠳᠦ ᠨᠦᠰᠡᠷ ᠠᠵᠤ ᠠᠬᠤᠢ ᠶᠢᠨ ᠳᠠᠷᠤᠭᠠᠰᠤ ᠪᠠ ᠣᠶᠣᠨ ᠰᠠᠨᠠᠭᠠᠨ ᠤ ᠳᠠᠷᠤᠭᠠᠰᠤ ᠶᠢ ᠠᠪᠴᠢᠷᠠᠵᠤ᠂ ᠮᠠᠨ ᠤ | ᠤᠯᠤᠰ ᠤᠨ ᠬᠥᠮᠥᠨ ᠠᠮᠠ ᠶᠢᠨ ᠬᠡᠪ ᠴᠢᠨᠠᠷ ᠪᠠ ᠪᠦᠯᠭᠦᠮ ᠬᠠᠮᠲᠤ ᠶᠢᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ | ᠨᠥᠯᠥᠭᠡᠯᠡᠬᠦ ᠴᠢᠬᠤᠯᠠ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠪᠣᠯᠤᠭᠰᠠᠨ ᠪᠠᠶᠢᠨ᠎ᠠ᠃ | ᠤᠷᠢᠳᠴᠢᠯᠠᠨ ᠰᠡᠷᠭᠡᠶᠢᠯᠡᠬᠦ ᠪᠣᠯ ᠵᠡᠷᠡᠮᠳᠡᠭ ᠲᠦᠷᠦᠭᠦ ᠶᠢ ᠰᠡᠷᠭᠡᠶᠢᠯᠡᠬᠦ ᠶᠢᠨ ᠵᠠᠩᠭᠢᠯᠠᠭ᠎ᠠ ᠮᠥᠨ᠃ ᠣᠶᠢᠷ᠎ᠠ ᠶᠢᠨ | ᠵᠢᠯ ᠤᠳ ᠲᠤ᠂ ᠤᠯᠤᠰ ᠠᠴᠠ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠶᠡᠭᠡ ᠪᠠᠷ ᠲᠦᠯᠬᠢᠨ | ᠠᠬᠢᠭᠤᠯᠵᠤ᠂ ︽ᠰᠠᠨᠠᠭᠠᠴᠢᠯᠠᠭᠠᠲᠤ ᠪᠤᠰᠤ ᠰᠡᠷᠭᠡᠶᠢᠯᠡᠯᠲᠡ︾ ᠠᠴᠠ ︽ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ︾ ᠲᠡᠶᠢᠰᠢ | ᠬᠤᠪᠢᠷᠠᠬᠤ ᠶᠢ ᠪᠡᠶᠡᠯᠡᠭᠦᠯᠪᠡ᠃ ᠡᠷᠡᠭᠦᠯ ᠮᠡᠨᠳᠦ ᠶᠢᠨ ᠬᠥᠮᠦᠵᠢᠯ᠂ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ | ᠪᠠᠶᠢᠴᠠᠭᠠᠯᠲᠠ᠂ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ᠂ ᠨᠠᠪᠴᠢᠨ ᠤ ᠬᠦᠴᠢᠯ ᠨᠥᠬᠦᠵᠦ ᠤᠤᠭᠤᠬᠤ | ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠭᠦ ᠤᠯᠤᠰ ᠤᠨ ᠣᠷᠤᠭ ᠤᠨ ᠪᠠᠶᠢᠴᠠᠭᠠᠯᠲᠠ ᠶᠢᠨ ᠨᠣᠷᠮ᠎ᠠ᠂ | ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠶᠢᠨ ᠨᠣᠷᠮ᠎ᠠ ᠲᠣᠰ ᠲᠣᠰ 76.5%᠂ 96.9% ᠳᠤ ᠬᠦᠷᠴᠡᠢ᠃ ᠡᠭᠦᠨ ᠤ | ᠬᠠᠮᠲᠤ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠪᠠ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠵᠡᠷᠭᠡ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠶᠢ ᠰᠠᠶᠢᠲᠤᠷ ᠬᠢᠵᠦ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠪᠠ | ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠶᠢᠨ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ | ᠨᠡᠶᠢᠲᠡᠯᠡᠵᠦ᠂ ᠦᠢᠯᠡᠴᠢᠯᠡᠭᠡᠨ ᠤ ᠨᠠᠶᠢᠳᠠᠪᠤᠷᠢᠵᠢᠭᠤᠯᠤᠯᠲᠠ ᠪᠠ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ | ᠦᠬᠦᠭᠦᠯᠬᠦ ᠪᠠ ᠬᠦᠨᠳᠦ ᠨᠣᠴᠢᠲᠠᠢ ᠵᠡᠮᠳᠡᠭ ᠪᠤᠯᠬᠤ ᠵᠡᠷᠭᠡ ᠬᠦᠨᠳᠦ ᠨᠣᠴᠢᠲᠠᠢ ᠵᠡᠷᠡᠮᠳᠡᠭ ᠲᠦᠷᠦᠭᠦ ᠶᠢ ᠪᠠᠭᠠᠰᠬᠠᠵᠤ᠂ ᠪᠦᠭᠦ | ᠤᠯᠤᠰ ᠤᠨ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠶᠢᠨ ᠨᠣᠷᠮ᠎ᠠ ᠶᠢ 91.3% ᠳᠤ ᠬᠦᠷᠭᠡᠵᠡᠢ᠃ ᠨᠢᠷᠠᠢ | ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠣᠨᠣᠰᠢᠯᠠᠬᠤ ᠪᠠ ᠡᠮᠨᠡᠨ ᠵᠠᠰᠠᠬᠤ ᠶᠢ ᠴᠢᠩᠭᠠᠳᠬᠠᠵᠤ᠂ ᠲᠥᠷᠥᠯᠬᠢ ᠵᠡᠮᠳᠡᠭ | ᠪᠤᠯᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠪᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ ᠮᠠᠨ ᠤ | ᠤᠯᠤᠰ ᠤᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠢᠯᠡᠳᠲᠡ ᠠᠬᠢᠴᠠ ᠪᠠ ᠦᠷ᠎ᠡ ᠪᠦᠲᠦᠮᠵᠢ ᠶᠢ ᠣᠯᠵᠤ᠂ | 5 ᠵᠢᠯ ᠤᠨ ᠡᠮᠦᠨᠡᠬᠢ ᠲᠠᠢ ᠬᠠᠷᠢᠴᠠᠭᠤᠯᠪᠠᠯ᠂ ᠵᠡᠷᠡᠮᠳᠡᠭ ᠲᠦᠷᠦᠭᠦ ᠠᠴᠠ ᠪᠣᠯᠤᠭᠰᠠᠨ ᠨᠢᠯᠬ᠎ᠠ ᠬᠡᠦᠬᠡᠳ ᠤᠨ ᠦᠬᠦᠯᠲᠡ ᠶᠢᠨ | ᠨᠣᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠣᠷᠮ᠎ᠠ ᠴᠥᠮ 30% ᠠᠴᠠ ᠳᠡᠭᠡᠭᠰᠢ | ᠪᠠᠭᠤᠷᠠᠵᠤ᠂ ᠮᠡᠳᠡᠷᠡᠯ ᠤᠨ ᠴᠣᠷᠭᠤ ᠶᠢᠨ ᠵᠡᠷᠡᠮᠳᠡᠭ᠂ ᠪᠤᠳᠤᠭᠳᠠᠮᠠᠬᠠᠢ ᠪᠡᠶ᠎ᠡ ᠶᠢᠨ ᠨᠡᠶᠢᠯᠡᠭ ᠭᠡᠮ ᠵᠡᠷᠭᠡ ᠬᠦᠨᠳᠦ ᠨᠣᠴᠢᠲᠠᠢ | ᠵᠡᠮᠳᠡᠭ ᠪᠤᠯᠬᠤ ᠵᠡᠷᠡᠮᠳᠡᠭ ᠲᠦᠷᠦᠭᠦ ᠨᠣᠷᠮ᠎ᠠ 23% ᠪᠠᠷ ᠪᠠᠭᠤᠷᠠᠪᠠ᠃ | ᠵᠡᠷᠡᠮᠳᠡᠭ ᠲᠦᠷᠦᠭᠦ ᠶᠢ ᠤᠷᠢᠳᠴᠢᠯᠠᠨ ᠰᠡᠷᠭᠡᠶᠢᠯᠡᠬᠦ ᠳᠤ ᠰᠢᠨ᠎ᠡ ᠪᠠᠶᠢᠳᠠᠯ ᠪᠠ ᠬᠦᠴᠢᠷᠳᠡᠯ ᠲᠤᠯᠭᠠᠷᠠᠵᠤ | ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠵᠢᠱᠢᠶᠡᠯᠡᠪᠡᠯ᠂ ᠣᠯᠠᠨ ᠤ ᠮᠡᠳᠡᠭᠡᠵᠢ ᠪᠠᠷ ᠡᠮᠡᠭᠲᠡᠶᠢᠴᠦᠳ ᠤᠨ ᠬᠡᠦᠬᠡᠳ | ᠠᠪᠬᠤ ᠬᠠᠮᠤᠭ ᠤᠨ ᠰᠠᠶᠢᠨ ᠨᠠᠰᠤ ᠨᠢ 25 ︵±3 ︶ ᠪᠣᠯᠣᠨ᠎ᠠ᠂ ᠭᠡᠪᠡᠴᠦ ᠣᠶᠢᠷ᠎ᠠ ᠶᠢᠨ ᠵᠢᠯ ᠤᠳ ᠲᠤ᠂ ᠠᠵᠢᠯ ᠤᠨ | ᠳᠠᠷᠤᠭᠠᠰᠤ ᠵᠡᠷᠭᠡ ᠨᠡᠶᠢᠭᠡᠮ ᠤᠨ ᠰᠢᠯᠲᠠᠭᠠᠨ ᠠᠴᠠ ᠪᠣᠯᠵᠤ᠂ ᠲᠣᠮᠣ ᠳᠤᠮᠳᠠ ᠬᠤᠲᠠ ᠶᠢᠨ ᠬᠡᠦᠬᠡᠳ ᠠᠪᠬᠤ ᠳᠤᠮᠳᠠᠴᠢ | ᠨᠠᠰᠤ ᠶᠢ 30 ᠨᠠᠰᠤ ᠣᠷᠴᠢᠮ ᠪᠤᠯᠲᠠᠯ᠎ᠠ ᠬᠤᠶᠢᠰᠢᠯᠠᠭᠤᠯᠵᠤ᠂ 35 ᠨᠠᠰᠤᠨ ᠠᠴᠠ ᠳᠡᠭᠡᠭᠰᠢᠬᠢ ᠵᠢᠷᠮᠦᠰᠦᠨ ᠡᠮᠡᠭᠲᠡᠢ ᠪᠠ | ᠬᠥᠩᠭᠡᠵᠢᠭᠰᠡᠨ ᠡᠮᠡᠭᠲᠡᠢ ᠶᠢᠨ ᠡᠵᠡᠯᠡᠬᠦ ᠬᠠᠷᠢᠴᠠᠯ ᠢ ᠨᠡᠮᠡᠭᠳᠡᠭᠦᠯᠦᠭᠰᠡᠨ ᠠᠴᠠ ᠪᠣᠯᠵᠤ᠂ ᠵᠡᠷᠡᠮᠳᠡᠭ ᠲᠦᠷᠦᠭᠦ ᠲᠦᠭᠰᠢᠭᠦᠷᠢ ᠶᠢ | ᠢᠯᠡᠳᠲᠡ ᠨᠡᠮᠡᠭᠳᠡᠭᠦᠯᠦᠭᠰᠡᠨ ᠪᠠᠶᠢᠨ᠎ᠠ᠃ ᠡᠭᠦᠨ ᠤ ᠵᠡᠷᠭᠡ ᠳᠤ ᠨᠡᠭᠦᠳᠡᠯ ᠬᠥᠮᠥᠨ ᠠᠮᠠ ᠶᠢᠨ ᠵᠡᠷᠡᠮᠳᠡᠭ ᠲᠦᠷᠦᠭᠦ ᠶᠢ | ᠤᠷᠢᠳᠴᠢᠯᠠᠨ ᠰᠡᠷᠭᠡᠶᠢᠯᠡᠬᠦ ᠠᠵᠢᠯ ᠤᠨ ᠠᠬᠢᠴᠠ ᠨᠡᠯᠢᠶᠡᠳ ᠤᠳᠠᠭᠠᠨ ᠪᠠᠶᠢᠵᠤ᠂ ᠣᠨᠴᠠ ᠵᠠᠷᠢᠮ ᠭᠠᠵᠠᠷ ᠣᠷᠣᠨ ᠳᠤ | ᠵᠡᠷᠡᠮᠳᠡᠭ ᠲᠦᠷᠦᠭᠦ ᠨᠣᠷᠮ᠎ᠠ ᠳᠡᠭᠡᠭᠰᠢᠯᠡᠬᠦ ᠬᠠᠨᠳᠤᠰᠢ ᠲᠠᠢ ᠤᠴᠢᠷ ᠠᠴᠠ ᠡᠳᠡᠭᠡᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ | ᠪᠠᠶᠢᠨ᠎ᠠ᠃ | ᠰᠢᠨ᠎ᠡ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢᠳᠤᠨᠤᠨ ︽ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠭᠦ ᠲᠥᠯᠥᠪᠯᠡᠭᠡ ︵ | 2023 - 2027 ᠣᠨ︶︾ ᠶᠢ ᠳᠠᠷᠤᠮᠠᠯᠯᠠᠨ ᠲᠠᠷᠬᠠᠭᠠᠵᠤ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ | ᠦᠢᠯᠡᠴᠢᠯᠡᠭᠡ ᠶᠢ ᠨᠠᠩ ᠲᠦᠭᠡᠮᠡᠯ ᠬᠠᠷᠠᠭᠠᠯᠵᠠᠯ ᠲᠠᠢ ᠪᠤᠯᠭᠠᠵᠤ᠂ ᠭᠤᠷᠪᠠᠳᠤᠭᠠᠷ ᠳᠡᠰ ᠤᠨ ᠤᠷᠢᠳᠴᠢᠯᠠᠨ ᠰᠡᠷᠭᠡᠶᠢᠯᠡᠬᠦ | ᠠᠷᠭ᠎ᠠ ᠬᠡᠮᠵᠢᠶ᠎ᠡ ᠶᠢᠨ ᠪᠦᠷᠬᠦᠴᠡ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠭᠰᠠᠨ | ᠪᠥᠭᠡᠳ ᠡᠯ᠎ᠡ ᠵᠦᠢᠯ ᠤᠨ ᠠᠵᠢᠯ ᠤᠨ ᠪᠣᠳᠠᠲᠠᠢ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠵᠤ᠂ | ᠵᠡᠷᠡᠮᠳᠡᠭ ᠲᠦᠷᠦᠭᠦ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠬᠤ ᠳᠤ ᠴᠢᠭᠯᠡᠯ ᠪᠠ ᠵᠢᠯᠣᠭᠤᠳᠤᠯᠭ᠎ᠠ ᠬᠠᠩᠭᠠᠭᠰᠠᠨ | ᠪᠠᠶᠢᠨ᠎ᠠ᠃ | |