| | | ᠠᠷᠠᠳ ᠤᠨ ᠰᠦᠯᠵᠢᠶᠡᠨ ᠤ ᠰᠤᠷᠪᠤᠯᠵᠢᠯᠠᠭᠴᠢ ᠴᠧ ᠺᠧ ᠮᠧᠩ ᠸᠠᠩ ᠲᠢᠶᠠᠨ ᠯᠧ | 2025 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ | ᠢᠷᠡᠯᠲᠡ᠄ ᠠᠷᠠᠳ ᠤᠨ ᠰᠦᠯᠵᠢᠶ᠎ᠡ | | ︽ᠣᠳᠣ ᠶᠠᠭ ᠦᠬᠡᠷ ᠬᠤᠨᠢᠨ ᠮᠢᠬ᠎ᠠ ᠶᠢᠨ ᠬᠡᠷᠡᠭᠯᠡᠭᠡ ᠬᠥᠭᠵᠢᠶᠡᠨ ᠲᠠᠢ ᠴᠠᠭ ᠪᠣᠯᠵᠤ ᠪᠠᠶᠢᠭ᠎ᠠ ᠪᠣᠯᠬᠤᠷ | ᠡᠳᠦᠷ ᠪᠦᠷᠢ ᠵᠠᠭᠤ ᠭᠠᠷᠤᠢ ᠬᠤᠨᠢ ᠭᠠᠷᠭᠠᠵᠤ ᠪᠠᠶᠢᠨ᠎ᠠ︾ ᠃ ᠤᠳᠤᠭ ᠤᠨ ᠡᠮᠦᠨᠡᠲᠦ ᠬᠤᠰᠢᠭᠤᠨ ᠤ ᠵᠢᠦᠢ ᠰᠢᠨ | ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠦ᠋ ᠢᠦᠢ ᠵᠢᠶᠦ᠋ᠨ ᠤ | ᠮᠠᠯᠵᠢᠯ ᠤᠨ ᠲᠠᠯᠠᠪᠠᠢ ᠳᠤ᠂ 800 ᠭᠠᠷᠤᠢ ᠬᠤᠨᠢ ᠲᠠᠢ᠃ ᠨᠢᠭᠡ ᠰᠠᠷ᠎ᠠ ᠶᠢᠨ ᠬᠤᠷᠠᠭ᠎ᠠ ᠪᠠᠨ ᠮᠠᠯᠴᠢᠳ ᠤᠨ | ᠲᠡᠨᠳᠡ ᠠᠴᠠ ᠬᠤᠷᠢᠶᠠᠭᠰᠠᠨ ᠤ ᠲᠠᠷᠠᠭ᠎ᠠ᠂ ᠦ᠋ ᠢᠦᠢ ᠵᠢᠶᠦ᠋ᠨ ᠬᠦᠨᠡᠰᠦᠨ ᠠᠮᠤ ᠳᠠᠭᠠᠨ ᠣᠷᠭᠠᠨᠢᠭ ᠰᠧᠯᠧᠨ | ᠨᠥᠬᠦᠪᠦᠷᠢᠯᠡᠵᠦ᠂ ᠬᠤᠨᠢᠨ ᠮᠢᠬᠠᠨ ᠤ ᠰᠢᠮ᠎ᠡ ᠲᠡᠵᠢᠭᠡᠯ ᠤᠨ ᠦᠷᠳᠡᠭ ᠪᠣᠯᠣᠨ ᠠᠮᠲᠠ ᠶᠢ ᠨᠡᠮᠡᠭᠳᠡᠭᠦᠯᠦᠭᠰᠡᠨ ᠢᠶᠠᠷ | ᠪᠠᠷᠠᠬᠤ ᠦᠭᠡᠢ ᠪᠠᠰᠠ ᠮᠠᠯ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠭᠰᠡᠨ ᠪᠠᠶᠢᠨ᠎ᠠ᠃ | | | ᠬᠥᠮᠥᠨ ᠠᠮᠠ ᠴᠥᠭᠡᠨ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠥᠪᠡᠷᠮᠢᠴᠡ ᠭᠠᠵᠠᠷ ᠵᠦᠢ ᠶᠢᠨ | ᠨᠥᠬᠦᠴᠡᠯ ᠨᠢ ᠬᠤᠨᠢᠨ ᠮᠢᠬ᠎ᠠ ᠶᠢᠨ ᠴᠢᠨᠠᠷ ᠴᠢᠨᠰᠠᠭ᠎ᠠ ᠶᠢ ᠪᠠᠲᠤᠯᠠᠵᠤ᠂ ᠡᠳ᠋ ᠪᠠᠷᠠᠭᠠᠨ ᠤ ᠭᠦᠢᠯᠭᠡᠭᠡᠨ ᠤ | ᠲᠡᠭᠡᠭᠡᠪᠦᠷᠢ ᠳᠤ ᠴᠦ ᠥᠷᠢᠰᠦᠯᠳᠦᠭᠡᠨ ᠤᠴᠠᠷᠠᠭᠤᠯᠵᠤ ᠥᠩᠭᠡᠷᠡᠭᠰᠡᠨ ᠶᠤᠮ᠃ 【ᠥᠩᠭᠡᠷᠡᠭᠰᠡᠨ ᠳᠤ ᠲᠦᠷᠭᠡᠨ | ᠬᠦᠷᠭᠡᠯᠲᠡ ᠶᠢ ᠬᠤᠷᠢᠶᠠᠵᠤ ᠲᠠᠷᠬᠠᠭᠠᠬᠤ ᠳᠤ ᠲᠤᠶᠢᠯ ᠤᠨ ᠬᠦᠴᠢᠷ ᠲᠠᠢ ᠪᠠᠶᠢᠭᠰᠠᠨ ᠪᠣᠯᠬᠤᠷ ᠭᠤᠴᠢᠨ ᠺᠢᠯᠣᠮᠧᠲᠷ | ᠵᠠᠶᠢᠲᠠᠢ ᠬᠤᠰᠢᠭᠤᠨ ᠳᠤ ᠣᠴᠢᠳᠠᠭ ᠪᠠᠶᠢᠵᠠᠢ᠃ 】ᠦ᠋ ᠢᠦᠢ ᠵᠢᠶᠦ᠋ᠨ ᠬᠡᠯᠡᠬᠦ ᠳᠡᠭᠡᠨ᠂ ᠲᠡᠵᠢᠭᠡᠨ ᠦᠷᠡᠵᠢᠭᠦᠯᠬᠦ | ᠡᠷᠦᠬᠡ ᠳᠤ ᠠᠪᠴᠤ ᠬᠡᠯᠡᠪᠡᠯ᠂ ᠵᠥᠭᠡᠭᠡᠪᠦᠷᠢᠯᠡᠬᠦ ᠴᠠᠭ ᠨᠢ ᠤᠷᠲᠤ᠂ ᠰᠢᠨ᠎ᠡ ᠰᠣᠷᠭᠤᠭ ᠪᠠᠶᠢᠯᠭᠠᠬᠤ ᠳᠤ ᠬᠦᠴᠢᠷ | ᠵᠡᠷᠭᠡ ᠠᠰᠠᠭᠤᠳᠠᠯ ᠪᠠᠰᠠ ᠣᠷᠣᠰᠢᠵᠤ ᠪᠠᠶᠢᠵᠠᠢ᠂ ᠬᠤᠨᠢᠨ ᠮᠢᠬ᠎ᠠ ᠶᠢ ᠡᠮᠦᠨᠡᠲᠦ ᠣᠷᠣᠨ ᠤ ᠬᠤᠲᠠ ᠳᠤ | ᠵᠥᠭᠡᠭᠡᠪᠦᠷᠢᠯᠡᠨ ᠠᠪᠠᠴᠢᠪᠠᠯ ᠠᠮᠠᠷᠬᠠᠨ ᠭᠡᠰᠬᠦ᠂ ᠴᠢᠨᠠᠷ ᠬᠤᠪᠢᠷᠠᠬᠤ᠂ ᠪᠠᠷᠠᠭ᠎ᠠ ᠪᠤᠴᠠᠭᠠᠬᠤ ᠨᠣᠷᠮ᠎ᠠ ᠨᠢ ᠥᠨᠳᠥᠷ | ᠪᠠᠶᠢᠳᠠᠭ᠃ | | ᠦ᠋ ᠢᠦᠢ ᠵᠢᠶᠦ᠋ᠨ ᠤ ᠬᠦᠴᠢᠷ ᠠᠰᠠᠭᠤᠳᠠᠯ ᠣᠶᠢᠷ᠎ᠠ ᠶᠢᠨ ᠬᠤᠶᠠᠷ ᠵᠢᠯ ᠳᠤ ᠠᠮᠠᠷᠬᠠᠨ ᠰᠢᠢᠳᠪᠦᠷᠢᠯᠡᠭᠳᠡᠵᠡᠢ᠃ | ᠪᠠᠷᠠᠭᠠᠨ ᠤ ᠭᠦᠢᠯᠭᠡᠭᠡᠨ ᠤ ᠺᠣᠮᠫᠠᠨᠢ ᠲᠠᠢ ᠬᠠᠮᠲᠤᠷᠠᠨ ᠠᠵᠢᠯᠯᠠᠭᠰᠠᠨ ᠠᠴᠠ ᠨᠠᠰᠢ᠂ ᠦᠬᠡᠷ ᠬᠤᠨᠢᠨ ᠮᠢᠬᠠᠨ ᠤ | ᠪᠦᠲᠦᠭᠡᠭᠳᠡᠬᠦᠨ ᠤ ᠲᠤᠰᠬᠠᠢ ᠬᠥᠭᠡᠰᠦᠷᠬᠡᠭ ᠬᠠᠶᠢᠷᠴᠠᠭ᠂ ᠰᠢᠨ᠎ᠡ ᠰᠣᠷᠭᠤᠭ ᠬᠠᠳᠠᠭᠠᠯᠠᠬᠤ ᠤᠭᠤᠲᠠ ᠵᠡᠷᠭᠡ | ᠪᠣᠭᠤᠳᠠᠯ ᠪᠠᠭᠯᠠᠭ᠎ᠠ᠂ ᠠᠭᠠᠷ ᠤᠨ ᠲᠡᠭᠡᠭᠡᠪᠦᠷᠢ ᠵᠡᠷᠭᠡ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠳᠤ ᠴᠢᠭᠯᠡᠭᠦᠯᠦᠨ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠦᠬᠡᠷ ᠬᠤᠨᠢᠨ ᠮᠢᠬᠠᠨ ᠤ ᠲᠡᠭᠡᠭᠡᠪᠦᠷᠢ ᠶᠢ ᠬᠠᠮᠠᠭᠠᠯᠠᠵᠤ | ᠪᠤᠢ᠃ | | ᠣᠶᠢᠷ᠎ᠠ ᠳᠤ᠂ ᠵᠢᠩ ᠳ᠋ᠦᠩ ᠡᠳ᠋ ᠪᠠᠷᠠᠭᠠᠨ ᠤ ᠭᠦᠢᠯᠭᠡᠭᠡ ᠶᠢᠨ ᠥᠪᠥᠷ ᠮᠣᠩᠭᠤᠯ ᠤᠨ ᠤᠯᠠ ᠲᠡᠭᠦᠨ ᠤ | ᠡᠵᠡᠩᠨᠡᠯᠲᠡ ᠶᠢᠨ ᠬᠡᠯᠲᠡᠰ ᠤᠨ ᠥᠷᠲᠡᠭᠡᠨ ᠳᠠᠷᠤᠭ᠎ᠠ ᠸᠧᠢ ᠴᠢᠤᠸᠠᠨ ᠨᠢᠭᠡ ᠭᠠᠷᠠᠭ ᠲᠤ ᠦ᠋ ᠢᠦᠢ ᠵᠢᠶᠦ᠋ᠨ ᠤ | ᠺᠣᠮᠫᠠᠨᠢ ᠳᠤ ᠭᠤᠷᠪᠠ ᠳᠥᠷᠪᠡ ᠤᠳᠠᠭ᠎ᠠ ᠣᠴᠢᠬᠤ ᠭᠡᠵᠦ ᠪᠠᠶᠢᠨ᠎ᠠ᠂ ᠡᠨᠡ ᠨᠢ ᠭᠤᠣᠯᠳᠠᠭᠤ ᠪᠠᠷᠠᠭ᠎ᠠ ᠭᠠᠷᠭᠠᠨ ᠠᠪᠬᠤ | ᠪᠠ ᠶᠠᠪᠤᠭᠤᠯᠬᠤ ᠵᠣᠷᠢᠯᠭ᠎ᠠ ᠪᠠᠷ ᠶᠤᠮ᠃ | | ︽ᠡᠵᠡᠩᠨᠡᠯᠲᠡ ᠶᠢᠨ ᠭᠠᠵᠠᠷ ᠢ 2020 ᠣᠨ ᠳᠤ ᠪᠠᠶᠢᠭᠤᠯᠵᠠᠢ᠂ ᠦᠬᠡᠷ ᠬᠤᠨᠢᠨ ᠮᠢᠬ᠎ᠠ ᠢᠯᠡᠭᠡᠬᠦ ᠳᠤ | ᠲᠦᠷᠭᠡᠨ ᠬᠦᠷᠭᠡᠬᠦ ᠶᠢ ᠡᠷᠬᠢᠮᠯᠡᠨ᠎ᠡ᠂ ᠪᠢᠳᠡ ᠦᠨᠳᠦᠰᠦᠨ ᠳᠡᠭᠡᠨ 24 ᠴᠠᠭ ᠤᠨ ᠳᠣᠲᠣᠷ᠎ᠠ ᠪᠠᠷᠠᠭ᠎ᠠ ᠬᠤᠷᠢᠶᠠᠵᠤ | ᠳᠠᠮᠵᠢᠭᠤᠯᠬᠤ ᠠᠵᠢᠯ ᠢ ᠠᠳᠬᠤᠵᠤ᠂ ᠣᠯᠠᠩᠬᠢ ᠬᠤᠲᠠ ᠶᠢᠨ ᠬᠢᠨ 2 ᠡᠳᠦᠷ ᠤᠨ ᠳᠣᠲᠣᠷ᠎ᠠ ᠬᠦᠷᠭᠡᠬᠦ ᠶᠢ | ᠪᠡᠶᠡᠯᠡᠭᠦᠯᠵᠦ ᠴᠢᠳᠠᠨ᠎ᠠ︾ ᠃ ᠸᠧᠢ ᠴᠢᠤᠸᠠᠨ ᠬᠡᠯᠡᠬᠦ ᠳᠡᠭᠡᠨ᠂ ᠡᠷᠬᠢᠨ ᠲᠣᠭᠤᠷᠢᠨ ᠤ ᠮᠠᠯᠵᠢᠬᠤ ᠣᠷᠣᠨ ᠤ | ᠮᠠᠯᠴᠢᠳ ᠲᠤ ᠠᠪᠴᠤ ᠬᠡᠯᠡᠪᠡᠯ᠂ ᠪᠢᠳᠡ ᠬᠤᠷᠰᠢᠨ ᠬᠤᠷᠢᠶᠠᠵᠤ ᠠᠪᠬᠤ ᠭᠠᠵᠠᠷ ᠤᠳ ᠢ ᠣᠯᠠᠨ ᠪᠠᠶᠢᠭᠤᠯᠵᠤ᠂ | ᠲᠣᠭᠲᠠᠭᠰᠠᠨ ᠴᠠᠭ ᠲᠤ ᠮᠠᠲ᠋ᠧᠷᠢᠶᠠᠯ ᠭᠠᠷᠭᠠᠨ ᠠᠪᠬᠤ ᠪᠠᠷ ᠲᠣᠬᠢᠷᠠᠭᠤᠯᠵᠠᠢ᠃ | | ︽ᠠᠷᠪᠠᠨ ᠵᠢᠯ ᠤᠨ ᠡᠮᠦᠨ᠎ᠡ ᠡᠶᠢᠮᠦ ᠳᠥᠭᠦᠮ ᠳᠥᠲᠡ ᠲᠦᠷᠭᠡᠨ ᠢᠯᠡᠭᠡᠮᠵᠢ ᠶᠢᠨ ᠦᠢᠯᠡᠴᠢᠯᠡᠭᠡ ᠪᠠᠶᠢᠭᠰᠠᠨ | ᠦᠭᠡᠢ᠂ ᠦᠬᠡᠷ ᠬᠤᠨᠢᠨ ᠮᠢᠬ᠎ᠠ ᠶᠢ ᠬᠤᠳᠠᠯᠳᠤᠬᠤ ᠬᠡᠪᠴᠢᠶ᠎ᠡ ᠦᠨᠳᠦᠰᠦᠨ ᠳᠡᠭᠡᠨ ᠲᠤᠬᠠᠢ ᠶᠢᠨ ᠭᠠᠵᠠᠷ ᠲᠤ ᠪᠠᠶᠢᠪᠠ | ᠂ ᠣᠳᠣᠬᠠᠨ ᠳᠤ ᠮᠠᠨ ᠤ ᠦᠢᠯᠡᠳᠬᠦᠨ 2 ᠡᠳᠦᠷ ᠤᠨ ᠳᠣᠲᠣᠷ᠎ᠠ ᠪᠦᠬᠦ ᠤᠯᠤᠰ ᠤᠨ ᠡᠯ᠎ᠡ ᠭᠠᠵᠠᠷ ᠲᠤ ᠬᠦᠷᠴᠦ᠂ | ᠲᠦᠷᠭᠡᠨ ᠢᠯᠡᠭᠡᠮᠵᠢ ᠶᠢᠨ ᠥᠪᠡᠷ ᠤᠨ ᠥᠷᠲᠡᠭ ᠪᠠᠭᠤᠷᠠᠵᠤ᠂ ᠪᠣᠷᠤᠯᠠᠭᠤᠯᠭ᠎ᠠ ᠶᠢᠨ ᠵᠠᠮ ᠨᠡᠩ ᠥᠷᠭᠡᠨ ᠪᠣᠯᠤᠭᠰᠠᠨ | ᠪᠠᠶᠢᠨ᠎ᠠ︾ ᠭᠡᠵᠦ ᠮᠥᠩᠭᠦᠨᠰᠣᠳᠣ ᠬᠡᠯᠡᠪᠡ᠃ | | ᠮᠥᠩᠭᠦᠨᠰᠣᠳᠣ ᠶᠢᠨ ᠬᠡᠯᠡᠭᠰᠡᠨ ᠬᠤᠪᠢᠷᠠᠯᠲᠠ ᠨᠢ ᠮᠠᠨ ᠤ ᠤᠯᠤᠰ ᠤᠨ ᠪᠠᠷᠠᠭᠠᠨ ᠤ ᠭᠦᠢᠯᠭᠡᠭᠡ ᠶᠢᠨ ᠥᠨᠳᠥᠷ | ᠲᠦᠪᠰᠢᠨ ᠢᠶᠠᠷ ᠬᠥᠭᠵᠢᠭᠰᠡᠨ ᠠᠴᠠ ᠪᠣᠯᠤᠭᠰᠠᠨ ᠶᠤᠮ᠃ ᠣᠳᠣᠬᠠᠨ ᠳᠤ᠂ ᠡᠳ᠋ ᠪᠠᠷᠠᠭᠠᠨ ᠤ ᠲᠡᠭᠡᠭᠡᠪᠦᠷᠢ ᠶᠢᠨ | ᠪᠦᠲᠦᠴᠡ ᠤᠯᠠᠮ ᠰᠢᠯᠢᠳᠡᠭᠵᠢᠵᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠲᠦᠷᠭᠡᠨ ᠢᠶᠠᠷ ᠬᠥᠭᠵᠢᠵᠦ᠂ | ᠥᠪᠥᠷ ᠮᠣᠩᠭᠤᠯ ᠳᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠰᠢᠨ᠎ᠡ ᠵᠠᠭᠪᠤᠷ ᠨᠢ ᠦᠬᠡᠷ ᠬᠤᠨᠢᠨ | ᠮᠢᠬ᠎ᠠ ᠶᠢ ᠥᠪᠥᠷ ᠮᠣᠩᠭᠤᠯ ᠠᠴᠠ ᠭᠠᠷᠭᠠᠬᠤ ᠬᠦᠴᠦᠨ ᠲᠠᠢ ᠬᠤᠭᠤᠴᠠᠭ᠎ᠠ ᠶᠢ ᠰᠢᠭᠤᠳ ᠨᠢᠭᠡ ᠡᠳᠦᠷ | ᠪᠣᠭᠤᠨᠢᠰᠬᠠᠵᠠᠢ᠃ | | ︽ᠣᠶᠢᠷ᠎ᠠ ᠶᠢᠨ ᠵᠢᠯ ᠠᠴᠠ ᠨᠠᠰᠢ᠂ ᠪᠢᠳᠡ ᠦᠬᠡᠷ ᠬᠤᠨᠢᠨ ᠮᠢᠬ᠎ᠠ ᠬᠦᠷᠭᠡᠬᠦ ᠪᠠᠲᠤᠯᠠᠭ᠎ᠠ ᠶᠢᠨ ᠴᠢᠳᠠᠪᠤᠷᠢ | ᠶᠢ ᠳᠡᠭᠡᠭᠰᠢᠯᠡᠭᠦᠯᠬᠦ ᠵᠣᠷᠢᠯᠭ᠎ᠠ ᠪᠠᠷ᠂ ᠭᠠᠷᠤᠯᠲᠠ ᠶᠢᠨ ᠣᠷᠣᠨ ᠳᠤ ᠰᠢᠭᠤᠳ ᠶᠠᠪᠤᠭᠤᠯᠬᠤ᠂ ᠠᠭᠠᠷ ᠤᠨ ᠠᠶᠠᠯᠠᠯ ᠤᠨ | ᠡᠬᠢ ᠪᠠᠶᠠᠯᠢᠭ ᠢ ᠣᠷᠣᠭᠤᠯᠬᠤ᠂ ᠪᠣᠭᠤᠳᠠᠯᠯᠠᠬᠤ ᠠᠷᠭ᠎ᠠ ᠬᠡᠮᠵᠢᠶ᠎ᠡ ᠶᠢ ᠳᠡᠰ ᠳᠡᠪᠰᠢᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠢᠯ ᠲᠥᠷᠥᠯ ᠤᠨ ᠬᠢᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠵᠢᠩ ᠳ᠋ᠦᠩ ᠤᠨ | ᠡᠳ᠋ ᠪᠠᠷᠠᠭᠠᠨ ᠤ ᠲᠦᠷᠭᠡᠨ ᠬᠦᠷᠭᠡᠯᠲᠡ ᠶᠢᠨ ᠥᠪᠥᠷ ᠮᠣᠩᠭᠤᠯ ᠤᠨ ᠪᠣᠷᠣᠳᠣᠬᠤᠢ ᠶᠢᠨ ᠣᠷᠣᠨ ᠤ ᠡᠵᠡᠩᠨᠡᠯᠲᠡ ᠶᠢ | ᠳᠡᠮᠵᠢᠬᠦ ᠬᠠᠷᠢᠭᠤᠴᠠᠯᠭᠠᠲᠠᠨ ᠸᠠᠩ ᠬᠤᠩ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ 1 ᠳ᠋ᠦ᠋ᠭᠡᠷ ᠰᠠᠷ᠎ᠠ ᠳᠤ᠂ | ᠦᠬᠡᠷ ᠬᠤᠨᠢᠨ ᠮᠢᠬᠠᠨ ᠤ ᠪᠥᠬᠦ ᠪᠠᠷᠠᠭᠠᠨ ᠤ ᠮᠠᠰᠢᠨ ᠤ ᠲᠤᠰᠬᠠᠢ ᠱᠤᠭᠤᠮ ᠨᠢᠭᠡᠨᠲᠡ ᠨᠡᠪᠲᠡᠷᠡᠵᠦ᠂ ᠴᠠᠭᠠᠨ | ᠰᠠᠷ᠎ᠠ ᠶᠢᠨ ᠪᠠᠷᠠᠭᠠᠨ ᠤ ᠪᠠᠶᠠᠷ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠥᠨᠳᠥᠷ ᠪᠦᠲᠦᠮᠵᠢᠲᠡᠶ ᠡᠳ᠋ | ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢ ᠪᠠᠲᠤᠯᠠᠪᠠ᠃ ᠦᠬᠡᠷ ᠬᠤᠨᠢᠨ ᠮᠢᠬ᠎ᠠ ᠶᠢᠨ ᠭᠠᠷᠤᠯᠲᠠ ᠶᠢᠨ ᠣᠷᠣᠨ ᠳᠤ | ᠲᠦᠷᠭᠡᠨ ᠪᠠᠷᠠᠭᠠᠨ ᠤ ᠭᠦᠢᠯᠭᠡᠭᠡᠨ ᠤ ᠳᠥᠭᠦᠮ ᠳᠥᠲᠡ ᠦᠢᠯᠡᠴᠢᠯᠡᠭᠡ ᠶᠢ ᠡᠳ᠋ᠯᠡᠬᠦ ᠪᠠᠷ ᠪᠠᠷᠠᠬᠤ ᠦᠭᠡᠢ᠂ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2024 ᠣᠨ ᠳᠤ᠂ ᠲᠣᠰ ᠠᠵᠤ ᠠᠬᠤᠶᠢᠯᠠᠯ ᠪᠠᠷᠤᠭ 500 | ᠪᠤᠶᠢᠳᠠ ᠪᠥᠭᠯᠡᠭᠦᠦ ᠰᠤᠮᠤ ᠪᠠᠯᠭᠠᠰᠤᠨ ᠤ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ | ᠥᠷᠭᠡᠳᠬᠡᠵᠦ᠂ ᠦᠢᠯᠡᠴᠢᠯᠡᠭᠡ ᠨᠢ ᠪᠠᠷᠤᠭ ᠳᠤᠮᠳᠠᠳᠤ ᠤᠯᠤᠰ ᠤᠨ ᠪᠣᠶ ᠪᠦᠬᠦᠢ ᠬᠤᠲᠠ ᠰᠢᠶᠠᠨ ᠢ ᠬᠠᠮᠤᠷᠴᠤ᠂ | ᠤᠯᠠᠮ ᠠᠴᠠ ᠤᠯᠠᠮ ᠣᠯᠠᠨ ᠬᠡᠷᠡᠭᠯᠡᠭᠴᠢᠳ ᠨᠠᠩ ᠳᠣᠣᠷ᠎ᠠ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠪᠠ | ᠨᠠᠩ ᠰᠠᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ ᠭᠥᠷᠳᠡᠬᠦ ᠪᠣᠯᠵᠠᠢ᠃ | | ᠭᠠᠷᠤᠯᠲᠠ ᠶᠢᠨ ᠣᠷᠣᠨ ᠤ ᠦᠬᠡᠷ ᠬᠤᠨᠢᠨ ᠮᠢᠬ᠎ᠠ ᠵᠡᠷᠭᠡ ᠰᠢᠨ᠎ᠡ ᠰᠣᠷᠭᠤᠭ ᠪᠦᠲᠦᠭᠡᠭᠳᠡᠬᠦᠨ ᠢ ᠨᠡᠩ ᠰᠢᠨ᠎ᠡ | ᠰᠣᠷᠭᠤᠭ᠂ ᠨᠡᠩ ᠰᠠᠶᠢᠨ ᠴᠢᠨᠠᠷ ᠦᠨ᠎ᠡ ᠶᠢᠨ ᠬᠠᠷᠢᠴᠠᠯ ᠤᠨ ᠬᠡᠯᠪᠡᠷᠢ ᠪᠠᠷ ᠲᠦᠭ ᠲᠦᠮᠡᠨ ᠠᠶᠢᠯ ᠡᠷᠦᠭᠡ ᠳᠤ | ᠣᠷᠣᠭᠤᠯᠤᠭᠰᠠᠨ ᠨᠢ ᠮᠠᠨ ᠤ ᠤᠯᠤᠰ ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠪᠠᠭᠤᠷᠠᠵᠤ᠂ | ᠣᠳᠣᠬᠢᠴᠢᠯᠠᠭᠰᠠᠨ ᠪᠠᠷᠠᠭᠠᠨ ᠤ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠳ᠋ᠦᠩ ᠪᠣᠯᠣᠨ᠎ᠠ᠃ | | 2024 ᠣᠨ ᠤ 11ᠳ᠋ᠦ᠋ᠭᠡᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠥᠬᠦ ᠨᠡᠶᠢᠭᠡᠮ ᠤᠨ | ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠠᠵᠢᠯᠯᠠᠭᠠᠨ ᠤ ᠲᠥᠰᠥᠯ︾ ᠢ | ᠬᠡᠪᠯᠡᠨ ᠲᠠᠷᠬᠠᠭᠠᠵᠤ᠂ 2027 ᠣᠨ ᠪᠣᠯᠬᠤ ᠳᠤ᠂ GDP ᠶᠢ 100 ᠲᠥᠭᠦᠷᠢᠭ ᠡᠭᠦᠳᠬᠦ ᠪᠦᠷᠢ ᠳᠤ | ᠵᠠᠷᠤᠴᠠᠭᠤᠯᠬᠤ ᠪᠠᠷᠠᠭᠠᠨ ᠤ ᠭᠦᠢᠯᠭᠡᠭᠡᠨ ᠤ ᠵᠠᠷᠤᠳᠠᠯ ᠢ 14.4 ᠲᠥᠭᠦᠷᠢᠭ ᠪᠠᠶᠢᠭᠰᠠᠨ ᠠᠴᠠ 13.5 ᠲᠥᠭᠦᠷᠢᠭ | ᠪᠣᠯᠭᠠᠨ ᠤᠯᠠᠮ ᠪᠠᠭᠤᠷᠠᠭᠤᠯᠬᠤ ᠬᠠᠷᠠᠯᠲᠠ ᠶᠢ ᠳᠤᠷᠠᠳᠤᠨ ᠭᠠᠷᠭᠠᠪᠠ᠃ | | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ | 2023 ᠣᠨ ᠤ ᠨᠡᠶᠢᠭᠡᠮ ᠤᠨ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠤᠨ ᠬᠢᠷᠢ ᠬᠡᠮᠵᠢᠶ᠎ᠡ ᠲᠠᠢ | ᠬᠠᠷᠢᠴᠠᠭᠤᠯᠪᠠᠯ᠂ ᠤᠯᠤᠰ ᠠᠷᠠᠳ ᠤᠨ ᠠᠵᠤ ᠠᠬᠤᠢ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠭᠰᠠᠨ ᠪᠠᠶᠢᠳᠠᠯ | ᠳᠣᠣᠷ᠎ᠠ᠂ ᠨᠡᠶᠢᠭᠡᠮ ᠤᠨ ᠡᠳ᠋ ᠪᠠᠷᠠᠭᠠᠨ ᠤ ᠭᠦᠢᠯᠭᠡᠭᠡᠨ ᠤ ᠪᠥᠬᠦ ᠵᠠᠷᠤᠳᠠᠯ ᠢ 1 ᠲᠦᠮᠡᠨ ᠳ᠋ᠦᠩᠰᠢᠭᠤᠷ | ᠲᠥᠭᠦᠷᠢᠭ ᠠᠴᠠ ᠳᠡᠭᠡᠭᠰᠢ ᠠᠷᠪᠢᠯᠠᠵᠤ ᠪᠣᠯᠬᠤ ᠲᠠᠢ ᠲᠡᠩᠴᠡᠨ᠎ᠡ᠃ | | ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠤᠨ ᠬᠢᠷᠢ ᠲᠦᠪᠰᠢᠨ ᠶᠡᠷᠦᠩᠬᠡᠢ ᠳᠡᠭᠡᠨ ᠪᠠᠭᠤᠷᠠᠬᠤ ᠬᠠᠨᠳᠤᠰᠢ ᠪᠠᠨ ᠪᠠᠲᠤᠯᠠᠵᠤ᠂ ᠨᠡᠶᠢᠭᠡᠮ ᠤᠨ ᠪᠠᠷᠠᠭᠠᠨ ᠤ | ᠭᠦᠢᠯᠭᠡᠭᠡᠨ ᠤ ᠶᠡᠷᠦᠩᠬᠡᠢ ᠵᠠᠷᠤᠳᠠᠯ ᠬᠢᠭᠡᠳ GDP ᠶᠢᠨ ᠬᠠᠷᠢᠴᠠᠯ 2012 ᠣᠨ ᠳᠤ 18% ᠪᠠᠶᠢᠭᠰᠠᠨ | ᠠᠴᠠ ᠪᠠᠨ 2023 ᠣᠨ ᠳᠤ 14.4% ᠪᠣᠯᠵᠤ ᠪᠠᠭᠤᠷᠠᠪᠠ᠃ | | 14.4 ᠲᠥᠭᠦᠷᠢᠭ ᠪᠠᠶᠢᠭᠰᠠᠨ ᠠᠴᠠ 13.5 ᠲᠥᠭᠦᠷᠢᠭ ᠪᠣᠯᠭᠠᠨ ᠪᠠᠭᠤᠷᠠᠭᠤᠯᠬᠤ ᠬᠠᠷᠠᠯᠲᠠ ᠶᠢ ᠬᠡᠷᠬᠢᠨ | ᠪᠡᠶᠡᠯᠡᠭᠦᠯᠬᠦ ᠪᠤᠶ︖ | | ᠳᠤᠮᠳᠠᠳᠤ ᠤᠯᠤᠰ ᠤᠨ ᠪᠠᠷᠠᠭᠠᠨ ᠤ ᠭᠦᠢᠯᠭᠡᠭᠡ ᠬᠢᠭᠡᠳ ᠬᠤᠳᠠᠯᠳᠤᠨ ᠠᠪᠬᠤ ᠬᠤᠯᠪᠣᠭᠠᠲᠤ ᠬᠤᠷᠠᠯ ᠤᠨ | ᠰᠤᠳᠤᠯᠬᠤ ᠲᠠᠰᠤᠭ ᠤᠨ ᠡᠷᠬᠢᠯᠡᠭᠴᠢ ᠪᠥᠭᠡᠳ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠤᠪᠢᠶᠠᠷᠢ | ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠪᠠᠷᠠᠭᠠᠨ ᠤ ᠭᠦᠢᠯᠭᠡᠭᠡ ᠶᠢᠨ ᠰᠤᠳᠤᠯᠭᠠᠨ ᠤ | ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠵᠧᠦ ᡁᠢ ᠴᠧᠩ᠄ ᠦᠢᠯᠡᠳᠪᠦᠷᠢᠯᠡᠯ ᠭᠦᠢᠯᠭᠡᠭᠡᠨ ᠤ ᠡᠳ᠋ | ᠪᠠᠷᠠᠭᠠᠨ ᠤ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠳ᠋ ᠪᠠᠷᠠᠭᠠᠨ ᠤ ᠭᠦᠢᠯᠭᠡᠭᠡᠨ ᠤ | ᠲᠥᠬᠦᠭᠡᠷᠦᠮᠵᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ᠂ ᠪᠦᠬᠦᠯᠢ ᠴᠣᠭᠴᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ | ᠡᠳ᠋ ᠪᠠᠷᠠᠭᠠᠨ ᠤ ᠭᠦᠢᠯᠭᠡᠭᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠠᠵᠢᠯᠯᠠᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠵᠡᠷᠭᠡ ᠪᠣᠯᠣᠨ᠎ᠠ᠃ | | ᠵᠢᠩ ᠳ᠋ᠦᠩ ᠤᠨ ᠡᠳ᠋ ᠪᠠᠷᠠᠭᠠᠨ ᠤ ᠭᠦᠢᠯᠭᠡᠭᠡ ᠪᠠᠷ ᠵᠢᠱᠢᠶᠡᠯᠡᠪᠡᠯ᠂ ᠲᠠᠸᠠᠷ ᠢ ᠬᠡᠷᠡᠭᠯᠡᠭᠴᠢᠳ ᠠᠴᠠ | ᠬᠠᠮᠤᠭ ᠤᠨ ᠣᠶᠢᠷ᠎ᠠ ᠭᠠᠵᠠᠷ ᠲᠤ ᠲᠠᠯᠪᠢᠵᠤ᠂ ᠵᠥᠭᠡᠭᠡᠪᠦᠷᠢᠯᠡᠬᠦ ᠤᠳᠠᠭ᠎ᠠ ᠪᠣᠯᠣᠨ ᠵᠥᠭᠡᠭᠡᠪᠦᠷᠢᠯᠡᠬᠦ ᠵᠠᠢ ᠶᠢ | ᠪᠠᠭᠠᠰᠬᠠᠬᠤ ᠪᠣᠯ ᠲᠡᠭᠦᠨ ᠤ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠦᠨᠳᠦᠰᠦᠨ | ᠳᠠᠪᠬᠤᠷᠭ᠎ᠠ ᠶᠢᠨ ᠯᠣᠭᠢᠭ ᠮᠥᠨ᠃ ᠡᠨᠡ ᠬᠦ ᠶᠠᠪᠤᠴᠠ ᠳᠤ᠂ ᠠᠵᠤ ᠠᠬᠤᠶᠢᠯᠠᠯ ᠨᠢ ᠨᠢᠭᠡ ᠲᠠᠯ᠎ᠠ ᠪᠠᠷ ᠪᠥᠬᠦ | ᠤᠯᠤᠰ ᠲᠤ ᠲᠦᠭᠡᠭᠰᠡᠨ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠤᠨ ᠱᠤᠭᠤᠮ ᠢ ᠠᠰᠢᠭᠯᠠᠪᠠ︔ | ᠨᠥᠭᠦᠭᠡ ᠲᠠᠯ᠎ᠠ ᠪᠠᠷ᠂ AI᠂ ᠲᠣᠮᠣ ᠵᠠᠭᠪᠤᠷ᠂ ᠲᠣᠮᠣ ᠳ᠋ᠠᠶᠢᠲ᠋ᠠ ᠵᠡᠷᠭᠡ ᠲᠣᠭᠠᠨ ᠤ ᠤᠶᠤᠨᠵᠢᠭᠤᠯᠬᠤ ᠮᠡᠷᠭᠡᠵᠢᠯ ᠢ | ᠪᠠᠷᠠᠭᠠᠨ ᠤ ᠭᠦᠢᠯᠭᠡᠭᠡᠨ ᠤ ᠡᠯ᠎ᠡ ᠭᠤᠭᠴᠤᠭ᠎ᠠ ᠯᠤᠭ᠎ᠠ ᠡᠷᠴᠢᠮᠲᠡᠢ ᠤᠶᠠᠯᠳᠤᠭᠤᠯᠵᠤ᠂ ᠨᠡᠶᠢᠭᠡᠮ ᠤᠨ ᠪᠠᠷᠠᠭᠠᠨ ᠤ | ᠭᠦᠢᠯᠭᠡᠭᠡᠨ ᠤ ᠥᠪᠡᠷ ᠤᠨ ᠥᠷᠲᠡᠭ ᠤᠨ ᠪᠠᠭᠤᠷᠠᠯᠲᠠ ᠶᠢ ᠤᠯᠠᠮ ᠲᠦᠯᠬᠢᠨ ᠠᠬᠢᠭᠤᠯᠤᠨ᠎ᠠ᠃ | | ︽ᠬᠠᠩᠭᠠᠯᠭ᠎ᠠ ᠶᠢᠨ ᠬᠡᠯᠬᠢᠶ᠎ᠡ ᠶᠢᠨ ᠡᠳ᠋ ᠪᠠᠷᠠᠭᠠᠨ ᠤ ᠭᠦᠢᠯᠭᠡᠭᠡ ᠪᠣᠯᠣᠨ ᠦᠢᠯᠡᠳᠬᠦ ᠬᠠᠩᠭᠠᠯᠭ᠎ᠠ ᠶᠢᠨ | ᠬᠡᠯᠬᠢᠶ᠎ᠡ᠂ ᠠᠷᠠᠯᠵᠢᠶ᠎ᠠ ᠬᠤᠳᠠᠯᠳᠤᠭᠠᠨ ᠤ ᠬᠠᠩᠭᠠᠯᠭ᠎ᠠ ᠶᠢᠨ ᠬᠡᠯᠬᠢᠶ᠎ᠡ ᠶᠢᠨ ᠤᠶᠠᠯᠳᠤᠨ ᠬᠥᠭᠵᠢᠬᠦ᠂ ᠬᠠᠮᠵᠢᠯᠴᠠᠨ | ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢ ᠲᠤᠯᠭᠠᠭᠤᠷᠢᠯᠠᠬᠤ | ᠬᠠᠩᠭᠠᠯᠭ᠎ᠠ ᠶᠢᠨ ᠬᠡᠯᠬᠢᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠦ᠂ | ᠪᠦᠬᠦ ᠬᠡᠯᠬᠢᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ ᠪᠠᠭᠤᠷᠠᠭᠤᠯᠬᠤ ᠳᠤ ᠬᠦᠴᠦ ᠨᠡᠮᠡᠷᠢᠯᠡᠵᠦ | ᠂ ᠠᠵᠤ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠴᠢᠩᠭᠠᠳᠬᠠᠵᠤ᠂ ᠠᠵᠤ ᠠᠬᠤᠢ ᠶᠢᠨ | ᠠᠵᠢᠯᠯᠠᠭᠠᠨ ᠤ ᠭᠡᠵᠦ ᠵᠧᠦ ᡁᠢ ᠴᠧᠩ ᠢᠯᠡᠳᠬᠡᠪᠡ᠃ | | |