| ᠨᠡᠷ᠎ᠡ ᠲᠦᠷᠦ ᠭᠡᠳᠡᠭ ᠨᠢ ᠢᠷᠭᠡᠨ ᠤ ᠬᠡᠷᠡᠭ ᠤᠨ ᠭᠤᠣᠯ ᠴᠣᠭᠴᠠ ᠶᠢᠨ ᠶᠣᠰᠣ ᠰᠤᠷᠲᠠᠬᠤᠨ᠂ ᠨᠡᠷ᠎ᠡ | ᠲᠥᠷᠥ᠂ ᠡᠷᠳᠡᠮ ᠴᠢᠳᠠᠪᠤᠷᠢ᠂ ᠢᠲᠡᠭᠡᠮᠵᠢ ᠵᠡᠷᠭᠡ ᠶᠢᠨ ᠨᠡᠶᠢᠭᠡᠮ ᠳᠡᠭᠡᠷᠡᠬᠢ ᠦᠨᠡᠯᠡᠯᠲᠡ ᠪᠣᠯᠣᠨ᠎ᠠ᠂ ᠲᠡᠷᠡ ᠨᠢ | ᠢᠷᠭᠡᠨ ᠤ ᠬᠡᠷᠡᠭ ᠤᠨ ᠭᠤᠣᠯ ᠴᠣᠭᠴᠠ ᠶᠢᠨ ︽ᠬᠥᠮᠥᠨ ᠴᠢᠨᠠᠷ︾ ᠪᠠ ︽ᠨᠡᠷ᠎ᠡ ᠲᠦᠷᠦ︾ ᠶᠢ ᠲᠥᠪᠯᠡᠷᠡᠭᠦᠯᠦᠨ | ᠢᠯᠡᠷᠡᠭᠦᠯᠵᠦ᠂ ᠢᠷᠭᠡᠨ ᠤ ᠬᠡᠷᠡᠭ ᠤᠨ ᠠᠵᠢᠯᠯᠠᠭ᠎ᠠ᠂ ᠴᠢᠨᠠᠭᠰᠢᠯᠠᠨ ᠪᠤᠰᠤᠳ ᠨᠡᠶᠢᠭᠡᠮ ᠤᠨ ᠠᠵᠢᠯᠯᠠᠭ᠎ᠠ ᠬᠢᠬᠦ | ᠦᠨᠳᠦᠰᠦᠨ ᠨᠥᠬᠦᠴᠡᠯ ᠪᠤᠯᠳᠠᠭ᠃ | ᠨᠡᠷ᠎ᠡ ᠲᠦᠷᠦ ᠶᠢᠨ ᠡᠷᠬᠡ ᠭᠡᠳᠡᠭ ᠨᠢ ᠪᠠᠶᠢᠭᠠᠯᠢ ᠬᠥᠮᠥᠨ ᠪᠠ ᠬᠠᠤᠯᠢ ᠶᠢᠨ ᠡᠷᠬᠡᠲᠡᠨ᠂ ᠬᠠᠤᠯᠢ ᠶᠢᠨ | ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠰᠢᠨᠵᠢ ᠴᠢᠨᠠᠷ ᠪᠠ ᠦᠷᠳᠡᠭ ᠤᠨ ᠢᠶᠠᠨ ᠲᠠᠯ᠎ᠠ ᠪᠠᠷ | ᠣᠯᠣᠭᠰᠠᠨ ᠨᠡᠶᠢᠭᠡᠮ ᠤᠨ ᠦᠨᠡᠯᠡᠯᠲᠡ ᠶᠢ ᠡᠳ᠋ᠯᠡᠬᠦ ᠪᠠ ᠬᠠᠮᠠᠭᠠᠯᠠᠬᠤ ᠪᠣᠳᠠᠲᠠᠢ ᠡᠷᠬᠡ ᠶᠢ ᠬᠡᠯᠡᠳᠡᠭ᠃ ᠶᠠᠮᠠᠷᠪᠠ | ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠭᠤᠲᠤᠭᠠᠨ ᠳᠣᠷᠣᠮᠵᠢᠯᠠᠬᠤ᠂ ᠭᠦᠳᠬᠡᠬᠦ ᠵᠡᠷᠭᠡ ᠪᠠᠷ ᠪᠤᠰᠤᠳ ᠤᠨ | ᠨᠡᠷ᠎ᠡ ᠲᠦᠷᠦ ᠳᠤ ᠬᠠᠯᠳᠠᠵᠤ ᠪᠤᠯᠬᠤ ᠦᠭᠡᠢ᠃ | ᠭᠡᠪᠡᠴᠦ ᠠᠮᠢᠳᠤᠷᠠᠯ ᠳᠤᠮᠳᠠ ᠪᠤᠰᠤᠳ ᠤᠨ ᠨᠡᠷ᠎ᠡ ᠲᠥᠷᠥ ᠶᠢᠨ ᠡᠷᠬᠡ ᠳᠤ ᠬᠠᠯᠳᠠᠵᠤ᠂ ᠪᠤᠰᠤᠳ ᠤᠨ | ᠨᠡᠷ᠎ᠡ ᠲᠦᠷᠦ ᠶᠢ ᠬᠤᠬᠢᠷᠠᠭᠤᠯᠬᠤ ᠦᠵᠡᠭᠳᠡᠯ ᠳᠠᠩᠳᠠ ᠡᠭᠦᠰᠳᠡᠭ᠃ ᠢᠯᠠᠩᠭᠤᠶ᠎ᠠ ᠰᠦᠯᠵᠢᠶᠡᠨ ᠳᠡᠭᠡᠷ᠎ᠡ ᠮᠠᠰᠢ ᠤᠯᠠᠨ | ᠬᠥᠮᠥᠨ ᠪᠡᠶᠡᠴᠢ ᠲᠠᠯ᠎ᠠ ᠠᠴᠠ ᠰᠦᠯᠵᠢᠶᠡᠨ ᠤ ᠣᠷᠣᠨ ᠵᠠᠢ ᠶᠢ ᠬᠠᠤᠯᠢ ᠠᠴᠠ ᠭᠠᠳᠠᠭᠤᠷᠬᠢ ᠣᠷᠣᠨ ᠵᠠᠢ ᠪᠤᠯᠭᠠᠵᠤ᠂ | ᠳᠤᠷ᠎ᠠ ᠪᠠᠷ ᠢᠶᠠᠨ ᠪᠤᠰᠤᠳ ᠤᠨ ᠨᠡᠷ᠎ᠡ ᠲᠦᠷᠦ ᠶᠢ ᠭᠤᠲᠤᠭᠠᠬᠤ ᠶᠠᠷᠢᠶ᠎ᠠ ᠬᠡᠯᠡᠯᠴᠡᠭᠡ ᠨᠡᠶᠢᠲᠡᠯᠡᠵᠦ᠂ ᠪᠤᠰᠤᠳ ᠤᠨ | ᠦᠢᠯᠡᠳᠪᠦᠷᠢᠯᠡᠯ ᠠᠮᠢᠳᠤᠷᠠᠯ ᠪᠠ ᠤᠶᠤᠨ ᠰᠠᠨᠠᠭᠠᠨ ᠳᠤ ᠬᠤᠬᠢᠷᠠᠯ ᠤᠴᠠᠷᠠᠭᠤᠯᠳᠠᠭ᠃ ︽ᠬᠥᠮᠥᠨ ᠶᠠᠪᠤᠪᠠᠯ | ᠨᠡᠷ᠎ᠡ ᠲᠠᠢ᠂ ᠭᠠᠯᠠᠭᠤ ᠶᠠᠪᠤᠪᠠᠯ ᠳᠠᠭᠤ ᠲᠠᠢ︾ ᠭᠡᠳᠡᠭᠴᠢᠯᠡᠨ᠂ ᠠᠷᠠᠳ ᠢᠷᠭᠡᠳ ᠪᠦᠭᠦᠨ ᠥᠪᠡᠷ ᠤᠨ ᠨᠡᠷ᠎ᠡ | ᠲᠦᠷᠦ ᠪᠠᠨ ᠬᠠᠶᠢᠷᠠᠯᠠᠨ ᠨᠠᠨᠳᠢᠩᠨᠠᠵᠤ᠂ ᠬᠠᠤᠯᠢ ᠶᠣᠰᠣᠭᠠᠷ ᠬᠠᠮᠠᠭᠠᠯᠠᠬᠤ ᠡᠷᠬᠡ ᠲᠠᠢ᠃ | ᠬᠡᠷᠡᠭ ᠤᠨ ᠵᠢᠱᠢᠶ᠎ᠡ | ᠬᠥᠯᠥᠨ ᠪᠤᠶᠢᠷ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠤᠰᠤᠳ ᠤᠨ ᠨᠡᠷ᠎ᠡ | ᠲᠦᠷᠦ ᠶᠢᠨ ᠡᠷᠬᠡ ᠳᠤ ᠬᠠᠯᠳᠠᠭᠰᠠᠨ ᠨᠢᠭᠡᠨ ᠬᠡᠷᠡᠭ ᠢ ᠰᠢᠭᠦᠨ ᠰᠢᠢᠳᠪᠦᠷᠢᠯᠡᠵᠡᠢ᠃ ᠸᠠᠩ ᠣᠪᠣᠭᠲᠤ ᠪᠣᠯᠣᠨ ᠵᠠᠩ | ᠣᠪᠣᠭᠲᠤ ᠪᠣᠯ ᠨᠢᠭᠡ ᠭᠠᠴᠠᠭᠠᠨ ᠤ ᠠᠷᠠᠳ ᠪᠣᠯᠣᠨ᠎ᠠ᠃ ᠨᠢᠭᠡᠨ ᠡᠳᠦᠷ ᠵᠠᠩ ᠣᠪᠣᠭᠲᠤ ᠭᠠᠴᠠᠭᠠᠨ ᠤ ᠪᠠᠨ | ᠵᠢᠷᠭᠢᠶ᠎ᠡ ᠶᠢᠨ ᠴᠤᠭᠯᠠᠷᠠᠯ ᠳᠡᠭᠡᠷ᠎ᠡ ᠸᠠᠩ ᠣᠪᠣᠭᠲᠤ ᠶᠢᠨ ᠬᠤᠶᠠᠷ ᠬᠠᠭᠤᠳᠠᠰᠤ ᠭᠡᠷᠡᠯ ᠵᠢᠷᠤᠭ ᠢ ᠨᠡᠶᠢᠲᠡᠯᠡᠵᠦ ᠠᠷᠪᠠ | ᠭᠠᠷᠤᠢ ᠵᠤᠷᠪᠤᠰ ᠶᠠᠷᠢᠶ᠎ᠠ ᠶᠠᠪᠤᠭᠤᠯᠤᠨ ᠸᠠᠩ ᠣᠪᠣᠭᠲᠤ ᠶᠢ ᠬᠠᠷᠢᠶᠠᠨ ᠵᠦᠬᠡᠪᠡ᠃ ᠸᠠᠩ ᠣᠪᠣᠭᠲᠤ ᠨᠡᠷ᠎ᠡ | ᠲᠦᠷᠦ ᠶᠢᠨ ᠡᠷᠬᠡ ᠳᠤ ᠬᠠᠯᠳᠠᠭᠰᠠᠨ ᠭᠡᠵᠦ ᠰᠢᠭᠦᠬᠦ ᠬᠤᠷᠢᠶᠠᠨ ᠳᠤ ᠵᠠᠭᠠᠯᠳᠤᠨ᠂ ᠵᠠᠩ ᠣᠪᠣᠭᠲᠤ ᠶᠢ ᠪᠤᠷᠤᠭᠤ ᠪᠠᠨ | ᠬᠦᠯᠢᠶᠡᠵᠦ᠂ ᠤᠴᠠᠷᠠᠭᠤᠯᠤᠭᠰᠠᠨ ᠮᠠᠭᠤ ᠨᠥᠯᠥᠭᠡ ᠶᠢ ᠠᠷᠢᠯᠭᠠᠨ᠂ ᠨᠡᠷ᠎ᠡ ᠲᠦᠷᠦ ᠶᠢ ᠨᠢ ᠰᠡᠷᠭᠦᠭᠡᠵᠦ᠂ ᠣᠶᠤᠨ | ᠰᠠᠨᠠᠭᠠᠨ ᠤ ᠬᠤᠬᠢᠷᠠᠯ ᠤᠨ ᠲᠥᠯᠥᠪᠦᠷᠢ᠂ ᠵᠠᠷᠭᠤ ᠶᠢᠨ ᠵᠠᠷᠤᠳᠠᠯ ᠪᠠ ᠬᠠᠤᠯᠢᠴᠢ ᠶᠢᠨ ᠵᠠᠷᠤᠳᠠᠯ ᠢ ᠲᠥᠯᠥᠬᠦ ᠬᠡᠷᠡᠭᠲᠡᠢ | ᠭᠡᠵᠦ ᠱᠠᠭᠠᠷᠳᠠᠪᠠ᠃ ᠵᠠᠩ ᠣᠪᠣᠭᠲᠤ ︽ᠮᠢᠨᠤ ᠬᠥᠮᠥᠨ ᠬᠠᠷᠢᠶᠠᠭᠰᠠᠨ ᠨᠢ ᠤᠴᠢᠷ ᠰᠢᠯᠲᠠᠭᠠᠨ ᠦᠭᠡᠢ ᠪᠤᠰᠤ᠂ | ᠸᠠᠩ ᠣᠪᠣᠭᠲᠤ ᠮᠢᠨᠤ ᠨᠥᠬᠦᠷ ᠲᠠᠢ ᠳᠣᠲᠣᠨᠣ ᠬᠠᠷᠢᠴᠠᠭ᠎ᠠ ᠲᠠᠢ ᠪᠣᠯᠤᠭᠰᠠᠨ ᠪᠣᠯᠬᠤᠷ ᠮᠢᠨᠤ ᠨᠥᠬᠦᠷ ᠨᠠᠳᠠ ᠲᠠᠢ | ᠤᠷᠤᠭ ᠰᠠᠯᠬᠤ ᠭᠡᠵᠦ ᠪᠠᠶᠢᠨ᠎ᠠ︾ ᠭᠡᠵᠦ ᠮᠠᠷᠭᠤᠨ᠂ ᠰᠢᠭᠦᠬᠦ ᠬᠤᠷᠢᠶ᠎ᠠ ᠶᠢ ᠸᠠᠩ ᠣᠪᠣᠭᠲᠤ ᠶᠢᠨ ᠵᠠᠷᠭᠤ ᠶᠢᠨ | ᠭᠤᠶᠤᠴᠢᠯᠠᠯ ᠢ ᠨᠢᠴᠤᠭᠠᠬᠤ ᠶᠢ ᠬᠦᠰᠡᠪᠡ᠃ | ᠨᠢᠭᠡᠳᠦᠭᠡᠷ ᠰᠢᠭᠦᠯᠲᠡ ᠶᠢᠨ ᠰᠢᠭᠦᠬᠦ ᠬᠤᠷᠢᠶ᠎ᠠ ᠠᠴᠠ ᠵᠠᠩ ᠣᠪᠣᠭᠲᠤ ᠶᠢᠨ ᠠᠵᠢᠯᠯᠠᠭ᠎ᠠ ᠳᠤ ᠸᠠᠩ | ᠣᠪᠣᠭᠲᠤ ᠶᠢᠨ ᠨᠡᠷ᠎ᠡ ᠲᠦᠷᠦ ᠶᠢ ᠵᠣᠷᠢᠭᠤᠳᠠ ᠬᠤᠬᠢᠷᠠᠭᠤᠯᠬᠤ ᠪᠡᠶᠡᠴᠢ ᠰᠠᠨᠠᠭ᠎ᠠ ᠠᠭᠤᠯᠤᠭᠳᠠᠨ᠂ ᠸᠠᠩ | ᠣᠪᠣᠭᠲᠤ ᠶᠢᠨ ᠨᠡᠷ᠎ᠡ ᠲᠦᠷᠦ ᠳᠤ ᠵᠣᠬᠢᠬᠤ ᠬᠡᠮᠵᠢᠶᠡᠨ ᠤ ᠬᠤᠬᠢᠷᠠᠯ ᠤᠴᠠᠷᠠᠭᠤᠯᠵᠤ᠂ ᠨᠢᠭᠡᠨᠲᠡ ᠸᠠᠩ ᠣᠪᠣᠭᠲᠤ ᠶᠢᠨ | ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠪᠣᠯᠵᠤ ᠪᠦᠷᠢᠯᠳᠦᠭᠰᠡᠨ ᠲᠤᠯᠠ ᠬᠠᠤᠯᠢ ᠶᠣᠰᠣᠭᠠᠷ ᠡᠷᠬᠡ ᠳᠤ | ᠬᠠᠯᠳᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ᠃ ᠵᠠᠩ ᠣᠪᠣᠭᠲᠤ ᠲᠤᠰ ᠬᠡᠷᠡᠭ ᠲᠤ | ᠬᠤᠯᠪᠣᠭᠳᠠᠭᠰᠠᠨ ᠵᠢᠷᠭᠢᠶ᠎ᠡ ᠶᠢᠨ ᠴᠤᠭᠯᠠᠷᠠᠯ ᠳᠤ ᠸᠠᠩ ᠣᠪᠣᠭᠲᠤ ᠳᠤ ᠢᠯᠡ ᠪᠠᠷ ᠪᠤᠷᠤᠭᠤ ᠪᠠᠨ ᠮᠡᠳᠡᠷᠡᠵᠦ᠂ | ᠤᠴᠠᠷᠠᠭᠤᠯᠤᠭᠰᠠᠨ ᠨᠥᠯᠥᠭᠡ ᠶᠢ ᠨᠢ ᠠᠷᠢᠯᠭᠠᠨ᠂ ᠨᠡᠷ᠎ᠡ ᠲᠦᠷᠦ ᠶᠢ ᠨᠢ ᠰᠡᠷᠭᠦᠭᠡᠬᠦ ᠶᠢᠨ ᠬᠠᠮᠲᠤ ᠸᠠᠩ | ᠣᠪᠣᠭᠲᠤ ᠳᠤ ᠤᠶᠤᠨ ᠰᠠᠨᠠᠭᠠᠨ ᠤ ᠬᠤᠬᠢᠷᠠᠯ ᠤᠨ ᠲᠥᠯᠥᠪᠦᠷᠢ᠂ ᠬᠠᠤᠯᠢᠴᠢ ᠶᠢᠨ ᠵᠠᠷᠤᠳᠠᠯ ᠵᠡᠷᠭᠡ ᠵᠠᠷᠤᠳᠠᠯ | ᠰᠦᠢᠳᠬᠡᠯ ᠢ ᠡᠭᠦᠷᠭᠡᠯᠡᠬᠦ ᠬᠡᠷᠡᠭᠲᠡᠢ ᠭᠡᠵᠦ ᠰᠢᠭᠦᠨ ᠲᠠᠰᠤᠯᠪᠠ᠃ ᠵᠠᠩ ᠣᠪᠣᠭᠲᠤ ᠰᠢᠭᠦᠨ ᠲᠠᠰᠤᠯᠤᠯᠲᠠ ᠶᠢ | ᠵᠥᠪᠰᠢᠶᠡᠷᠡᠭᠰᠡᠨ ᠦᠭᠡᠢ ᠳᠡᠭᠡᠭᠰᠢ ᠵᠠᠭᠠᠯᠳᠤᠵᠠᠢ᠃ | ᠬᠤᠶᠠᠳᠤᠭᠠᠷ ᠰᠢᠭᠦᠯᠲᠡ ᠶᠢᠨ ᠰᠢᠭᠦᠬᠦ ᠬᠤᠷᠢᠶ᠎ᠠ ᠠᠴᠠ ᠵᠠᠩ ᠣᠪᠣᠭᠲᠤ 400 ᠭᠠᠷᠤᠢ ᠬᠥᠮᠥᠨ ᠲᠠᠢ | ᠵᠢᠷᠭᠢᠶ᠎ᠡ ᠶᠢᠨ ᠴᠤᠭᠯᠠᠷᠠᠯ ᠳᠤ ᠸᠠᠩ ᠣᠪᠣᠭᠲᠤ ᠶᠢ ᠳᠣᠷᠣᠮᠵᠢᠯᠠᠨ ᠬᠠᠷᠢᠶᠠᠵᠤ᠂ ᠨᠡᠷ᠎ᠡ ᠲᠦᠷᠦ ᠶᠢ ᠨᠢ | ᠬᠤᠬᠢᠷᠠᠭᠤᠯᠤᠭᠰᠠᠨ ᠤᠴᠢᠷ ᠠᠴᠠ ᠸᠠᠩ ᠣᠪᠣᠭᠲᠤ ᠶᠢᠨ ᠨᠡᠷ᠎ᠡ ᠲᠥᠷᠥ ᠶᠢᠨ ᠡᠷᠬᠡ ᠳᠤ ᠬᠠᠯᠳᠠᠭᠰᠠᠨ ᠨᠥᠯᠥᠭᠡ ᠶᠢ | ᠠᠷᠢᠯᠭᠠᠵᠤ᠂ ᠨᠡᠷ᠎ᠡ ᠲᠦᠷᠦ ᠶᠢ ᠨᠢ ᠰᠡᠷᠭᠦᠭᠡᠬᠦ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠤᠶᠤᠨ ᠰᠠᠨᠠᠭᠠᠨ ᠤ | ᠬᠤᠬᠢᠷᠠᠯ ᠤᠨ ᠲᠥᠯᠥᠪᠦᠷᠢ ᠪᠠ ᠡᠭᠦᠨ ᠠᠴᠠ ᠪᠣᠯᠤᠭᠰᠠᠨ ᠬᠤᠯᠪᠣᠭᠳᠠᠯ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠢ᠂ | ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠲᠠ ᠶᠢ ᠪᠠᠷᠢᠮᠲᠠᠯᠠᠨ᠎ᠠ ᠭᠡᠵᠦ ᠰᠢᠭᠦᠨ ᠲᠠᠰᠤᠯᠪᠠ᠃ | ᠬᠡᠷᠡᠭ ᠤᠨ ᠵᠠᠳᠠᠯᠤᠯᠲᠠ | ᠲᠤᠰ ᠬᠡᠷᠡᠭ ᠪᠣᠯ ᠰᠦᠯᠵᠢᠶᠡᠨ ᠤ ᠠᠷᠭ᠎ᠠ ᠪᠠᠷᠢᠯ ᠢᠶᠠᠷ ᠪᠤᠰᠤᠳ ᠤᠨ ᠨᠡᠷ᠎ᠡ ᠲᠦᠷᠦ ᠶᠢᠨ ᠡᠷᠬᠡ ᠳᠤ | ᠬᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ᠎ᠠ᠃ ᠵᠠᠩ ᠣᠪᠣᠭᠲᠤ ᠭᠠᠴᠠᠭᠠᠨ ᠤ ᠠᠷᠠᠳ ᠤᠨ ᠵᠢᠷᠭᠢᠶ᠎ᠡ ᠶᠢᠨ | ᠴᠤᠭᠯᠠᠷᠠᠯ ᠳᠣᠲᠣᠷ᠎ᠠ ᠸᠠᠩ ᠣᠪᠣᠭᠲᠤ ᠶᠢ ᠨᠡᠯᠢᠶᠡᠳ ᠳᠣᠷᠣᠮᠵᠢᠯᠠᠭᠰᠠᠨ᠂ ᠭᠦᠳᠬᠡᠨ ᠲᠠᠭᠠᠷᠢᠬᠰᠠᠨ ᠪᠣᠯᠬᠢ | ᠪᠦᠳᠦᠭᠦᠯᠢᠭ ᠦᠭᠡ ᠪᠠᠷ ᠬᠠᠷᠢᠶᠠᠵᠤ᠂ ᠭᠡᠷᠡᠯ ᠵᠢᠷᠤᠭ ᠢ ᠨᠢ ᠳᠠᠭᠠᠯᠳᠤᠭᠤᠯᠤᠨ ᠨᠡᠶᠢᠲᠡᠯᠡᠪᠡ᠃ 400 ᠭᠠᠷᠤᠢ | ᠬᠥᠮᠥᠨ ᠲᠠᠢ ᠭᠠᠴᠠᠭ᠎ᠠ ᠶᠢᠨ ᠵᠢᠷᠭᠢᠶ᠎ᠡ ᠶᠢᠨ ᠴᠤᠭᠯᠠᠷᠠᠯ ᠳᠤ ᠨᠡᠶᠢᠲᠡᠯᠡᠭᠰᠡᠨ ᠬᠠᠷᠢᠶᠠᠯ ᠳᠣᠷᠣᠮᠵᠢᠯᠠᠯ ᠨᠢ ᠭᠠᠴᠠᠭ᠎ᠠ ᠶᠢᠨ | ᠠᠷᠠᠳ ᠤᠨ ᠠᠩᠬᠠᠷᠤᠯ ᠢ ᠲᠠᠲᠠᠵᠤ᠂ ᠸᠠᠩ ᠣᠪᠣᠭᠲᠤ ᠶᠢᠨ ᠨᠡᠶᠢᠭᠡᠮ ᠤᠨ ᠬᠠᠷᠢᠴᠠᠭ᠎ᠠ ᠶᠢ ᠰᠢᠭᠤᠳ ᠨᠥᠯᠥᠭᠡᠯᠡᠭᠰᠡᠨ | ᠨᠢ ᠳᠠᠮᠵᠢᠭ ᠦᠭᠡᠢ᠃ ᠵᠠᠩ ᠣᠪᠣᠭᠲᠤ ᠶᠢᠨ ᠠᠵᠢᠯᠯᠠᠭ᠎ᠠ ᠳᠤ ᠸᠠᠩ ᠣᠪᠣᠭᠲᠤ ᠶᠢᠨ ᠨᠡᠷ᠎ᠡ ᠲᠦᠷᠦ ᠶᠢ ᠵᠣᠷᠢᠭᠤᠳᠠ | ᠬᠤᠬᠢᠷᠠᠭᠤᠯᠬᠤ ᠭᠡᠰᠡᠨ ᠪᠡᠶᠡᠴᠢ ᠰᠠᠨᠠᠭ᠎ᠠ ᠠᠭᠤᠯᠤᠭᠳᠠᠵᠤ ᠪᠠᠶᠢᠬᠤ ᠨᠢ ᠢᠯᠡᠷᠬᠡᠢ ᠪᠥᠭᠡᠳ ᠪᠤᠰᠤᠳᠴᠢ ᠲᠠᠯ᠎ᠠ ᠪᠠᠷ | ᠸᠠᠩ ᠣᠪᠣᠭᠲᠤ ᠶᠢᠨ ᠨᠡᠷ᠎ᠡ ᠲᠥᠷᠥ ᠳᠤ ᠵᠣᠬᠢᠬᠤ ᠬᠡᠮᠵᠢᠶᠡᠨ ᠤ ᠬᠤᠬᠢᠷᠠᠯ ᠤᠴᠠᠷᠠᠭᠤᠯᠵᠤ᠂ ᠨᠡᠷ᠎ᠡ ᠲᠥᠷᠥ ᠶᠢᠨ | ᠡᠷᠬᠡ ᠳᠤ ᠬᠠᠯᠳᠠᠭᠰᠠᠨ ᠠᠵᠢᠯᠯᠠᠭ᠎ᠠ ᠪᠣᠯᠣᠨ ᠪᠦᠷᠢᠯᠳᠦᠪᠡ᠃ ᠡᠶᠢᠮᠦ ᠠᠴᠠ ᠵᠠᠩ ᠣᠪᠣᠭᠲᠤ ᠪᠤᠰᠤᠳ ᠤᠨ ᠡᠷᠬᠡ ᠳᠤ | ᠬᠠᠯᠳᠠᠭᠰᠠᠨ ᠠᠵᠢᠯᠯᠠᠭ᠎ᠠ ᠳᠠᠭᠠᠨ ᠬᠠᠷᠢᠭᠤᠴᠠᠬᠤ ᠨᠢ ᠵᠦᠢᠲᠡᠢ᠃ | ᠬᠠᠤᠯᠢ ᠴᠠᠭᠠᠵᠠ ᠶᠢᠨ ᠮᠡᠳᠡᠯᠭᠡ | ᠶᠠᠭᠠᠬᠢᠪᠠᠯ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠪᠤᠯᠬᠤ ᠪᠤᠢ︖ | ᠡ᠊ᠡᠭ ᠤᠨ ᠠᠮᠢᠳᠤᠷᠠᠯ ᠳᠤᠮᠳᠠ ᠴᠤ ᠭᠡᠰᠡᠨ᠂ ᠰᠦᠯᠵᠢᠶᠡᠨ ᠳᠡᠭᠡᠷ᠎ᠡ ᠴᠦ ᠭᠡᠰᠡᠨ᠂ ᠪᠢᠴᠢᠭ ᠢᠶᠠᠷ ᠴᠦ | ᠲᠡᠷᠡ᠂ ᠠᠮᠠ ᠪᠠᠷ ᠪᠤᠶᠤ ᠣᠨᠴᠠ ᠲᠣᠭᠲᠠᠭᠰᠠᠨ ᠦᠢᠯᠡ ᠠᠵᠢᠯᠯᠠᠭ᠎ᠠ ᠪᠠᠷ ᠴᠦ ᠲᠡᠷᠡ ᠪᠤᠰᠤᠳ ᠤᠨ ᠨᠢᠭᠤᠴᠠ ᠶᠢ | ᠳᠤᠷ᠎ᠠ ᠪᠠᠷ ᠢᠯᠡᠴᠢᠯᠡᠨ ᠲᠠᠷᠬᠠᠭᠠᠵᠤ᠂ ᠪᠤᠰᠤᠳ ᠢ ᠮᠠᠭᠤᠯᠠᠬᠤ᠂ ᠬᠠᠷᠢᠶᠠᠬᠤ᠂ ᠳᠣᠷᠣᠮᠵᠢᠯᠠᠬᠤ᠂ ᠭᠦᠳᠬᠡᠬᠦ ᠵᠡᠷᠭᠡ | ᠭᠡᠯᠪᠡᠷᠢ ᠪᠠᠷ ᠪᠤᠰᠤᠳ ᠤᠨ ᠨᠡᠷ᠎ᠡ ᠲᠦᠷᠦ ᠶᠢ ᠬᠤᠬᠢᠷᠠᠭᠤᠯᠤᠭᠰᠠᠨ ᠪᠠᠶᠢᠪᠠᠯ ᠴᠥᠮ ᠠᠷᠠᠳ ᠢᠷᠭᠡᠨ ᠤ ᠨᠡᠷ᠎ᠡ | ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠳᠤ ᠲᠣᠭᠠᠴᠠᠭᠳᠠᠨ᠎ᠠ᠃ | ᠨᠡᠷ᠎ᠡ ᠲᠥᠷᠥ ᠶᠢᠨ ᠡᠷᠬᠡ ᠶᠢ ᠬᠠᠮᠠᠭᠠᠯᠠᠬᠤ ᠶᠠᠮᠠᠷ ᠶᠠᠮᠠᠷ ᠬᠠᠤᠯᠢ ᠲᠣᠭᠲᠠᠭᠠᠯ ᠪᠠᠶᠢᠬᠤ ᠪᠤᠢ︖ | ᠮᠠᠨ ᠤ ᠤᠯᠤᠰ ᠨᠡᠷ᠎ᠡ ᠲᠥᠷᠥ ᠶᠢᠨ ᠡᠷᠬᠡ ᠶᠢᠨ ᠲᠤᠬᠠᠢ ᠨᠡᠯᠢᠶᠡᠳ ᠰᠢᠰᠲ᠋ᠧᠮ ᠲᠠᠢ ᠬᠠᠤᠯᠢ ᠲᠣᠭᠲᠠᠭᠠᠯ | ᠲᠣᠭᠲᠠᠭᠠᠭᠰᠠᠨ ᠶᠤᠮ᠂ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠨᠢ ᠵᠠᠪᠠᠯ ᠬᠠᠤᠯᠢ | ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠪᠠᠶᠢᠳᠠᠭ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠶᠡᠷᠦᠩᠬᠡᠢ ᠳᠦᠷᠢᠮ︾ ᠤᠨ ᠵᠠᠭᠤ ᠠᠷᠪᠠᠳᠤᠭᠠᠷ ᠵᠦᠢᠯ ᠳᠤ ᠪᠠᠶᠢᠭᠠᠯᠢ ᠬᠥᠮᠥᠨ | ᠠᠮᠢ ᠨᠠᠰᠤᠨ ᠤ ᠡᠷᠬᠡ᠂ ᠪᠡᠶ᠎ᠡ ᠮᠠᠬᠠᠪᠤᠳ ᠤᠨ ᠡᠷᠬᠡ᠂ ᠨᠡᠷ᠎ᠡ ᠲᠦᠷᠦ ᠶᠢᠨ ᠡᠷᠬᠡ ᠵᠡᠷᠭᠡ ᠡᠷᠬᠡ ᠶᠢ ᠡᠳ᠋ᠯᠡᠨ᠎ᠡ᠃ | ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠨᠡᠷᠡᠶᠢᠳᠦᠯ ᠤᠨ ᠡᠷᠬᠡ᠂ ᠨᠡᠷ᠎ᠡ | ᠲᠦᠷᠦ ᠶᠢᠨ ᠡᠷᠬᠡ᠂ ᠢᠷᠠᠭᠤ ᠠᠯᠳᠠᠷ ᠤᠨ ᠡᠷᠬᠡ ᠵᠡᠷᠭᠡ ᠡᠷᠬᠡ ᠶᠢ ᠡᠳ᠋ᠯᠡᠨ᠎ᠡ ᠭᠡᠵᠦ ᠲᠣᠭᠲᠠᠭᠠᠵᠠᠢ᠃ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ | ᠬᠤᠶᠠᠳᠤᠭᠠᠷ ᠵᠦᠢᠯ ᠳᠤ ᠢᠷᠭᠡᠨ ᠤ ᠬᠡᠷᠡᠭ ᠤᠨ ᠡᠷᠬᠡ ᠠᠰᠢᠭ ᠲᠤ ᠬᠠᠯᠳᠠᠭᠰᠠᠨ ᠪᠠᠶᠢᠪᠠᠯ᠂ ᠬᠠᠤᠯᠢ ᠶᠣᠰᠣᠭᠠᠷ | ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭᠠᠵᠠᠢ᠃ ᠲᠤᠰ ᠬᠠᠤᠯᠢ ᠳᠤ ᠬᠡᠯᠡᠵᠦ ᠪᠠᠶᠢᠭ᠎ᠠ | ᠢᠷᠭᠡᠨ ᠤ ᠬᠡᠷᠡᠭ ᠤᠨ ᠡᠷᠬᠡ ᠠᠰᠢᠭ ᠲᠤ ᠠᠮᠢ ᠨᠠᠰᠤᠨ ᠤ ᠡᠷᠬᠡ᠂ ᠨᠡᠷ᠎ᠡ ᠲᠦᠷᠦ ᠶᠢᠨ ᠡᠷᠬᠡ᠂ ᠵᠠᠯᠭᠠᠮᠵᠢᠯᠠᠬᠤ ᠡᠷᠬᠡ | ᠵᠡᠷᠭᠡ ᠬᠥᠮᠥᠨ ᠤ ᠪᠡᠶ᠎ᠡ ᠶᠢᠨ ᠡᠷᠬᠡ ᠪᠠ ᠡᠳ᠋ ᠬᠥᠷᠥᠩᠭᠡ ᠶᠢᠨ ᠡᠷᠬᠡ ᠪᠠᠭᠲᠠᠨ᠎ᠠ᠃ ᠡᠭᠦᠨ ᠠᠴᠠ ᠭᠠᠳᠠᠨ᠎ᠠ ︽ | ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠤᠯᠤᠰ ᠤᠨ ᠲᠥᠯᠥᠪᠦᠷᠢ ᠶᠢᠨ ᠬᠠᠤᠯᠢ︾᠂ ︽ | ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠳᠤ ᠴᠤ ᠨᠡᠷ᠎ᠡ ᠲᠥᠷᠥ ᠶᠢᠨ ᠡᠷᠬᠡ ᠶᠢ | ᠬᠠᠮᠠᠭᠠᠯᠠᠬᠤ ᠲᠠᠯ᠎ᠠ ᠪᠠᠷ ᠲᠣᠳᠣᠷᠬᠠᠢ ᠲᠣᠭᠲᠠᠭᠠᠯ ᠲᠠᠢ᠃ | ᠰᠦᠯᠵᠢᠶᠡᠨ ᠳᠡᠭᠡᠷ᠎ᠡ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠬᠤ ᠨᠢ ᠶᠠᠮᠠᠷ ᠣᠨᠴᠠᠯᠢᠭ ᠲᠠᠢ | ᠪᠠᠶᠢᠳᠠᠭ ᠪᠤᠢ︖ | ᠰᠦᠯᠵᠢᠶ᠎ᠡ ᠨᠢ ᠣᠳᠣ ᠦᠶ᠎ᠡ ᠶᠢᠨ ᠨᠡᠶᠢᠭᠡᠮ ᠤᠨ ᠳᠠᠮᠵᠢᠭᠤᠯᠭ᠎ᠠ ᠶᠢᠨ ᠵᠠᠭᠤᠴᠢᠯᠠᠭᠤᠷ ᠪᠣᠯᠤᠭᠰᠠᠨ ᠤ | ᠬᠤᠪᠢ ᠳᠤ ᠬᠥᠮᠥᠰ ᠤᠨ ᠮᠡᠳᠡᠭᠡ ᠵᠠᠩᠭᠢ ᠶᠢ ᠳᠠᠮᠵᠢᠭᠤᠯᠬᠤ ᠪᠠ ᠰᠣᠯᠢᠯᠴᠠᠬᠤ ᠲᠠᠯᠠᠪᠤᠷ ᠪᠤᠯᠬᠤ ᠪᠠᠷ ᠪᠠᠷᠠᠬᠤ ᠦᠭᠡᠢ | ᠡᠷᠡᠭᠦᠯ ᠪᠥᠭᠡᠳ ᠡᠮᠬᠢ ᠵᠢᠷᠤᠮ ᠲᠠᠢ ᠠᠵᠢᠯᠯᠠᠭᠠᠨ ᠤ ᠣᠷᠣᠨ ᠵᠠᠢ ᠪᠠᠶᠢᠵᠤ᠂ ᠶᠣᠰᠣ ᠰᠤᠷᠲᠠᠬᠤᠨ ᠤ ᠵᠢᠷᠤᠮᠵᠢᠯ ᠪᠠ | ᠬᠠᠤᠯᠢ ᠴᠠᠭᠠᠵᠠ ᠶᠢᠨ ᠬᠢᠵᠠᠭᠠᠷᠯᠠᠯ ᠢ ᠬᠦᠯᠢᠶᠡᠬᠦ ᠬᠡᠷᠡᠭᠲᠡᠢ᠃ ᠭᠡᠪᠡᠴᠦ ᠨᠢᠭᠡ ᠪᠦᠯᠦᠭ ᠬᠥᠮᠥᠰ ᠰᠦᠯᠵᠢᠶᠡᠨ ᠤ | ᠣᠷᠣᠨ ᠵᠠᠢ ᠶᠢ ᠬᠡᠢ ᠬᠤᠭᠤᠰᠤᠨ ᠵᠦᠢᠯ ᠬᠡᠮᠡᠨ ᠦᠵᠡᠵᠦ᠂ ᠬᠠᠷᠢᠭᠤᠴᠠᠯᠭ᠎ᠠ ᠦᠭᠡᠢ ᠪᠤᠳᠤᠯ ᠡᠪᠦᠷᠯᠡᠨ᠂ | ᠰᠦᠯᠵᠢᠶᠡᠨ ᠳᠡᠭᠡᠷ᠎ᠡ ᠪᠤᠰᠤᠳ ᠤᠨ ᠨᠡᠷ᠎ᠡ ᠲᠦᠷᠦ ᠶᠢ ᠬᠤᠬᠢᠷᠠᠭᠤᠯᠬᠤ ᠦᠭᠡ ᠶᠠᠷᠢᠶ᠎ᠠ ᠶᠢ ᠳᠤᠷ᠎ᠠ ᠪᠠᠷ ᠢᠶᠠᠨ | ᠨᠡᠶᠢᠲᠡᠯᠡᠳᠡᠭ᠃ ᠰᠦᠯᠵᠢᠶᠡᠨ ᠤ ᠲᠠᠷᠬᠠᠬᠤ ᠬᠤᠷᠳᠤᠴᠠ ᠲᠦᠷᠭᠡᠨ᠂ ᠪᠦᠷᠬᠦᠴᠡ ᠥᠷᠭᠡᠨ ᠲᠤᠯᠠ ᠡᠳᠡᠭᠡᠷ ᠦᠭᠡ | ᠶᠠᠷᠢᠶ᠎ᠠ ᠨᠢ ᠮᠠᠰᠢ ᠲᠦᠷᠭᠡᠨ ᠪᠥᠭᠡᠳ ᠥᠷᠭᠡᠨ ᠢᠶᠠᠷ ᠲᠠᠷᠬᠠᠵᠤ᠂ ᠣᠬᠤᠷᠬᠠᠨ ᠬᠤᠭᠤᠴᠠᠭᠠᠨ ᠳᠣᠲᠣᠷ᠎ᠠ ᠲᠤᠬᠠᠢ ᠶᠢᠨ | ᠬᠥᠮᠥᠨ ᠳᠤ ᠨᠡᠯᠢᠶᠡᠳ ᠶᠡᠭᠡ ᠮᠠᠭᠤ ᠨᠥᠯᠥᠭᠡ ᠪᠠ ᠰᠡᠳᠬᠢᠴᠡ ᠶᠢᠨ ᠳᠠᠷᠤᠭᠠᠰᠤ ᠤᠴᠠᠷᠠᠭᠤᠯᠳᠠᠭ᠃ | ᠨᠡᠷ᠎ᠡ ᠲᠦᠷᠦ ᠶᠢᠨ ᠡᠷᠬᠡ ᠪᠠᠨ ᠶᠠᠭᠠᠬᠢᠵᠤ ᠬᠠᠮᠠᠭᠠᠯᠠᠬᠤ ᠪᠤᠢ︖ | ᠬᠦᠨᠳᠦᠯᠡᠪᠡᠯ ᠰᠠᠶ᠋ᠢ ᠬᠦᠨᠳᠦᠯᠡᠭᠳᠡᠨᠡ᠃ ᠨᠡᠶᠢᠭᠡᠮ ᠤᠨ ᠪᠦᠷᠢᠯᠳᠦᠭᠦᠨ ᠪᠣᠯᠤᠭᠰᠠᠨ ᠤ ᠬᠤᠪᠢ ᠳᠤ | ᠬᠥᠮᠥᠨ ᠪᠦᠭᠦᠨ ᠴᠥᠮ ᠪᠤᠰᠤᠳ ᠤᠨ ᠨᠡᠷ᠎ᠡ ᠲᠦᠷᠦ ᠶᠢ ᠰᠠᠨᠠᠭᠠᠴᠢᠯᠠᠭ᠎ᠠ ᠠᠴᠠ ᠪᠠᠨ ᠬᠦᠨᠳᠦᠳᠬᠡᠨ ᠬᠠᠮᠠᠭᠠᠯᠠᠬᠤ | ᠬᠡᠷᠡᠭᠲᠡᠢ᠃ ᠡ᠊ᠡᠭ ᠤᠨ ᠠᠮᠢᠳᠤᠷᠠᠯ ᠳᠤᠮᠳᠠ ᠴᠤ ᠭᠡᠰᠡᠨ᠂ ᠰᠦᠯᠵᠢᠶᠡᠨ ᠳᠡᠭᠡᠷ᠎ᠡ ᠴᠤ ᠭᠡᠰᠡᠨ᠂ ᠪᠣᠳᠠᠲᠤ ᠬᠡᠷᠡᠭ ᠤᠨ | ᠡᠰᠢ ᠪᠠᠷᠢᠮᠲᠠ ᠦᠭᠡᠢ᠂ ᠪᠤᠰᠤᠳ ᠤᠨ ᠨᠡᠷ᠎ᠡ ᠲᠦᠷᠦ ᠶᠢ ᠬᠤᠬᠢᠷᠠᠭᠤᠯᠬᠤ ᠬᠠᠷᠢᠭᠤᠴᠠᠯᠭ᠎ᠠ ᠦᠭᠡᠢ ᠦᠭᠡ ᠶᠠᠷᠢᠶ᠎ᠠ | ᠨᠡᠶᠢᠲᠡᠯᠡᠬᠦ ᠶᠢ ᠡᠷᠡᠰ ᠲᠡᠪᠴᠢᠬᠦ ᠬᠡᠷᠡᠭᠲᠡᠢ᠃ ᠡᠭᠦᠨ ᠤ ᠬᠠᠮᠲᠤ ᠥᠪᠡᠷ ᠤᠨ ᠨᠡᠷ᠎ᠡ ᠲᠥᠷᠥ ᠪᠠᠨ ᠬᠠᠶᠢᠷᠠᠯᠠᠬᠤ ᠬᠡᠷᠡᠭᠲᠡᠢ | ᠂ ︽ᠳᠠᠭᠤᠳᠠᠬᠤ ᠨᠡᠷ᠎ᠡ ᠶᠢ ᠠᠪᠤ ᠡᠵᠢ ᠥᠭᠴᠦ᠂ ᠳᠠᠭᠤᠷᠢᠰᠬᠤ ᠠᠯᠳᠠᠷ ᠢ ᠥᠪᠡᠷ ᠢᠶᠠᠨ ᠣᠯᠳᠠᠭ︾ ᠭᠡᠳᠡᠭ᠂ ᠪᠢᠳᠡ | ᠰᠠᠶᠢᠨ ᠰᠠᠶᠢᠬᠠᠨ ᠵᠠᠩ ᠠᠷᠠᠨᠰᠢᠨ᠂ ᠬᠡᠪ ᠰᠤᠷᠲᠠᠯ ᠢ ᠪᠤᠢ ᠪᠤᠯᠭᠠᠵᠤ᠂ ᠬᠤᠪᠢ ᠬᠥᠮᠥᠨ ᠤ ᠮᠡᠳᠡᠭᠡ ᠵᠠᠩᠭᠢ ᠪᠣᠯᠣᠨ | ᠨᠢᠭᠤᠴᠠ ᠪᠠᠨ ᠬᠠᠮᠠᠭᠠᠯᠠᠵᠤ ᠰᠤᠷᠬᠤ ᠬᠡᠷᠡᠭᠲᠡᠢ᠃ ᠪᠠᠰᠠ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠵᠤ᠂ | ᠬᠠᠤᠯᠢ ᠴᠠᠭᠠᠵᠠ ᠶᠢᠨ ᠮᠡᠳᠡᠯᠭᠡ ᠶᠢ ᠬᠢᠨᠠᠮᠠᠭᠠᠢ ᠰᠤᠷᠤᠯᠴᠠᠵᠤ᠂ ᠨᠡᠷ᠎ᠡ ᠲᠦᠷᠦ ᠴᠢᠨᠢ ᠬᠤᠬᠢᠷᠠᠯ ᠳᠤ ᠤᠴᠠᠷᠠᠪᠠᠯ | ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠴᠢᠳᠠᠬᠤ ᠬᠡᠷᠡᠭᠲᠡᠢ | ᠃ | |