| | ᠣᠶᠢᠷ᠎ᠠ ᠳᠤ᠂ ᠬᠤᠸᠠᠩ ᠣᠪᠣᠭᠲᠤ ᠥᠪᠡᠷ ᠤᠨ ᠮᠠᠰᠢᠨ ᠲᠡᠷᠭᠡᠨ ᠳᠣᠲᠣᠷ᠎ᠠ ᠪᠠᠨ ᠬᠤᠷᠢᠭ᠎ᠠ ᠲᠠᠢ | ᠭᠢᠲᠤᠭ᠎ᠠ ᠶᠢᠨ ᠬᠡᠷᠡᠭᠰᠡᠯ ᠠᠪᠴᠤ ᠶᠠᠪᠤᠵᠠᠢ᠃ ᠪᠡᠭᠡᠵᠢᠩ ᠤᠨ ᠬᠤᠸᠠᠢ ᠷᠤ᠋ ᠲᠣᠭᠤᠷᠢᠭ ᠤᠨ ᠪᠠᠶᠢᠴᠠᠭᠠᠬᠤ | ᠥᠷᠲᠡᠭᠡ ᠪᠠᠷ ᠥᠩᠭᠡᠷᠡᠬᠦ ᠦᠶ᠎ᠡ ᠳᠤ ᠠᠷᠠᠳ ᠤᠨ ᠴᠠᠭᠳᠠᠭ᠎ᠠ ᠳᠤ ᠪᠠᠶᠢᠴᠠᠭᠠᠭᠳᠠᠵᠤ᠂ ᠬᠤᠸᠠᠩ ᠣᠪᠣᠭᠲᠤ | ᠬᠤᠷᠢᠭ᠎ᠠ ᠲᠠᠢ ᠪᠠᠭᠠᠵᠢ ᠬᠡᠷᠡᠭᠰᠡᠯ ᠢ ᠬᠠᠤᠯᠢ ᠪᠤᠰᠤ ᠪᠠᠷ ᠠᠪᠴᠤ ᠶᠠᠪᠤᠭᠰᠠᠨ ᠬᠡᠷᠡᠭ ᠢᠶᠠᠷ ᠵᠠᠰᠠᠭ ᠵᠠᠬᠢᠷᠭᠠᠨ ᠢᠶᠠᠷ | ᠲᠦᠷ ᠬᠤᠷᠢᠬᠤ ᠪᠠᠷ ᠰᠢᠢᠳᠬᠡᠭᠳᠡᠵᠡᠢ᠃ | ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠶᠢᠨ ᠬᠠᠤᠯᠢ︾ ᠶᠢᠨ ᠭᠤᠴᠢᠨ | ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ ᠫᠤᠤ ᠵᠡᠪᠰᠡᠭ᠂ ᠰᠤᠮᠤ ᠳᠠᠷᠢ ᠪᠤᠶᠤ ᠬᠤᠯᠬᠤᠪᠴᠢ ᠨᠤᠮᠤ᠂ | ᠭᠢᠳᠤᠭ᠎ᠠ ᠵᠡᠷᠭᠡ ᠤᠯᠤᠰ ᠠᠴᠠ ᠲᠣᠭᠲᠠᠭᠠᠭᠰᠠᠨ ᠬᠤᠷᠢᠭ᠎ᠠ ᠲᠠᠢ ᠪᠠᠭᠠᠵᠢ ᠬᠡᠷᠡᠭᠰᠡᠯ ᠢ ᠬᠠᠤᠯᠢ ᠪᠤᠰᠤ ᠪᠠᠷ ᠪᠡᠶ᠎ᠡ ᠳᠡᠭᠡᠨ | ᠠᠪᠴᠤ ᠶᠠᠪᠤᠭᠰᠠᠨ ᠪᠠᠶᠢᠪᠠᠯ 5 ᠡᠳᠦᠷ ᠠᠴᠠ ᠳᠣᠷᠣᠭᠰᠢ ᠲᠦᠷ ᠬᠤᠷᠢᠬᠤ ᠪᠠᠷ ᠰᠢᠢᠳᠬᠡᠵᠦ᠂ 500 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠤᠯᠤᠨ᠎ᠠ;ᠤᠢᠢᠯᠠ ᠪᠠᠶᠢᠳᠠᠯ | ᠨᠢ ᠨᠡᠯᠢᠶᠡᠳ ᠬᠥᠩᠭᠡᠨ ᠪᠠᠶᠢᠪᠠᠯ᠂ ᠳᠣᠩᠭᠤᠳᠬᠤ ᠪᠤᠶᠤ ᠬᠤᠶᠠᠷ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠬᠤ ᠪᠠᠷ ᠰᠢᠢᠳᠬᠡᠨ᠎ᠡ᠃ | ᠫᠤᠤ ᠵᠡᠪᠰᠡᠭ᠂ ᠰᠤᠮᠤ ᠲᠠᠷᠢ ᠪᠤᠶᠤ ᠬᠤᠯᠬᠤᠪᠴᠢ ᠨᠤᠮᠤ᠂ᠭᠢᠳᠤᠭ᠎ᠠ ᠮᠠᠲᠠᠭ᠎ᠠ ᠵᠡᠷᠭᠡ ᠤᠯᠤᠰ ᠠᠴᠠ | ᠲᠣᠭᠲᠠᠭᠠᠭᠰᠠᠨ ᠬᠤᠷᠢᠭ᠎ᠠ ᠲᠠᠢ ᠪᠠᠭᠠᠵᠢ ᠬᠡᠷᠡᠭᠰᠡᠯ ᠢ ᠬᠠᠤᠯᠢ ᠪᠤᠰᠤ ᠪᠠᠷ ᠪᠡᠶ᠎ᠡ ᠳᠡᠭᠡᠨ ᠠᠪᠴᠤ ᠣᠯᠠᠨ ᠨᠡᠶᠢᠲᠡ ᠶᠢᠨ | ᠲᠠᠯᠠᠪᠤᠷ ᠲᠤ ᠣᠷᠣᠭᠰᠠᠨ ᠪᠤᠶᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠤᠨᠤᠭ᠎ᠠ ᠬᠥᠰᠬᠡ ᠳᠡᠭᠡᠷ᠎ᠡ ᠭᠠᠷᠤᠭᠰᠠᠨ | ᠪᠠᠶᠢᠪᠠᠯ᠂ ᠲᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠳᠣᠷᠣᠭᠰᠢ ᠲᠥᠷ ᠬᠤᠷᠢᠬᠤ ᠪᠠᠷ ᠰᠢᠢᠳᠬᠡᠵᠦ᠂ | ᠲᠠᠪᠤᠨ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠣᠯᠣᠨ᠎ᠠ᠃ | |