| | ᠨᠠᠪᠴᠢ | | 2021 ᠣᠨ ᠳᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠪᠣᠳᠠᠰ ᠤᠨ ᠪᠤᠰᠤ ᠰᠣᠶᠣᠯ ᠤᠨ | ᠥᠪ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠳᠤ ᠪᠣᠳᠠᠰ ᠤᠨ | ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ | ᠰᠢᠰᠲ᠋ᠧᠮ ᠳᠤ ᠠᠭᠤᠰᠬᠠᠨ ᠣᠷᠣᠭᠤᠯᠤᠨ᠎ᠠ ᠭᠡᠵᠦ ᠲᠣᠳᠣᠷᠬᠠᠢ ᠳᠤᠷᠠᠳᠴᠠᠢ᠃ | ᠡᠭᠦᠨᠴᠡ ᠰᠤᠷᠭᠠᠨ ᠬᠥᠮᠦᠵᠢᠯ ᠤᠨ ᠶᠠᠮᠤᠨ ᠠᠴᠠ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠪᠠ ᠰᠤᠷᠭᠠᠭᠤᠯᠢ ᠶᠢᠨ ᠭᠤᠸ᠎ᠠ ᠰᠠᠶᠢᠬᠠᠨ ᠤ | ᠬᠥᠮᠦᠵᠢᠯ ᠤᠨ ᠢᠨᠵᠧᠨᠧᠷᠢᠩ ᠳᠤ ᠣᠷᠣᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠪᠣᠳᠠᠰ ᠤᠨ ᠪᠤᠰᠤ ᠰᠣᠶᠣᠯ ᠤᠨ | ᠥᠪ ᠤᠨ ᠴᠢᠳᠠᠪᠤᠷᠢᠲᠠᠨ ᠢ ᠬᠥᠮᠥᠵᠢᠭᠦᠯᠬᠦ ᠶᠠᠪᠤᠳᠠᠯ ᠢ ᠤᠯᠤᠰ ᠤᠨ ᠪᠣᠳᠣᠯᠭ᠎ᠠ ᠶᠢᠨ ᠴᠢᠬᠤᠯᠠ ᠪᠠᠶᠢᠷᠢᠨ ᠳᠤ | ᠲᠠᠯᠪᠢᠪᠠ᠃ | ᠰᠤᠷᠭᠠᠭᠤᠯᠢ ᠶᠢᠨ ᠰᠤᠷᠭᠠᠨ ᠬᠥᠮᠦᠵᠢᠯ ᠨᠢ ᠤᠯᠤᠰ ᠠᠷᠠᠳ ᠤᠨ ᠰᠤᠷᠭᠠᠨ ᠬᠥᠮᠦᠵᠢᠯ ᠤᠨ | ᠰᠢᠰᠲ᠋ᠧᠮ ᠤᠨ ᠭᠤᠣᠯ ᠲᠤᠯᠭᠠᠭᠤᠷᠢ ᠪᠤᠯᠳᠠᠭ᠃ ᠪᠣᠳᠠᠰ ᠤᠨ ᠪᠤᠰᠤ ᠰᠣᠶᠣᠯ ᠤᠨ ᠥᠪ ᠤᠨ ᠬᠥᠮᠦᠵᠢᠯ ᠨᠢ | ᠰᠣᠶᠣᠯ ᠤᠨ ᠦᠷᠳᠡᠭ ᠤᠨ ᠦᠵᠡᠯᠲᠡ᠂ ᠰᠣᠶᠣᠯ ᠤᠨ ᠬᠠᠮᠲᠤ ᠶᠢᠨ ᠲᠠᠨᠢᠯᠲᠠ ᠪᠠ ᠰᠣᠶᠣᠯ ᠤᠨ ᠪᠦᠲᠦᠭᠡᠯᠴᠢ | ᠴᠢᠳᠠᠪᠤᠷᠢ ᠶᠢ ᠪᠣᠶᠢᠵᠢᠭᠤᠯᠬᠤ ᠴᠢᠬᠤᠯᠠ ᠠᠷᠭ᠎ᠠ ᠭᠡᠯᠪᠡᠷᠢ ᠪᠣᠯᠤᠭᠰᠠᠨ ᠤ ᠬᠤᠪᠢ ᠳᠤ ᠰᠤᠷᠭᠠᠨ ᠬᠥᠮᠥᠵᠢᠭᠦᠯᠬᠦ | ᠦᠢᠯᠡᠳᠦᠯ ᠢ ᠦᠨᠡᠨ ᠬᠦ ᠪᠠᠳᠠᠷᠠᠭᠤᠯᠤᠶ᠎ᠠ ᠭᠡᠪᠡᠯ ᠡᠷᠬᠡᠪᠰᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ | ᠬᠢᠴᠢᠶᠡᠯ ᠤᠨ ᠲᠠᠩᠬᠢᠮ ᠳᠤ ᠣᠷᠣᠭᠤᠯᠵᠤ᠂ ᠵᠢᠭᠠᠬᠤ ᠮᠠᠲ᠋ᠧᠷᠢᠶᠠᠯ ᠳᠤ ᠣᠷᠣᠭᠤᠯᠵᠤ᠂ ᠰᠤᠷᠭᠠᠭᠤᠯᠢ ᠶᠢᠨ ᠡᠯ᠎ᠡ | ᠱᠠᠲᠤᠨ ᠤ ᠰᠤᠷᠭᠠᠨ ᠬᠥᠮᠦᠵᠢᠯ ᠲᠠᠢ ᠨᠡᠩ ᠰᠠᠶᠢᠲᠤᠷ ᠠᠭᠤᠰᠤᠯᠴᠠᠭᠤᠯᠤᠨ᠂ ᠬᠡᠦᠬᠡᠳ ᠤᠨ ᠨᠠᠰᠤᠨ ᠤ ᠣᠨᠴᠠᠯᠢᠭ | ᠪᠠ ᠦᠰᠦᠨ ᠪᠤᠶᠢᠵᠢᠯᠳᠠ ᠲᠠᠢ ᠤᠶᠠᠯᠳᠤᠭᠤᠯᠵᠤ ᠠᠮᠢᠳᠤᠯᠢᠭ ᠰᠠᠶᠢᠬᠠᠨ ᠰᠢᠰᠲ᠋ᠧᠮ ᠲᠠᠢ ᠬᠥᠮᠦᠵᠢᠯ ᠬᠢᠬᠦ ᠴᠢᠬᠤᠯᠠ | ᠲᠠᠢ᠃ ᠬᠡᠦᠬᠡᠳ ᠪᠣᠯ ᠭᠬᠢᠷᠲᠦᠭᠡ ᠦᠭᠡᠢ ᠴᠠᠭᠠᠨ ᠴᠠᠭᠠᠰᠤ ᠪᠣᠯᠬᠤᠷ ᠳᠡᠳᠡ ᠭᠠᠳᠠᠭᠠᠳᠤ ᠶᠢᠷᠲᠢᠨᠴᠦ ᠳᠤ ᠳᠤᠷ᠎ᠠ | ᠰᠣᠨᠢᠷᠬᠠᠯ ᠲᠠᠢ ᠪᠤᠯᠬᠤ ᠦᠶ᠎ᠡ ᠳᠤ ᠪᠣᠳᠠᠰ ᠤᠨ ᠪᠤᠰᠤ ᠰᠣᠶᠣᠯ ᠤᠨ ᠥᠪ ᠲᠤ ᠠᠭᠤᠯᠤᠭᠳᠠᠵᠤ ᠪᠦᠬᠦᠢ ᠰᠠᠶᠢᠨ | ᠰᠠᠶᠢᠬᠠᠨ ᠵᠦᠢᠯᠡᠰ ᠪᠠ ᠶᠣᠰᠣ ᠰᠤᠷᠲᠠᠬᠤᠨ ᠢᠶᠠᠷ ᠬᠥᠮᠥᠵᠢᠭᠦᠯᠵᠦ ᠨᠥᠯᠥᠭᠡᠯᠡᠪᠡᠯ ᠬᠡᠦᠬᠡᠳ ᠢ ᠴᠠᠶᠢᠯᠭᠠᠨ | ᠪᠣᠷᠣᠭᠵᠢᠭᠤᠨ ᠰᠠᠶᠢᠬᠠᠨ ᠵᠠᠩ ᠴᠢᠨᠠᠷ ᠲᠠᠢ ᠪᠣᠯᠭᠠᠨ ᠬᠥᠮᠥᠵᠢᠭᠦᠯᠵᠦ ᠪᠣᠯᠣᠨ᠎ᠠ᠃ ᠡᠨᠡ ᠦᠶ᠎ᠡ ᠳᠤ ᠪᠣᠳᠠᠰ ᠤᠨ | ᠪᠤᠰᠤ ᠰᠣᠶᠣᠯ ᠤᠨ ᠥᠪ ᠤᠨ ᠣᠨᠴᠠᠯᠢᠭ ᠪᠦᠬᠦᠢ ᠠᠮᠲᠠᠲᠤ ᠰᠠᠶᠢᠬᠠᠨ ᠢᠳᠡᠭᠡᠨ ᠤᠮᠳᠠᠭᠠᠨ᠂ ᠰᠣᠨᠢᠷᠬᠠᠯᠲᠠᠢ | ᠰᠠᠶᠢᠬᠠᠨ ᠲᠣᠭᠯᠠᠭᠠᠮ ᠮᠡᠲᠦ ᠶᠢᠨ ᠠᠮᠢᠳᠤᠯᠢᠭ ᠪᠣᠳᠠᠲᠠᠢ ᠵᠦᠢᠯᠡᠰ ᠢᠶᠠᠷ ᠬᠥᠲᠥᠯᠥᠨ ᠳᠠᠭᠠᠭᠤᠯᠪᠠᠯ᠂ ᠬᠡᠦᠬᠡᠳ | ᠤᠯᠤᠰ ᠦᠨᠳᠦᠰᠦᠲᠡᠨ ᠤ ᠪᠠᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠵᠤ ᠬᠠᠶᠢᠷᠠᠯᠠᠵᠤ ᠬᠢᠮᠠᠭᠠᠳᠠᠬᠤ | ᠰᠡᠳᠬᠢᠯᠭᠡ ᠲᠠᠢ ᠪᠣᠯᠵᠤ ᠴᠢᠳᠠᠨ᠎ᠠ᠃ ᠪᠠᠭ᠎ᠠ ᠰᠤᠷᠭᠠᠭᠤᠯᠢ ᠶᠢᠨ ᠱᠠᠲᠤᠨ ᠳᠤ ᠬᠢᠴᠢᠶᠡᠯ ᠤᠨ ᠳᠣᠲᠣᠨ᠎ᠠ ᠭᠠᠳᠠᠨᠠᠬᠢ | ᠵᠢᠭᠠᠨ ᠰᠤᠷᠭᠠᠯᠲᠠ ᠲᠠᠢ ᠤᠶᠠᠯᠳᠤᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠳᠣᠲᠣᠷᠠᠬᠢ ᠦᠯᠢᠭᠡᠷ | ᠲᠤᠮᠤᠭ ᠲᠠᠢ ᠤᠶᠠᠯᠳᠤᠭᠤᠯᠵᠤ ᠰᠡᠩᠬᠡᠷᠡᠭᠦᠯᠦᠨ ᠶᠠᠷᠢᠯᠴᠠᠬᠤ ᠪᠠᠷ ᠲᠠᠮᠵᠢᠨ᠂ ᠰᠤᠷᠤᠬᠴᠢᠳ ᠲᠤ ᠬᠥᠮᠥᠨ ᠪᠤᠯᠬᠤ ᠶᠢᠨ | ᠶᠣᠰᠣ ᠤᠴᠢᠷ ᠢ ᠣᠶᠢᠯᠠᠭᠠᠭᠤᠯᠵᠤ᠂ ᠶᠣᠰᠣ ᠰᠤᠷᠲᠠᠬᠤᠨ ᠤ ᠬᠥᠮᠦᠵᠢᠯ ᠬᠦᠷᠲᠡᠭᠡᠵᠦ ᠪᠣᠯᠣᠨ᠎ᠠ᠃ ᠪᠠᠭ᠎ᠠ | ᠰᠤᠷᠭᠠᠭᠤᠯᠢ ᠪᠣᠯ ᠮᠥᠨ ᠴᠦ ᠬᠡᠦᠬᠡᠳ ᠤᠨ ᠳᠠᠭᠤᠷᠢᠶᠠᠬᠤ ᠴᠢᠳᠠᠪᠤᠷᠢ ᠪᠠᠷ ᠤᠨᠴᠠᠭᠠᠢ ᠰᠠᠶᠢᠨ ᠱᠠᠲᠤ ᠦᠶ᠎ᠡ ᠪᠣᠯᠬᠤᠷ | ᠪᠣᠳᠠᠲᠠᠢ ᠠᠵᠢᠯᠯᠠᠭ᠎ᠠ ᠪᠠᠷ ᠳᠠᠮᠵᠢᠭᠤᠯᠵᠤ ᠪᠣᠳᠠᠰ ᠤᠨ ᠪᠤᠰᠤ ᠰᠣᠶᠣᠯ ᠢ ᠥᠪᠯᠡᠨ ᠤᠯᠠᠮᠵᠢᠯᠠᠬᠤ ᠬᠥᠮᠦᠵᠢᠯ | ᠬᠦᠷᠲᠡᠭᠡᠪᠡᠯ ᠵᠣᠬᠢᠨ᠎ᠠ᠃ ᠳᠡᠭᠡᠷ᠎ᠡ ᠳᠤᠷᠠᠳᠤᠭᠰᠠᠨ ︽ᠰᠠᠨᠠᠯ︾ ᠳᠤ᠂ ᠳᠤᠮᠳᠠᠳᠤ ᠪᠠᠭ᠎ᠠ ᠰᠤᠷᠭᠠᠭᠤᠯᠢ ᠳᠤ | ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠬᠢᠴᠢᠶᠡᠯ ᠨᠡᠭᠡᠭᠡᠵᠦ᠂ ᠤᠯᠤᠰ ᠤᠨ ᠳᠡᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠣᠨᠴᠠᠯᠢᠭᠲᠤ ᠳᠤᠮᠳᠠᠳᠤ ᠪᠠᠭ᠎ᠠ | ᠰᠤᠷᠭᠠᠭᠤᠯᠢ ᠶᠢᠨ ᠥᠪᠯᠡᠨ ᠤᠯᠠᠮᠵᠢᠯᠠᠬᠤ ᠰᠠᠭᠤᠷᠢᠨ ᠪᠠᠶᠢᠭᠤᠯᠬᠤ ᠶᠢ ᠵᠣᠷᠢᠭᠵᠢᠭᠤᠯᠤᠨ᠎ᠠ ᠭᠡᠪᠡ᠃ ᠡᠨᠡ ᠨᠢ | ᠵᠠᠯᠠᠭᠤᠴᠤᠳ ᠪᠠᠭᠠᠴᠤᠳ ᠢ ᠡᠳᠦᠷ ᠲᠤᠲᠤᠮ ᠤᠨ ᠰᠤᠷᠤᠯᠭ᠎ᠠ ᠠᠮᠢᠳᠤᠷᠠᠯ ᠳᠤᠮᠳᠠ ᠪᠠᠨ ᠪᠣᠳᠠᠰ ᠤᠨ ᠪᠤᠰᠤ | ᠰᠣᠶᠣᠯ ᠤᠨ ᠥᠪ ᠲᠠᠢ ᠨᠡᠩ ᠣᠶᠢᠷᠠᠬᠠᠨ ᠪᠠᠶᠢᠬᠤ ᠲᠠᠪᠴᠠᠩ ᠬᠠᠩᠭᠠᠬᠤ ᠪᠣᠯᠣᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ | ᠠᠭᠤᠰᠤᠯᠴᠠᠭᠤᠯᠬᠤ ᠳᠤ ᠶᠡᠭᠡ ᠳᠡᠭᠡᠳᠦ ᠰᠤᠷᠭᠠᠭᠤᠯᠢ ᠪᠣᠯ ᠶᠠᠷᠢᠶᠠᠨ ᠦᠭᠡᠢ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠪᠠ ᠤᠯᠠᠮᠵᠢᠯᠠᠨ ᠬᠥᠭᠵᠢᠭᠦᠯᠬᠦ ᠴᠢᠬᠤᠯᠠ ᠰᠠᠭᠤᠷᠢᠨ ᠭᠠᠵᠠᠷ ᠪᠤᠯᠬᠤ ᠶᠤᠮ᠃ ᠶᠡᠭᠡ ᠳᠡᠭᠡᠳᠦ | ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠢᠨᠵᠢᠯᠡᠭᠡᠨ ᠤ ᠰᠠᠯᠠᠭ᠎ᠠ ᠪᠠ ᠲᠤᠰᠬᠠᠢ ᠮᠡᠷᠭᠡᠵᠢᠯ ᠤᠨ | ᠪᠠᠶᠢᠭᠤᠯᠤᠯᠲᠠ ᠪᠣᠯ ᠣᠳᠣᠬᠠᠨ ᠤ ᠶᠡᠭᠡ ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠨ ᠤᠯᠠᠮᠵᠢᠯᠠᠬᠤ ᠠᠵᠢᠯ ᠢ ᠰᠠᠶᠢᠲᠤᠷ ᠬᠢᠬᠦ ᠵᠠᠩᠭᠢᠯᠠᠭ᠎ᠠ ᠪᠣᠯᠣᠨ᠎ᠠ᠃ ᠪᠣᠳᠠᠰ ᠤᠨ ᠪᠤᠰᠤ ᠰᠣᠶᠣᠯ ᠤᠨ | ᠥᠪ ᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠳᠤ ᠨᠡᠩ ᠰᠠᠶᠢᠨ ᠠᠭᠤᠰᠬᠠᠨ ᠣᠷᠣᠭᠤᠯᠬᠤ ᠳᠤ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠮᠠᠰᠢ ᠴᠢᠬᠤᠯᠠ ᠪᠠᠶᠢᠳᠠᠭ᠃ ᠡᠨᠡ ᠲᠠᠯ᠎ᠠ ᠪᠠᠷ ᠤᠯᠤᠰ ᠤᠨ | ᠳᠣᠲᠣᠭᠠᠳᠤ ᠶᠢᠨ ᠵᠠᠷᠢᠮ ᠶᠡᠭᠡ ᠳᠡᠭᠡᠳᠦ ᠰᠤᠷᠭᠠᠭᠤᠯᠢ ᠪᠣᠳᠠᠰ ᠤᠨ ᠪᠤᠰᠤ ᠰᠣᠶᠣᠯ ᠤᠨ ᠥᠪ ᠤᠨ ᠵᠢᠩᠬᠢᠨᠢ ᠠᠩᠭᠢ | ᠶᠢᠨ ᠲᠤᠰᠬᠠᠢ ᠮᠡᠷᠭᠡᠵᠢᠯ ᠢ ᠲᠤᠷᠰᠢᠨ ᠨᠡᠭᠡᠭᠡᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠵᠦᠩᠱᠠᠨ ᠶᠡᠭᠡ | ᠰᠤᠷᠭᠠᠭᠤᠯᠢ᠂ ᠨᠠᠨᠵᠢᠩ ᠶᠡᠭᠡ ᠰᠤᠷᠭᠠᠭᠤᠯᠢ ᠵᠡᠷᠭᠡ ᠰᠤᠷᠭᠠᠭᠤᠯᠢ ᠨᠤᠭᠤᠳ ᠠᠰᠫᠢᠷᠠᠨᠲ ᠡᠯᠰᠡᠨ ᠬᠥᠮᠥᠵᠢᠭᠦᠯᠵᠦ | ᠡᠬᠢᠯᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠤᠷᠠᠯᠢᠭ ᠤᠨ ᠰᠢᠨᠵᠢᠯᠡᠭᠡᠨ ᠤ ᠰᠠᠯᠠᠭ᠎ᠠ ᠶᠢᠨ ᠳᠣᠲᠣᠷ᠎ᠠ | ᠤᠷᠠᠯᠢᠭ ᠤᠨ ᠤᠨᠤᠯ ᠤᠨ ᠲᠦᠷᠦᠯ ᠳᠤ ᠲᠦᠷᠪᠡᠨ ᠵᠢᠯ ᠤᠨ ᠳᠦᠷᠢᠮᠲᠦ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠲᠤᠰᠬᠠᠢ ᠮᠡᠷᠭᠡᠵᠢᠯ ᠢ ᠲᠣᠬᠢᠷᠠᠭᠤᠯᠤᠭᠰᠠᠨ᠂ ᠲᠡᠦᠬᠡ ᠶᠢᠨ ᠤᠬᠠᠭᠠᠨ ᠤ ᠲᠦᠷᠦᠯ ᠳᠤ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠬᠤ ᠲᠤᠰᠬᠠᠢ ᠮᠡᠷᠭᠡᠵᠢᠯ ᠨᠡᠭᠡᠭᠡᠭᠰᠡᠨ ᠵᠡᠷᠭᠡ ᠨᠢ ᠪᠣᠳᠠᠰ ᠤᠨ ᠪᠤᠰᠤ ᠰᠣᠶᠣᠯ ᠤᠨ | ᠥᠪ ᠤᠨ ᠲᠤᠰᠬᠠᠢ ᠮᠡᠷᠭᠡᠵᠢᠯ ᠤᠨ ᠤᠬᠠᠭᠠᠨ ᠤ ᠲᠤᠰᠬᠠᠢ ᠮᠡᠷᠭᠡᠵᠢᠯ ᠢ ᠵᠢᠩᠬᠢᠨᠢ ᠪᠠᠷ ᠤᠯᠤᠰ ᠤᠨ ᠰᠤᠷᠭᠠᠨ | ᠬᠥᠮᠦᠵᠢᠯ ᠤᠨ ᠪᠠᠶᠢᠭᠤᠯᠤᠯ ᠪᠠ ᠰᠢᠨᠵᠢᠯᠡᠭᠡᠨ ᠤ ᠰᠠᠯᠠᠭ᠎ᠠ ᠶᠢᠨ ᠰᠢᠰᠲ᠋ᠧᠮ ᠳᠤ ᠣᠷᠣᠭᠤᠯᠤᠭᠰᠠᠨ ᠢ ᠬᠠᠷᠠᠭᠤᠯᠵᠤ | ᠪᠠᠶᠢᠨ᠎ᠠ᠃ | ᠮᠠᠨ ᠤ ᠣᠷᠣᠨ ᠤ ᠵᠠᠷᠢᠮ ᠶᠡᠭᠡ ᠳᠡᠭᠡᠳᠦ ᠰᠤᠷᠭᠠᠭᠤᠯᠢ ᠨᠤᠭᠤᠳ ᠬᠡᠳᠦᠶᠢᠪᠡᠷ ᠵᠠᠷᠢᠮ ᠲᠤᠰᠬᠠᠢ | ᠮᠡᠷᠭᠡᠵᠢᠯ ᠳᠡᠭᠡᠨ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠢ ᠨᠡᠭᠡᠭᠡᠭᠰᠡᠨ ᠪᠤᠯᠪᠠᠴᠤ ᠵᠢᠩᠬᠢᠨᠢ ᠠᠩᠭᠢ | ᠶᠢᠨ ᠲᠤᠰᠬᠠᠢ ᠮᠡᠷᠭᠡᠵᠢᠯ ᠪᠣᠯᠭᠠᠨ ᠨᠡᠭᠡᠭᠡᠬᠦ ᠲᠠᠯ᠎ᠠ ᠪᠠᠷ ᠬᠠᠷᠠᠬᠠᠨ ᠬᠦᠷᠦᠯᠴᠡᠭᠡ ᠦᠭᠡᠢ ᠪᠠᠶᠢᠨ᠎ᠠ᠃ ᠶᠡᠭᠡ ᠳᠡᠭᠡᠳᠦ | ᠰᠤᠷᠭᠠᠭᠤᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ | ᠴᠢᠩᠭᠠᠳᠬᠠᠪᠠᠯ ᠰᠢᠨ᠎ᠡ ᠴᠠᠭ ᠦᠶ᠎ᠡ ᠶᠢᠨ ᠥᠪᠯᠡᠨ ᠤᠯᠠᠮᠵᠢᠯᠠᠭᠴᠢ ᠪᠠ ᠴᠢᠳᠠᠪᠤᠷᠢᠲᠠᠨ ᠢ ᠬᠥᠮᠥᠵᠢᠭᠦᠯᠬᠦ ᠵᠣᠷᠢᠯᠭ᠎ᠠ | ᠳᠠᠭᠠᠨ ᠬᠦᠷᠴᠦ ᠴᠢᠳᠠᠬᠤ ᠶᠤᠮ᠃ | ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠰᠠᠨᠠᠯ︾ ᠤᠨ ᠵᠣᠷᠢᠭ ᠰᠠᠨᠠᠭ᠎ᠠ ᠶᠢ ᠪᠣᠳᠠᠲᠠᠢ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠪᠣᠳᠠᠰ ᠤᠨ ᠪᠤᠰᠤ ᠰᠣᠶᠣᠯ ᠤᠨ ᠥᠪ ᠤᠨ ᠬᠥᠮᠦᠵᠢᠯ ᠢ | ᠰᠤᠷᠭᠠᠨ ᠬᠥᠮᠦᠵᠢᠯ ᠤᠨ ᠠᠭᠤᠯᠭ᠎ᠠ ᠲᠠᠢ ᠪᠠᠨ ᠤᠶᠠᠯᠳᠤᠭᠤᠯᠵᠤ ᠰᠢᠰᠲ᠋ᠧᠮ ᠲᠠᠢ ᠱᠠᠲᠤᠴᠢ ᠴᠢᠨᠠᠷᠲᠠᠢ ᠬᠥᠮᠦᠵᠢᠯ | ᠬᠦᠷᠲᠡᠭᠡᠪᠡᠯ᠂ ᠰᠤᠷᠤᠬᠴᠢᠳ ᠲᠤ ᠰᠢᠯᠢᠳᠡᠭ ᠰᠣᠶᠣᠯ ᠢᠶᠠᠨ ᠥᠪᠯᠡᠨ ᠤᠯᠠᠮᠵᠢᠯᠠᠬᠤ ᠶᠢᠨ ᠵᠡᠷᠭᠡ ᠪᠠᠷ ᠰᠣᠶᠣᠯ ᠢᠶᠠᠨ | ᠪᠦᠲᠦᠭᠡᠯᠴᠢ ᠪᠠᠷ ᠬᠥᠭᠵᠢᠭᠦᠯᠬᠦ ᠴᠢᠳᠠᠪᠤᠷᠢ ᠶᠢ ᠨᠡᠩ ᠴᠢᠨᠠᠭᠰᠢᠳᠠ ᠪᠠᠳᠠᠷᠠᠭᠤᠯᠵᠤ ᠴᠢᠳᠠᠬᠤ ᠶᠤᠮ᠃ | | |