﹇ᠨᠡᠶᠢᠭᠡᠮ ᠠᠮᠢᠳᠤᠷᠠᠯ﹈ ᠶᠡᠭᠡ ᠶᠢ ᠪᠢᠰᠢ ᠬᠡᠷᠡᠭ ᠲᠠᠢ ᠶᠢ ᠯᠠ ᠭᠢᠶ᠎ᠠ
ᠨᠡᠶᠢᠲᠡᠯᠡᠭᠰᠡᠨ ᠴᠠᠭ᠄
2025/4/7
                    ●   ᠡᠷᠳᠡᠨᠢᠴᠢᠮᠡᠭ          ᠵᠢᠯ ᠴᠠᠭᠠᠨ ᠰᠠᠷ᠎ᠠ ᠣᠶᠢᠷᠠᠳᠬᠤ ᠪᠠᠷ ᠬᠥᠮᠥᠰ ᠤᠳᠤᠮᠰᠢᠯᠲᠤ ᠵᠠᠩᠰᠢᠯ ᠢᠶᠠᠷ ᠭᠡᠷ ᠣᠷᠣᠨ ᠢᠶᠠᠨ ᠴᠡᠪᠡᠷᠯᠡᠵᠦ᠂ ᠬᠠᠭᠤᠴᠢᠨ ᠵᠢᠯ ᠢᠶᠠᠨ ᠦᠳᠡᠵᠦ᠂ ᠰᠢᠨ᠎ᠡ ᠵᠢᠯ ᠢᠶᠠᠨ ᠤᠭᠲᠤᠬᠤ ᠠᠭᠤᠷ ᠠᠮᠢᠰᠬᠤᠯ ᠥᠳᠬᠡᠷᠡᠳᠡᠭ ᠪᠠᠶᠢᠨ᠎ᠠ᠃ ᠮᠥᠨ ᠴᠤ ᠰᠢᠨ᠎ᠡ ᠨᠢᠭᠡ ᠵᠢᠯ ᠳᠡᠭᠡᠨ ᠠᠯᠢᠪᠠ ᠪᠦᠭᠦᠨ ᠰᠠᠶᠢᠨ ᠰᠠᠶᠢᠬᠠᠨ ᠪᠠᠶᠢᠬᠤ ᠶᠢ ᠬᠦᠰᠡᠨ ᠪᠡᠯᠭᠡᠳᠡᠬᠦ ᠶᠢᠨ ᠲᠤᠯᠠᠳᠠ ᠭᠡᠷ ᠣᠷᠣᠨ ᠢᠶᠠᠨ ᠴᠡᠪᠡᠷ ᠴᠡᠮᠴᠡᠭᠡᠷ ᠪᠤᠯᠭᠠᠵᠤ᠂ ᠥᠪᠡᠷ ᠤᠨ ᠪᠡᠶ᠎ᠡ᠂ ᠭᠡᠷ ᠤᠨ ᠬᠥᠮᠥᠰ ᠲᠡᠭᠡᠨ ᠪᠠᠶᠠᠷ ᠪᠠᠶᠠᠰᠤᠯ ᠲᠠᠢ ᠰᠡᠳᠬᠢᠯᠭᠡ ᠪᠠ ᠰᠢᠨ᠎ᠡ ᠡᠭᠢᠯᠡᠯᠲᠡ ᠶᠢ ᠠᠪᠴᠢᠷᠠᠬᠤ ᠪᠠᠷ ᠴᠢᠷᠮᠠᠶᠢᠳᠠᠭ᠃          ᠮᠡᠳᠡᠭᠡᠵᠢ᠂ ᠵᠢᠯ ᠴᠠᠭᠠᠨ ᠰᠠᠷ᠎ᠠ ᠶᠢᠨ ᠴᠡᠪᠡᠷᠯᠡᠭᠡ ᠨᠢ ᠨᠢᠭᠡ ᠲᠠᠯ᠎ᠠ ᠪᠠᠷ ᠬᠤᠭ ᠲᠣᠭᠤᠰᠣ ᠪᠠᠨ ᠲᠤᠭᠤᠰᠢᠲᠠᠢ ᠠᠷᠴᠢᠵᠤ ᠴᠡᠪᠡᠷᠯᠡᠬᠦ ᠶᠠᠪᠤᠴᠠ ᠪᠤᠯᠬᠤ ᠠᠴᠠ ᠭᠠᠳᠠᠨ᠎ᠠ ᠥᠪᠡᠷ ᠤᠨ ᠬᠠᠶᠠᠵᠤ ᠲᠦᠪᠡᠭᠳᠡᠬᠦ ᠦᠭᠡᠢ ᠵᠦᠢᠯ ᠢᠶᠠᠨ ᠰᠢᠢᠳᠪᠦᠷᠢᠯᠡᠬᠦ ᠬᠠᠮᠤᠭ ᠲᠣᠬᠢᠷᠠᠮᠵᠢᠲᠠᠢ ᠴᠠᠭ ᠦᠶ᠎ᠡ ᠪᠣᠯᠣᠨ᠎ᠠ᠃ ᠲᠡᠶᠢᠮᠦ ᠪᠠᠷ ᠢᠶᠠᠨ ᠴᠡᠪᠡᠷᠯᠡᠬᠦ ᠶᠠᠪᠤᠴᠠ ᠳᠤ᠂ ᠡᠳ᠋ ᠪᠣᠳᠠᠰ ᠢ ᠲᠥᠷᠥᠯ ᠬᠤᠪᠢᠶᠠᠨ ᠡᠮᠬᠢᠯᠡᠵᠦ᠂ ᠬᠡᠷᠡᠭᠴᠡᠭᠡ ᠦᠭᠡᠢ ᠪᠣᠯᠤᠭᠰᠠᠨ ᠡᠳ᠋ ᠪᠣᠳᠠᠰ ᠢ ᠬᠠᠶᠠᠳᠠᠭ ᠠᠴᠠ ᠶᠡᠷᠦ ᠶᠢᠨ ᠠᠮᠢᠳᠤᠷᠠᠯ ᠤᠨ ᠬᠤᠭ ᠨᠣᠪᠰᠢ ᠠᠴᠠ ᠨᠡᠩ ᠶᠡᠭᠡ ᠬᠤᠭ ᠭᠠᠷᠳᠠᠭ᠂ ᠲᠡᠭᠦᠨ ᠢ ᠪᠠᠨ ᠬᠥᠮᠥᠰ ᠰᠢᠭᠤᠳ ᠯᠠ ᠠᠰᠠᠷ ᠤᠨ ᠳᠣᠣᠷᠠᠬᠢ ᠬᠤᠭ ᠤᠨ ᠰᠠᠪᠠᠨ ᠳᠤ ᠬᠢᠵᠦ ᠣᠪᠣᠭᠠᠯᠠᠳᠠᠭ᠃ ᠲᠡᠭᠡᠪᠡᠯ ᠴᠡᠪᠡᠷᠯᠡᠭᠡ ᠪᠠᠨ ᠰᠠᠶᠢᠲᠤᠷ ᠬᠢᠵᠦ᠂ ᠬᠠᠶᠠᠭᠳᠠᠮᠠᠯ ᠪᠣᠳᠠᠰ ᠢᠶᠠᠨ ᠣᠪᠣᠭᠠᠯᠠᠨ ᠬᠠᠶᠠᠵᠤ ᠪᠠᠶᠢᠭ᠎ᠠ ᠦᠵᠡᠭᠳᠡᠯ ᠢ ᠪᠢᠳᠡ ᠬᠡᠷᠬᠢᠨ ᠠᠩᠬᠠᠷᠤᠯ ᠳᠠᠭᠠᠨ ᠠᠪᠤᠪᠠᠯ ᠵᠣᠬᠢᠬᠤ ᠪᠤᠢ︖ ᠪᠣᠳᠠᠲᠤ ᠪᠠᠶᠢᠳᠠᠯ ᠠᠴᠠ ᠦᠵᠡᠬᠦ ᠳᠤ᠂ ᠣᠶᠢᠷ᠎ᠠ ᠶᠢᠨ ᠬᠤᠭᠤᠴᠠᠭᠠᠨ ᠳᠤ ᠰᠠᠭᠤᠭᠠᠯᠢ ᠠᠷᠠᠳ ᠤᠨ ᠬᠤᠷᠢᠶᠠᠯᠠᠯ ᠵᠢᠴᠢ ᠵᠡᠭᠡᠯᠢ ᠶᠢᠨ ᠬᠤᠭ ᠭᠠᠳᠠᠭᠰᠢᠯᠠᠭᠤᠯᠬᠤ ᠦᠷᠳᠡᠭᠡ ᠪᠠᠷ ᠬᠤᠭ ᠨᠣᠪᠰᠢ ᠶᠡᠬᠡᠰᠴᠦ᠂ ᠬᠠᠮᠢᠶ᠎ᠠ ᠪᠦᠬᠦᠢ ᠠᠵᠢᠯᠲᠠᠨ ᠤ ᠠᠵᠢᠯ ᠤᠨ ᠳᠠᠷᠤᠭᠠᠰᠤ ᠶᠢ ᠬᠠᠷᠢᠴᠠᠩᠭᠤᠢ ᠬᠦᠨᠳᠦᠷᠡᠭᠦᠯᠵᠡᠢ᠃ ᠲᠡᠭᠡᠪᠡᠯ ᠴᠡᠪᠡᠷ ᠴᠡᠮᠴᠡᠭᠡᠷ ᠣᠷᠴᠢᠨ ᠲᠣᠭᠤᠷᠢᠨ ᠢ ᠪᠦᠷᠢᠯᠳᠦᠭᠦᠯᠬᠦ ᠳᠤ ᠪᠢᠳᠡ ᠬᠡᠷᠬᠢᠨ ᠥᠪᠡᠷ ᠤᠨ ᠬᠤᠪᠢ ᠨᠡᠮᠡᠷᠢ ᠪᠠᠨ ᠦᠵᠡᠭᠦᠯᠪᠡᠯ ᠵᠣᠬᠢᠬᠤ ᠪᠤᠢ︖          ᠬᠤᠭ ᠨᠣᠪᠰᠢ ᠪᠠᠨ ᠲᠥᠷᠥᠯ ᠬᠤᠪᠢᠶᠠᠬᠤ ᠨᠢ ᠣᠲᠣ ᠦᠶ᠎ᠡ ᠶᠢᠨ ᠬᠤᠲᠠ ᠶᠢᠨ ᠬᠠᠮᠢᠶᠠᠷᠤᠯᠲᠠ ᠶᠢᠨ ᠴᠢᠬᠤᠯᠠ ᠨᠢᠭᠡ ᠠᠵᠢᠯ ᠪᠣᠯᠵᠤ᠂ ᠬᠡᠳᠦᠶᠢᠪᠡᠷ ᠮᠠᠨ ᠤ ᠣᠷᠣᠨ ᠨᠤᠲᠤᠭ ᠲᠤ ᠬᠠᠷᠠᠬᠠᠨ ᠪᠡᠶᠡᠯᠡᠭᠳᠡᠭᠡ ᠦᠭᠡᠢ ᠪᠤᠯᠪᠠᠴᠤ ᠪᠢᠳᠠ ᠤᠬᠠᠮᠰᠠᠷ ᠠᠴᠠ ᠪᠠᠨ ᠲᠦᠷᠦᠯ ᠬᠤᠪᠢᠶᠠᠨ ᠪᠡᠶᠡᠯᠡᠭᠦᠯᠵᠦ ᠪᠣᠯᠣᠨ᠎ᠠ᠃ ᠲᠡᠷᠡ ᠨᠢ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠬᠦ᠂ ᠣᠷᠴᠢᠨ ᠲᠣᠭᠤᠷᠢᠨ ᠤ ᠪᠣᠬᠢᠷᠳᠤᠯ ᠢ ᠪᠠᠭᠠᠰᠬᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠪᠠᠷ ᠳᠡᠮᠵᠢᠨ ᠪᠢᠳᠡ ᠡᠭᠡᠭᠦᠯᠦᠨ ᠬᠤᠷᠢᠶᠠᠵᠤ ᠪᠤᠯᠬᠤ ᠪᠣᠳᠠᠰ᠂ ᠬᠤᠣᠷᠲᠠᠢ ᠬᠤᠭ ᠨᠣᠪᠰᠢ᠂ ᠨᠣᠶᠢᠲᠠᠨ ᠬᠤᠭ ᠨᠣᠪᠰᠢ ︵ᠲᠣᠭᠤᠭᠠᠨ ᠭᠡᠷ ᠤᠨ ᠬᠤᠭ ᠨᠣᠪᠰᠢ︶ ᠪᠣᠯᠣᠨ ᠬᠠᠭᠤᠷᠠᠢ ᠬᠤᠭ ᠨᠣᠪᠰᠢ ᠶᠢ ᠲᠥᠷᠥᠯ ᠬᠤᠪᠢᠶᠠᠨ ᠲᠠᠯᠪᠢᠵᠤ᠂ ᠬᠤᠭ ᠨᠣᠪᠰᠢ ᠶᠢ ᠪᠦᠲᠦᠮᠵᠢᠲᠡᠶ ᠰᠢᠢᠳᠪᠦᠷᠢᠯᠡᠬᠦ ᠪᠠ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠬᠤ ᠶᠢ ᠪᠡᠶᠡᠯᠡᠭᠦᠯᠵᠦ ᠪᠣᠯᠣᠨ᠎ᠠ᠃          ᠰᠦᠯᠵᠢᠶᠡᠨ ᠠᠨᠳᠠ ᠨᠠᠷ ᠤᠨ ᠦᠵᠡᠬᠦ ᠪᠠᠷ᠂ ᠬᠤᠭ ᠨᠣᠪᠰᠢ ᠶᠢ ᠲᠥᠷᠥᠯ ᠬᠤᠪᠢᠶᠠᠬᠤ ᠪᠣᠯ ᠨᠢᠭᠡ ᠵᠦᠢᠯ ᠤᠨ ᠣᠷᠴᠢᠨ ᠠᠬᠤᠢ ᠶᠢ ᠬᠠᠮᠠᠭᠠᠯᠠᠬᠤ ᠢᠳᠡᠪᠬᠢᠲᠡᠢ  ᠠᠵᠢᠯᠯᠠᠭ᠎ᠠ ᠮᠥᠨ᠂ ᠲᠡᠷᠡ ᠨᠢ ᠣᠯᠠᠨ ᠨᠡᠶᠢᠲᠡ ᠶᠢᠨ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠶᠢ ᠬᠥᠮᠥᠵᠢᠭᠦᠯᠬᠦ ᠳᠤ ᠠᠰᠢᠭᠲᠠᠢ ᠶᠤᠮ᠃ ᠬᠤᠭ ᠨᠣᠪᠰᠢ ᠶᠢ ᠲᠥᠷᠥᠯ ᠬᠤᠪᠢᠶᠠᠬᠤ ᠪᠠᠷ ᠳᠡᠮᠵᠢᠨ ᠪᠢᠳᠡ ᠬᠤᠭ ᠨᠣᠪᠰᠢ ᠶᠢ ᠪᠤᠯᠠᠬᠤ ᠪᠠ ᠰᠢᠲᠠᠭᠠᠬᠤ ᠠᠴᠠ ᠪᠣᠯᠤᠭᠰᠠᠨ ᠣᠷᠴᠢᠨ ᠲᠣᠭᠤᠷᠢᠨ ᠤ ᠪᠣᠬᠢᠷᠳᠤᠯ ᠢ ᠪᠠᠭᠠᠰᠬᠠᠵᠤ᠂ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ ᠪᠣᠯᠣᠨ᠎ᠠ᠃ ᠡᠭᠦᠨ ᠠᠴᠠ ᠭᠠᠳᠠᠨ᠎ᠠ᠂ ᠬᠤᠭ ᠨᠣᠪᠰᠢ ᠶᠢ ᠲᠥᠷᠥᠯ ᠬᠤᠪᠢᠶᠠᠬᠤ ᠨᠢ ᠪᠠᠰᠠ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠴᠢᠳᠠᠨ᠎ᠠ᠃ ᠵᠢᠱᠢᠶᠡᠯᠡᠪᠡᠯ᠂ ᠬᠠᠶᠠᠭᠳᠠᠮᠠᠯ ᠡᠳ᠋ ᠢ ᠬᠤᠷᠢᠶᠠᠨ ᠠᠪᠬᠤ᠂ ᠬᠤᠭ ᠨᠣᠪᠰᠢ ᠶᠢ ᠰᠢᠢᠳᠪᠦᠷᠢᠯᠡᠬᠦ ᠮᠡᠷᠭᠡᠵᠢᠯ ᠵᠡᠷᠭᠡ ᠨᠢ ᠠᠵᠤ ᠠᠬᠤᠢ ᠶᠢᠨ ᠨᠡᠮᠡᠭᠳᠡᠯ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ ᠪᠠᠶᠢᠨ᠎ᠠ ᠭᠡᠰᠡᠨ ᠪᠠᠶᠢᠨ᠎ᠠ᠃ ᠬᠠᠷᠢᠨ ᠵᠠᠷᠢᠮ ᠰᠦᠯᠵᠢᠶᠡᠨ ᠠᠨᠳᠠ ᠨᠠᠷ ᠬᠤᠭ ᠨᠣᠪᠰᠢ ᠶᠢ ᠲᠥᠷᠥᠯ ᠬᠤᠪᠢᠶᠠᠬᠤ ᠨᠢ ᠬᠡᠲᠦᠷᠬᠡᠢ ᠶᠠᠷᠰᠢᠭ ᠲᠠᠢ᠂ ᠠᠷᠠᠳ ᠣᠯᠠᠨ ᠤ ᠠᠮᠢᠳᠤᠷᠠᠯ ᠤᠨ ᠳᠠᠷᠤᠭᠠᠰᠤ ᠶᠢ ᠨᠡᠮᠡᠭᠳᠡᠭᠦᠯᠵᠦ ᠪᠠᠶᠢᠨ᠎ᠠ᠃ ᠠᠳᠠᠯᠢ ᠪᠤᠰᠤ ᠭᠠᠵᠠᠷ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠᠷᠢᠮᠵᠢᠶ᠎ᠠ ᠪᠠ ᠬᠡᠷᠡᠭᠵᠢᠭᠦᠯᠬᠦ ᠠᠷᠭ᠎ᠠ ᠮᠠᠶ᠋ᠢᠭ ᠨᠢ ᠵᠥᠷᠢᠶ᠎ᠡ ᠲᠠᠢ᠂ ᠠᠷᠠᠳ ᠣᠯᠠᠨ ᠤ ᠣᠶᠢᠯᠠᠭᠠᠵᠤ ᠵᠣᠬᠢᠴᠠᠬᠤ ᠳᠤ ᠪᠡᠷᠬᠡ ᠪᠣᠯᠭᠠᠪᠠ᠃ ᠡᠭᠦᠨ ᠠᠴᠠ ᠭᠠᠳᠠᠨ᠎ᠠ᠂ ᠬᠤᠭ ᠨᠣᠪᠰᠢ ᠶᠢ ᠲᠥᠷᠥᠯ ᠬᠤᠪᠢᠶᠠᠬᠤ ᠳᠤ ᠬᠤᠷᠢᠶᠠᠨ ᠠᠪᠬᠤ ᠪᠠ ᠰᠢᠢᠳᠪᠦᠷᠢᠯᠡᠬᠦ ᠪᠦᠷᠢᠨ ᠲᠡᠭᠦᠯᠳᠡᠷ ᠰᠢᠰᠲ᠋ᠧᠮ ᠢ ᠲᠥᠭᠦᠷᠵᠢᠭᠦᠯᠭᠦ ᠴᠢᠬᠤᠯᠠᠲᠠᠢ᠂ ᠡᠰᠡ ᠲᠡᠭᠡᠪᠡᠯ ᠲᠡᠭᠦᠨ ᠤ ᠪᠠᠶᠢᠪᠠᠰᠤ ᠵᠣᠬᠢᠬᠤ ᠦᠷ᠎ᠡ ᠪᠦᠲᠦᠮᠵᠢ ᠶᠢ ᠪᠠᠳᠠᠷᠠᠭᠤᠯᠬᠤ ᠳᠤ ᠪᠡᠷᠬᠡ ᠪᠣᠯᠣᠨ᠎ᠠ ᠭᠡᠵᠦ ᠪᠠᠶᠢᠨ᠎ᠠ᠃          ᠦᠢᠯᠡᠳᠦᠯᠭᠡ ᠶᠢᠨ ᠳᠤᠮᠳᠠ᠂ ᠬᠤᠭ ᠨᠣᠪᠰᠢ ᠶᠢ ᠲᠥᠷᠥᠯ ᠬᠤᠪᠢᠶᠠᠬᠤ ᠨᠢ ᠣᠷᠴᠢᠨ ᠲᠣᠭᠤᠷᠢᠨ ᠤ ᠬᠠᠮᠠᠭᠠᠯᠠᠯᠲᠠ ᠳᠤ ᠴᠢᠬᠤᠯᠠ ᠦᠢᠯᠡᠳᠦᠯ ᠲᠠᠢ ᠭᠡᠳᠡᠭ ᠢ ᠪᠢᠳᠠ ᠭᠦᠨᠵᠡᠭᠡᠢ ᠣᠶᠢᠯᠠᠭᠠᠵᠤ ᠪᠣᠯᠣᠨ᠎ᠠ᠃ ᠲᠦᠷᠦᠯ ᠬᠤᠪᠢᠶᠠᠨ ᠬᠤᠭ ᠨᠣᠪᠰᠢ ᠬᠠᠶᠠᠬᠤ ᠪᠠᠷ ᠲᠠᠮᠵᠢᠨ ᠣᠷᠴᠢᠨ ᠲᠣᠭᠤᠷᠢᠨ ᠤ ᠪᠣᠬᠢᠷᠳᠤᠯ ᠢ ᠪᠠᠭᠠᠰᠬᠠᠵᠤ ᠪᠤᠯᠬᠤ ᠪᠠᠷ ᠪᠠᠷᠠᠬᠤ ᠦᠭᠡᠢ ᠪᠠᠰᠠ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠳᠤ ᠬᠤᠪᠢ ᠨᠡᠮᠡᠷᠢ ᠦᠵᠡᠭᠦᠯᠳᠡᠭ᠃ ᠵᠢᠱᠢᠶᠡᠯᠡᠪᠡᠯ᠂ ᠪᠢᠳᠠ ᠵᠢᠯ ᠴᠠᠭᠠᠨ ᠰᠠᠷ᠎ᠠ ᠶᠢᠨ ᠬᠠᠶᠠᠭᠳᠠᠮᠠᠯ ᠪᠣᠳᠠᠰ ᠢᠶᠠᠨ ᠲᠦᠷᠦᠯ ᠬᠤᠪᠢᠶᠠᠨ ᠲᠠᠯᠪᠢᠪᠠᠯ ᠬᠡᠨ ᠨᠢᠭᠡᠨ ᠳᠤᠨᠢ ᠪᠠᠰᠠ ᠬᠡᠷᠡᠭᠴᠡᠭᠡ ᠲᠠᠢ ᠵᠦᠢᠯ ᠪᠣᠯᠵᠤ ᠮᠠᠭᠠᠳ᠂ ᠬᠠᠭᠤᠴᠢᠷᠠᠵᠤ ᠪᠠᠭᠠᠳᠤᠬᠰᠠᠨ ᠬᠤᠪᠴᠠᠰᠤ ᠪᠠᠨ ᠴᠡᠪᠡᠷ ᠤᠭᠤᠲᠠᠨ ᠳᠤ ᠬᠢᠭᠡᠳ ᠬᠠᠨᠳᠢᠪ ᠤᠨ ᠬᠠᠶᠢᠷᠴᠠᠭ ᠲᠤ ᠬᠢᠬᠦ ᠳᠤ ᠲᠠ ᠮᠠᠭᠠᠳ ᠨᠢᠭᠡ ᠬᠥᠮᠥᠨ ᠢ ᠲᠤᠰᠠᠯᠠᠵᠤ ᠪᠣᠯᠣᠨ᠎ᠠ᠃ ᠬᠠᠮᠤᠭ ᠤᠨ ᠨᠠᠭᠠᠲᠤ ᠵᠠᠬ᠎ᠠ ᠳᠠᠭᠠᠨ ᠬᠤᠭ ᠨᠣᠪᠰᠢ ᠪᠠᠨ ᠲᠦᠷᠦᠯ ᠬᠤᠪᠢᠶᠠᠨ ᠬᠠᠶᠠᠪᠠᠯ ᠬᠠᠮᠢᠶ᠎ᠠ ᠪᠦᠬᠦᠢ ᠠᠵᠢᠯᠲᠠᠨ ᠤ ᠠᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠬᠠᠶᠢᠷ᠎ᠠ ᠬᠠᠯᠠᠮᠵᠢ ᠪᠠᠨ ᠬᠦᠷᠭᠡᠵᠦ ᠪᠣᠯᠣᠨ᠎ᠠ᠃ ᠲᠠᠶᠢᠮᠦ ᠪᠠᠷ ᠢᠶᠠᠨ ᠪᠢᠳᠡ ᠬᠤᠪᠢ ᠪᠡᠶ᠎ᠡ ᠠᠴᠠ ᠪᠠᠨ ᠡᠬᠢᠯᠡᠵᠦ᠂ ᠶᠡᠭᠡ ᠶᠢ ᠪᠢᠰᠢ ᠬᠡᠷᠡᠭ ᠲᠠᠢ ᠶᠢ ᠯᠠ ᠬᠢᠵᠦ ᠰᠤᠷᠤᠶ᠎ᠠ᠃          ᠡᠭᠦᠨ ᠤ ᠬᠠᠮᠲᠤ᠂ ᠬᠤᠭ ᠨᠣᠪᠰᠢ ᠶᠢ ᠲᠥᠷᠥᠯ ᠬᠤᠪᠢᠶᠠᠬᠤ ᠳᠤ ᠪᠦᠭᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠴᠢᠬᠤᠯᠠᠲᠠᠢ ᠭᠡᠳᠡᠭ ᠢ ᠪᠢᠳᠠ ᠪᠠᠰᠠ ᠲᠠᠨᠢᠵᠤ ᠣᠯᠬᠤ ᠬᠡᠷᠡᠭᠲᠡᠢ᠃ ᠵᠠᠰᠠᠭ ᠤᠨ ᠣᠷᠳᠣᠨ ᠤᠬᠠᠭᠤᠯᠭ᠎ᠠ ᠪᠠ ᠬᠥᠮᠦᠵᠢᠯ ᠢᠶᠠᠨ ᠴᠢᠩᠭᠠᠳᠬᠠᠵᠤ᠂ ᠠᠷᠠᠳ ᠤᠯᠠᠨ ᠤ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠳ ᠬᠤᠭ ᠨᠣᠪᠰᠢ ᠶᠢ ᠲᠥᠷᠥᠯ ᠬᠤᠪᠢᠶᠠᠬᠤ ᠪᠠ ᠡᠭᠡᠭᠦᠯᠦᠨ ᠬᠤᠷᠢᠶᠠᠵᠤ ᠰᠢᠢᠳᠪᠦᠷᠢᠯᠡᠬᠦ ᠳᠤ ᠢᠳᠡᠪᠬᠢᠲᠡᠢ ᠣᠷᠣᠯᠴᠠᠵᠤ᠂ ᠨᠡᠶᠢᠭᠡᠮ ᠲᠣᠭᠤᠷᠢᠭ ᠨᠢ ᠬᠤᠭ ᠨᠣᠪᠰᠢ ᠶᠢ ᠲᠥᠷᠥᠯ ᠬᠤᠪᠢᠶᠠᠬᠤ ᠪᠠ ᠡᠭᠡᠭᠦᠯᠦᠨ ᠬᠤᠷᠢᠶᠠᠬᠤ ᠪᠦᠷᠢᠨ ᠲᠡᠭᠦᠯᠳᠡᠷ ᠲᠣᠭᠲᠠᠯᠴᠠᠭ᠎ᠠ ᠶᠢ ᠪᠠᠶᠢᠭᠤᠯᠵᠤ᠂ ᠠᠷᠠᠳ ᠣᠯᠠᠨ ᠳᠤ ᠳᠥᠭᠦᠮ ᠦᠵᠡᠭᠦᠯᠭᠦ ᠬᠡᠷᠡᠭᠲᠡᠢ ᠪᠠᠶᠢᠨ᠎ᠠ᠃          ᠬᠤᠭ ᠨᠣᠪᠰᠢ ᠶᠢ ᠲᠥᠷᠥᠯ ᠬᠤᠪᠢᠶᠠᠬᠤ ᠨᠢ ᠢᠷᠡᠭᠡᠳᠦᠢ ᠳᠤ ᠪᠦᠭᠦ ᠳᠡᠯᠡᠬᠡᠢ ᠶᠢᠨ ᠬᠡᠪᠴᠢᠶᠡᠨ ᠳᠤ ᠨᠡᠶᠢᠳᠡᠮ ᠳᠡᠯᠭᠡᠷᠡᠭᠦᠯᠦᠨ ᠬᠡᠷᠡᠭᠵᠢᠭᠦᠯᠬᠦ ᠣᠷᠴᠢᠨ ᠠᠬᠤᠢ ᠶᠢᠨ ᠬᠠᠮᠠᠭᠠᠯᠠᠯᠲᠠ ᠶᠢᠨ ᠴᠢᠬᠤᠯᠠ ᠠᠷᠭ᠎ᠠ ᠬᠡᠮᠵᠢᠶ᠎ᠡ ᠪᠣᠯᠵᠤ ᠪᠤᠢ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠤᠨ ᠳᠡᠭᠡᠭᠰᠢᠯᠡᠯᠲᠡ ᠶᠢ ᠳᠠᠭᠠᠯᠳᠤᠨ᠂ ᠬᠤᠭ ᠨᠣᠪᠰᠢ ᠶᠢ ᠲᠥᠷᠥᠯ ᠬᠤᠪᠢᠶᠠᠬᠤ ᠨᠢ ᠨᠠᠩ ᠣᠶᠤᠨᠴᠢ᠂ ᠳᠥᠭᠦᠮ ᠳᠥᠲᠡ ᠪᠤᠯᠬᠤ ᠪᠣᠯᠣᠨ᠎ᠠ᠃ ᠡᠭᠦᠨ ᠤ ᠬᠠᠮᠲᠤ᠂ ᠬᠤᠭ ᠨᠣᠪᠰᠢ ᠶᠢ ᠲᠥᠷᠥᠯ ᠬᠤᠪᠢᠶᠠᠬᠤ ᠨᠢ ᠨᠡᠶᠢᠭᠡᠮ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠭᠦ ᠵᠠᠩᠭᠢᠯᠠᠭ᠎ᠠ ᠶᠢᠨ ᠬᠦᠴᠦᠨ ᠪᠣᠯᠵᠤ᠂ ᠠᠮᠢ ᠠᠬᠤᠢ ᠶᠢᠨ ᠪᠣᠯᠪᠠᠰᠤᠨ ᠤ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ ᠡᠨᠡ ᠨᠢ ᠨᠢᠭᠡᠨ ᠣᠷᠳᠣ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ᠂ ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠬᠤ ᠬᠡᠷᠡᠭᠲᠡᠢ᠃ ᠪᠢᠳᠡ ᠭᠠᠷ ᠬᠤᠯᠪᠣᠨ ᠤᠷᠤᠭᠰᠢᠯᠠᠵᠤ᠂ ᠬᠠᠮᠲᠤ ᠶᠢᠨ ᠭᠡᠷ ᠣᠷᠣᠨ ᠤ ᠪᠠᠨ ᠲᠥᠯᠥᠭᠡ ᠴᠢᠷᠮᠠᠶᠢᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠦᠢᠯᠡᠳᠦᠯᠭᠡᠵᠢᠭᠦᠯᠵᠦ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃          
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号