ᠪᠠᠶᠠᠨᠬᠤᠲᠠ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2025/5/15
    ᠣᠶᠢᠷ᠎ᠠ ᠳᠤ᠂ ᠪᠠᠶᠠᠨᠬᠤᠲᠠ ᠶᠢᠨ ᠤᠰᠤᠨ ᠤ ᠴᠢᠨᠠᠷ ᠢ ᠳᠡᠭᠡᠭᠰᠢᠯᠡᠭᠦᠯᠵᠤ ᠦᠷ᠎ᠡ ᠠᠰᠢᠭ ᠢ ᠨᠡᠮᠡᠭᠳᠡᠭᠦᠯᠬᠦ 4 ᠵᠦᠢᠯ ᠤᠨ ᠬᠤᠭᠤᠯᠠᠢ ᠲᠣᠣᠷ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠡᠬᠢᠯᠡᠵᠤ᠂ ᠬᠤᠲᠠ ᠶᠢᠨ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠠ᠃    ᠪᠠᠷᠢᠯᠭ᠎ᠠ ᠶᠢᠨ ᠭᠠᠵᠠᠷ ᠲᠤ᠂ ᠪᠠᠶᠠᠨᠬᠤᠲᠠ ᠪᠠᠯᠭᠠᠰᠤᠨ ᠤ ᠠᠨ ᠳ᠋ᠧ ᠵᠡᠭᠡᠯᠢ ᠶᠢᠨ ᠨᠠᠶᠢᠷᠠᠮᠳᠠᠯ ᠵᠠᠮ ᠤᠨ ᠠᠭᠤᠯᠵᠠᠷ ᠤᠨ ᠬᠡᠰᠡᠭ᠂ ᠪᠠᠳᠠᠢ ᠶᠢᠨ ᠵᠢᠷᠠᠨ ᠵᠠᠮ ︵ᠠᠨ ᠳ᠋ᠧ ᠵᠡᠭᠡᠯᠢ ᠠᠴᠠ ᠬᠤᠯᠠᠨ ᠤ ᠵᠠᠮ ᠬᠦᠷᠬᠦ ᠬᠡᠰᠡᠭ︶ ᠤᠨ ᠬᠡᠰᠡᠭ ᠨᠢ ᠨᠢᠭᠡᠨᠲᠡ ᠶᠠᠭᠠᠷᠠᠯᠲᠠᠢ ᠪᠠᠷᠢᠯᠭ᠎ᠠ ᠶᠢᠨ ᠱᠠᠲᠤᠨ ᠳᠤ ᠣᠷᠣᠵᠤ᠂ ᠲᠣᠰ ᠪᠠᠷᠢᠯᠭ᠎ᠠ ᠶᠢ ᠬᠡᠰᠡᠭ ᠬᠤᠪᠢᠶᠠᠨ ᠳᠠᠭᠠᠭᠠᠴᠢᠯᠠᠭᠤᠯᠵᠤ᠂ ᠠᠨ ᠳ᠋ᠧ ᠵᠡᠭᠡᠯᠢ ︵ᠨᠠᠶᠢᠷᠠᠮᠳᠠᠯ ᠵᠠᠮ ᠠᠴᠠ ᠬᠤᠶᠢᠲᠤ ᠲᠣᠭᠤᠷᠢᠯ ᠵᠠᠮ ᠤᠨ ᠬᠡᠰᠡᠭ︶᠂ ᠪᠠᠳᠠᠢ ᠶᠢᠨ ᠵᠢᠷᠠᠨ ᠵᠠᠮ ︵ᠠᠨ ᠳ᠋ᠧ ᠵᠡᠭᠡᠯᠢ ᠠᠴᠠ ᠬᠤᠯᠠᠨ ᠤ ᠵᠠᠮ ᠬᠦᠷᠬᠦ︶ ᠵᠡᠷᠭᠡ 14 ᠵᠤᠷᠪᠤᠰ ᠬᠤᠲᠠ ᠶᠢᠨ ᠲᠣᠭᠤᠷᠢᠭ ᠤᠨ ᠵᠠᠮ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠪᠠᠶᠢᠭᠤᠯᠪᠠ᠃ ᠣᠳᠣᠬᠠᠨ ᠳᠤ᠂ ᠠᠨ ᠳ᠋ᠧ ᠵᠡᠭᠡᠯᠢ ᠶᠢᠨ ᠰᠡᠷᠭᠡᠶᠢᠯᠡᠨ ᠬᠠᠮᠠᠭᠠᠯᠠᠬᠤ ᠬᠦᠷᠢᠶ᠎ᠡ ᠶᠢ ᠨᠢᠭᠡᠨᠲᠡ ᠪᠠᠶᠢᠭᠤᠯᠵᠤ᠂ ᠠᠵᠢᠯᠴᠢᠳ ᠵᠠᠮ ᠮᠠᠯᠲᠠᠵᠤ᠂ ᠤᠰᠤ ᠬᠠᠩᠭᠠᠬᠤ ᠬᠤᠭᠤᠯᠠᠶ ᠤᠭᠰᠠᠷᠠᠬᠤ ᠠᠵᠢᠯ ᠢ ᠬᠢᠵᠦ᠂ ᠪᠠᠳᠠᠢ ᠶᠢᠨ ᠵᠢᠷᠠᠨ ᠵᠠᠮ ᠤᠨ ᠭᠠᠳᠠᠷᠭᠤ ᠶᠢ ᠬᠡᠷᠴᠢᠬᠦ ᠠᠵᠢᠯ ᠢ ᠴᠤ ᠲᠣᠭᠲᠠᠭᠰᠠᠨ ᠬᠤᠭᠤᠴᠠᠭᠠᠨ ᠳᠤ ᠡᠬᠢᠯᠡᠭᠦᠯᠪᠡ᠃
   ᠣᠶᠢᠯᠠᠭᠠᠭᠰᠠᠨ ᠢᠶᠠᠷ᠂ 2024 ᠣᠨ ᠳᠤ᠂ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠢᠭᠡᠳ ᠠᠯᠠᠱᠠ ᠵᠡᠭᠦᠨ ᠬᠤᠰᠢᠭᠤᠨ ᠤ ᠬᠤᠲᠠ ᠬᠥᠳᠡᠭᠡ ᠶᠢᠨ ᠤᠰᠤᠨ ᠤ ᠶᠠᠪᠤᠳᠠᠯ ᠤᠨ ᠺᠣᠮᠫᠠᠨᠢ ᠬᠤᠲᠠ ᠶᠢᠨ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠦᠴᠢᠷ ᠠᠰᠠᠭᠤᠳᠠᠯ ᠳᠤ ᠴᠢᠭᠯᠡᠭᠦᠯᠦᠨ᠂ ᠪᠠᠶᠠᠨᠬᠤᠲᠠ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠬᠦ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠤᠨ ᠲᠥᠯᠥᠪᠯᠡᠭᠡ ᠶᠢ ᠲᠣᠭᠲᠠᠭᠠᠪᠠ᠃ ᠢᠨᠵᠧᠨᠧᠷᠢᠩ ᠳᠤ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠤᠶᠤᠨᠲᠤ ᠤᠰᠤᠨ ᠤ ᠶᠠᠪᠤᠳᠠᠯ ᠵᠢᠴᠢ ᠵᠠᠮ ᠤᠨ ᠬᠠᠭᠤᠴᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ᠂ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠣᠷᠣᠨ ᠰᠠᠭᠤᠴᠠ ᠶᠢᠨ ᠬᠤᠷᠢᠶᠠᠯᠠᠯ ᠤᠨ ᠳᠣᠲᠣᠭᠠᠳᠤ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ 4 ᠲᠥᠷᠥᠯ ᠵᠦᠢᠯ ᠢ ᠪᠠᠭᠲᠠᠭᠠᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 5.93 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠬᠤᠭᠤᠴᠠᠭ᠎ᠠ ᠬᠤᠪᠢᠶᠠᠨ ᠬᠡᠷᠡᠭᠵᠢᠭᠦᠯᠵᠦ᠂ 27 ᠵᠤᠷᠪᠤᠰ ᠬᠤᠲᠠ ᠶᠢᠨ ᠲᠣᠭᠤᠷᠢᠭ ᠤᠨ ᠭᠤᠤᠯ ᠳᠡᠳ᠋ ᠵᠠᠮ ᠤᠨ ᠬᠡᠪᠴᠢᠶᠡᠨ ᠳᠠᠬᠢ ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤᠨ ᠤ ᠬᠠᠭᠤᠴᠢᠨ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号