| 4 ᠰᠠᠷ᠎ᠠ ᠶᠢᠨ 27 ᠤ ᠡᠳᠦᠷ᠂ ᠠᠯᠠᠱᠠ ᠵᠡᠭᠦᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠷᠠᠨ ᠪᠢᠴᠢᠯᠭᠡ ᠶᠢᠨ ᠦᠵᠡᠭᠦᠯᠦᠯᠭᠡ ᠶᠢᠨ ᠠᠵᠢᠯᠯᠠᠭ᠎ᠠ | ᠥᠷᠨᠢᠭᠦᠯᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ | ᠬᠤᠷᠢᠶᠠᠨ ᠤ ᠱᠦᠵᠢ ᠯᠢᠦ ᡁᠢ ᠴᠢᠶᠠᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠠᠭᠠᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ | ᠠᠯᠲᠠᠨᠴᠢᠯᠠᠭᠤ ᠠᠵᠢᠯᠯᠠᠭ᠎ᠠ ᠳᠤ ᠣᠷᠣᠯᠴᠠᠵᠠᠶ᠃ | | | | | ᠲᠣᠰ ᠤᠳᠠᠭᠠᠨ ᠤ ᠤᠷᠠᠨ ᠪᠢᠴᠢᠯᠭᠡ ᠶᠢᠨ ᠦᠵᠡᠭᠦᠯᠦᠯᠭᠡ ᠳᠤ ᠬᠢᠲᠠᠳ ᠮᠣᠩᠭᠤᠯ ᠬᠤᠤᠰ ᠬᠡᠯᠡᠨ ᠤ ᠤᠷᠠᠨ | ᠪᠢᠴᠢᠯᠭᠡ ᠶᠢᠨ ᠪᠦᠲᠦᠭᠡᠯ ᠢ 200 ᠭᠠᠷᠤᠶ ᠴᠤᠭᠯᠠᠭᠤᠯᠵᠤ᠂ 132 ᠪᠦᠲᠦᠭᠡᠯ ᠢ ᠳᠡᠯᠭᠡᠨ ᠦᠵᠡᠭᠦᠯᠵᠡᠶ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠰᠢᠯᠢᠳᠡᠭ ᠱᠠᠩᠨᠠᠯ ᠬᠦᠷᠲᠡᠭᠰᠡᠨ ᠪᠦᠲᠦᠭᠡᠯ ᠳᠤ ᠱᠠᠩᠨᠠᠯ | ᠭᠠᠷᠳᠠᠭᠤᠯᠪᠠ᠃ | ᠱᠠᠩᠨᠠᠯ ᠬᠦᠷᠲᠡᠭᠰᠡᠨ ᠤᠷᠠᠨ ᠪᠢᠴᠢᠯᠭᠡᠲᠡᠨ ᠬᠠᠰᠪᠠᠭᠠᠨ᠎ᠠ | | ᠲᠣᠰ ᠤᠳᠠᠭᠠᠨ ᠤ ᠤᠷᠠᠨ ᠪᠢᠴᠢᠯᠭᠡ ᠶᠢᠨ ᠦᠵᠡᠰᠬᠦᠯᠡᠩ ᠢ ᠡᠷᠬᠢᠯᠡᠭᠰᠡᠨ ᠨᠢ ᠤᠷᠠᠨ ᠪᠢᠴᠢᠯᠭᠡ ᠶᠢᠨ ᠪᠠᠭ᠋ᠠᠲᠠᠶ | ᠬᠥᠮᠦᠰ ᠲᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠥᠷᠭᠡᠨ | ᠣᠯᠠᠨ ᠠᠷᠠᠳ ᠲᠦᠮᠡᠨ ᠢ ᠤᠷᠠᠯᠢᠭ ᠤᠨ ᠪᠠᠭ᠋ᠠᠷᠬᠠᠯ ᠳᠤᠮᠳᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠲᠤᠬᠠᠶ ᠣᠶᠢᠯᠠᠭᠠᠯᠲᠠ ᠶᠢ ᠤᠯᠠᠮ ᠭᠦᠨᠵᠡᠭᠡᠶᠢᠷᠡᠭᠦᠯᠵᠦ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠶ ᠬᠦᠴᠦᠨ ᠴᠢᠳᠠᠯ ᠢ ᠡᠷᠭᠦᠭᠰᠡᠨ ᠪᠠᠶᠢᠨ᠎ᠠ᠃ | | | | | |