| | ᠶᠠᠭᠠᠬᠢᠵᠤ ᠠᠵᠢᠯᠯᠠᠬᠤ ᠪᠤᠢ︖ | 2024 ᠣᠨ ᠤ 12 ᠰᠠᠷ᠎ᠠ ᠶᠢᠨ 26 ᠤ ᠡᠳᠦᠷ ᠲᠡᠭᠦᠰᠦᠭᠰᠡᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ | ᠶᠢᠨ ᠶᠢᠰᠦᠳᠦᠭᠡᠷ ᠪᠦᠭᠦᠳᠠ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ᠂ | 2025 ᠣᠨ ᠳᠤ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠭᠡᠵᠦ ᠵᠢᠭᠠᠵᠤ | ᠭᠠᠷᠭᠠᠪᠠ᠃ | ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ᠃ | ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠣᠩᠬᠤᠪᠴᠢ | ᠶᠢᠨ ᠬᠤᠭᠤᠴᠠᠭ᠎ᠠ ᠶᠢ ᠠᠳᠬᠤᠵᠤ᠂ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠨᠢᠭᠡ | ᠪᠦᠯᠦᠭ ᠴᠢᠬᠤᠯᠠ ᠶᠡᠭᠡ ᠢᠨᠵᠧᠨᠧᠷᠢᠩ ᠢ ᠤᠬᠠᠭᠠᠯᠠᠨ ᠲᠥᠯᠥᠪᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠶᠡᠭᠡ ᠪᠠᠷ ᠠᠳᠬᠤᠵᠤ᠂ ᠭᠠᠵᠠᠷ ᠰᠢᠷᠣᠢ᠂ ᠪᠡᠯᠡ ᠮᠥᠩᠭᠦ ᠵᠡᠷᠭᠡ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠵᠤ ᠲᠦᠷᠭᠡᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ | ᠨᠡᠮᠡᠭᠳᠡᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠬᠤᠶᠠᠷ ᠲᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠃ | ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠠᠰᠠᠭᠤᠳᠠᠯ ᠢ ᠨᠢ | ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠦᠨ᠂ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠲᠦᠷᠭᠡᠳᠬᠡᠨ ᠲᠥᠯᠥᠵᠦ᠂ ᠪᠠᠩᠬᠢ ᠶᠢᠨ ᠵᠢᠭᠡᠯᠡᠯᠭᠡ ᠲᠠᠯᠪᠢᠬᠤ᠂ | ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠤᠮᠳᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠵᠢᠷᠤᠮᠵᠢᠩᠭᠤᠢ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ | ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠥᠷᠭᠡᠳᠬᠡᠬᠦ | ᠬᠡᠷᠡᠭᠲᠡᠢ᠃ | ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠃ | ᠡᠯ᠎ᠡ ᠭᠠᠵᠠᠷ ᠤᠨ ᠬᠢᠨ ᠠᠷᠭ᠎ᠠ ᠰᠦᠪᠡᠭᠴᠢᠯᠡᠨ ᠠᠵᠤ ᠠᠬᠤᠶᠢᠯᠠᠯ ᠢ ᠢᠯᠡᠭᠦᠬᠡᠨ ᠡᠷᠭᠢᠯᠡᠵᠤ᠂ ᠠᠵᠤ | ᠠᠬᠤᠶᠢᠯᠠᠯ ᠤᠨ ᠣᠶᠢᠷ᠎ᠠ ᠬᠠᠪᠢ ᠠᠴᠠ ᠪᠠᠨ ᠲᠤᠰ ᠭᠠᠵᠠᠷ ᠠᠴᠠ ᠪᠠᠨ ᠠᠵᠢᠯᠴᠢᠨ ᠬᠡᠷᠡᠭᠯᠡᠬᠦ ᠶᠢ ᠬᠥᠲᠥᠯᠥᠨ | ᠵᠢᠯᠤᠭᠤᠳᠬᠤ ᠬᠡᠷᠡᠭᠲᠡᠢ᠃ | ᠡᠩ ᠤᠨ ᠶᠡᠭᠡ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ | ᠠᠵᠢᠯ ᠣᠯᠭᠤᠬᠤ ᠪᠠᠷ ᠤᠳᠤᠷᠢᠳᠤᠮᠵᠢ ᠪᠣᠯᠭᠠᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠲᠣᠬᠢᠷᠠᠭᠤᠯᠤᠨ | ᠰᠢᠯᠢᠳᠡᠭᠵᠢᠭᠦᠯᠵᠦ᠂ ᠠᠵᠤ ᠠᠬᠤᠶᠢᠯᠠᠯ ᠯᠤᠭ᠎ᠠ ᠬᠥᠮᠥᠨ ᠬᠡᠷᠡᠭᠯᠡᠬᠦ ᠬᠡᠷᠡᠭᠴᠡᠭᠡ ᠪᠠᠨ ᠤᠷᠢᠳᠴᠢᠯᠠᠨ ᠵᠣᠯᠭᠠᠭᠤᠯᠵᠤ᠂ | ᠵᠠᠬᠢᠶᠠᠯᠠᠭ᠎ᠠ ᠶᠢᠨ ᠮᠠᠶ᠋ᠢᠭ ᠢᠶᠠᠷ ᠬᠥᠮᠥᠨ ᠬᠥᠮᠥᠵᠢᠭᠦᠯᠬᠦ ᠶᠢ ᠥᠷᠨᠢᠭᠦᠯᠬᠦ ᠬᠡᠷᠡᠭᠲᠡᠢ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ | ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠨ ᠦᠨᠡᠨ ᠪᠣᠳᠠᠲᠤ ᠬᠡᠷᠡᠭᠴᠡᠭᠡ ᠲᠠᠢ ᠪᠣᠯᠪᠠᠰᠤᠷᠠᠯ ᠥᠷᠨᠢᠭᠦᠯᠬᠦ | ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ | ᠤᠯᠠᠨ ᠲᠦᠮᠡᠨ ᠢ ᠬᠠᠪᠰᠤᠷᠴᠤ ᠠᠵᠢᠯ ᠣᠯᠭᠤᠬᠤ ᠶᠢ ᠴᠢᠬᠤᠯᠠ ᠠᠵᠢᠯ ᠪᠤᠯᠭᠠᠵᠤ᠂ ᠠᠵᠢᠯ ᠣᠯᠭᠤᠬᠤ ᠶᠢ ᠵᠣᠬᠢᠶᠠᠨ | ᠪᠠᠶᠢᠭᠤᠯᠬᠤ ᠪᠠ ᠠᠵᠢᠯ ᠣᠯᠬᠤ ᠳᠤ ᠦᠢᠯᠡᠴᠢᠯᠡᠬᠦ ᠶᠢ ᠰᠠᠶᠢᠲᠤᠷ ᠬᠢᠬᠦ ᠬᠡᠷᠡᠭᠲᠡᠢ᠃ | ᠳᠥᠷᠪᠡ ᠳᠤ᠂ ᠤᠰᠤ ᠠᠷᠪᠢᠯᠠᠬᠤ ᠠᠵᠢᠯᠯᠠᠭ᠎ᠠ᠃ | ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠶᠢ | ᠶᠡᠬᠡᠪᠡᠷ ᠠᠬᠢᠭᠤᠯᠬᠤ ᠬᠡᠷᠡᠭᠲᠡᠢ᠃ | ᠬᠡᠪ ᠤᠨ ᠪᠤᠰᠤ ᠤᠰᠤ ᠶᠢ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ | ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ ᠤᠰᠤ ᠠᠷᠪᠢᠯᠠᠬᠤ ᠦᠷ᠎ᠡ ᠪᠦᠳᠦᠮᠵᠢ ᠶᠢ | ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ | ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠃ | ᠣᠷᠣᠰ ᠮᠣᠩᠭᠤᠯ ᠯᠤᠭ᠎ᠠ ᠶᠢᠨ ᠨᠡᠭᠡᠭᠡᠯᠲᠡ ᠶᠢ ᠤᠯᠠᠮ ᠥᠷᠭᠡᠳᠬᠡᠨ᠎ᠡ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠪᠣᠯᠣᠨ ᠵᠡᠭᠦᠨ ᠬᠤᠶᠢᠲᠤ ᠣᠷᠣᠨ ᠤ ᠭᠤᠷᠪᠠᠨ ᠮᠤᠵᠢ ᠵᠡᠷᠭᠡ ᠭᠠᠵᠠᠷ | ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ | ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠵᠦᠷᠢᠶᠡᠴᠢᠯᠡᠭᠰᠡᠨ ᠵᠣᠬᠢᠴᠠᠩᠭᠤᠢ | ᠬᠥᠭᠵᠢᠯᠲᠡ ᠶᠢ ᠠᠬᠢᠭᠤᠯᠤᠨ᠎ᠠ᠃ | ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ᠃ | ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠨ ᠦᠵᠡᠭᠦᠯᠭᠦ ᠶᠢ ᠴᠢᠩᠭᠠᠳᠬᠠᠨ᠎ᠠ᠃ | ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠨ᠎ᠠ᠃ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠤᠮᠠᠷᠠᠲᠤ ᠬᠢᠯᠢ ᠶᠢᠨ ᠰᠣᠶᠣᠯ ᠢ ᠨᠠᠩ ᠨᠡᠷ᠎ᠡ ᠠᠯᠳᠠᠷᠰᠢᠭᠤᠯᠬᠤ ᠪᠠ ᠲᠠᠲᠠᠬᠤ ᠬᠦᠴᠦᠨ ᠲᠠᠢ ᠪᠣᠯᠭᠠᠨ᠎ᠠ᠃ | |