﹇ᠤᠮᠠᠷᠠᠲᠤ ᠬᠢᠯᠢ ᠶᠢᠨ ᠰᠣᠶᠣᠯ﹈ ᠮᠢᠩᠭᠠᠨ ᠣᠨ ᠤ ᠲᠡᠦᠬᠡ ᠶᠢ ᠠᠴᠢᠶᠠᠯᠠᠭᠰᠠᠨ ᠡᠵᠡᠨ᠎ᠡ ᠮᠦᠽᠧᠢ
ᠨᠡᠶᠢᠲᠡᠯᠡᠭᠰᠡᠨ ᠴᠠᠭ᠄
2025/5/20
          ᠪᠤᠤ ᠢᠦᠢ ᠶᠢᠩ           ᠰᠦᠩ ᠱᠤᠸᠠᠩ           ᠵᠢᠦᠢ ᠶᠠᠨ ᠤ ᠪᠠᠭᠤᠷᠢ ᠶᠢᠨ ᠬᠠᠭᠤᠴᠢ ᠦᠯᠡᠳᠡᠭᠳᠡᠯ᠂ ᠶᠢᠨ ᠤ ᠪᠠᠭᠤᠷᠢ ᠶᠢᠨ ᠶᠠᠰᠤᠨ ᠪᠢᠴᠢᠭ᠂ ᠳ᠋ᠦᠨᠬᠤᠸᠠᠩ ᠤᠨ ᠦᠯᠡᠳᠡᠭᠳᠡᠯ ᠪᠢᠴᠢᠭ᠂ ᠮᠢᠩ ᠴᠢᠩ ᠤᠨ ᠦᠶ᠎ᠡ ᠶᠢᠨ ᠰᠠᠶᠢᠳ ᠨᠠᠷ ᠤᠨ ᠵᠥᠪᠯᠡᠯ ᠤᠨ ᠳᠠᠩᠰᠠ ᠡᠪᠬᠡᠮᠡᠯ ᠁ ᠡᠵᠡᠨ᠎ᠡ ᠮᠦᠽᠧᠢ ᠳᠤ ᠬᠠᠳᠠᠭᠠᠯᠠᠭᠳᠠᠵᠤ ᠪᠦᠬᠦᠢ ᠦᠢ ᠤᠯᠠᠨ ᠲᠡᠦᠬᠡ ᠶᠢᠨ ᠳᠤᠷᠠᠰᠬᠠᠯᠲᠤ ᠵᠦᠢᠯᠡᠰ ᠎ ᠨᠢ ᠡᠵᠡᠨ᠎ᠡ ᠨᠤᠲᠤᠭ ᠤᠨ ᠥᠨᠢ ᠤᠳᠠᠭᠠᠨ ᠪᠥᠭᠡᠳ ᠡᠴᠢᠨ᠎ᠡ ᠨᠢᠭᠤᠴᠠᠭᠠᠢ ᠰᠣᠶᠣᠯ ᠲᠡᠦᠬᠡ ᠶᠢ ᠬᠦᠦᠷᠨᠢᠨ ᠥᠭᠦᠯᠡᠨ᠎ᠡ᠃          ᠮᠢᠩᠭᠠᠨ ᠣᠨ ᠤ ᠲᠡᠦᠬᠡ ᠶᠢ ᠠᠴᠢᠶᠠᠯᠠᠭᠰᠠᠨ ᠡᠵᠡᠨ᠎ᠡ ᠮᠦᠽᠧᠢ 2012 ᠣᠨ ᠤ 5 ᠰᠠᠷ᠎ᠠ ᠳᠤ ᠡᠭᠦᠳᠡ ᠪᠠᠨ ᠨᠡᠭᠡᠭᠡᠵᠦ ᠡᠷᠤᠭᠡ ᠪᠠᠨ ᠰᠡᠬᠦᠭᠰᠡᠨ ᠠᠴᠠ ᠨᠠᠭᠠᠰᠢ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠰᠣᠶᠣᠯ ᠢ ᠳᠡᠯᠭᠡᠨ ᠦᠵᠡᠭᠦᠯᠭᠦ ᠴᠢᠬᠤᠯᠠ ᠴᠣᠩᠬᠤᠪᠴᠢ ᠪᠣᠯᠤᠭᠰᠠᠨ ᠪᠠᠶᠢᠨ᠎ᠠ᠃ 9797 ᠲᠡᠭᠰᠢ ᠳᠥᠷᠪᠡᠯᠵᠢᠨ ᠮᠸᠲᠷ ᠲᠠᠯᠠᠪᠠᠢ ᠲᠠᠢ ᠲᠤᠰ ᠮᠦᠽᠧᠢ ᠨᠢ ᠡᠯᠪᠡᠭ ᠪᠠᠶᠠᠯᠢᠭ ᠮᠦᠽᠧᠢ ᠶᠢᠨ ᠬᠠᠳᠠᠭᠠᠯᠠᠮᠵᠢ ᠪᠠ ᠭᠤᠶᠢᠳᠠ ᠰᠠᠶᠢᠬᠠᠨ ᠦᠵᠡᠭᠦᠯᠭᠡ ᠪᠠᠷ ᠢᠶᠠᠨ ᠦᠢ ᠤᠯᠠᠨ ᠵᠢᠭᠤᠯᠴᠢᠯᠠᠬᠰᠠᠳ ᠢ ᠲᠠᠲᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ 2024 ᠣᠨ ᠳᠤ ᠪᠦᠭᠦ ᠣᠷᠣᠨ ᠤ ᠠᠩᠬᠠᠳᠠᠭᠴᠢ ᠪᠦᠯᠦᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠎ ᠢᠶᠠᠷ ᠨᠡᠷᠡᠶᠢᠳᠦᠭᠳᠡᠵᠦ᠂ ᠣᠶᠢᠷ᠎ᠠ ᠶᠢᠨ ᠬᠤᠭᠤᠴᠠᠭᠠᠨ ᠳᠤ ᠪᠠᠰᠠ ᠤᠯᠤᠰ ᠤᠨ ᠭᠤᠷᠪᠠᠳᠤᠭᠠᠷ ᠳᠡᠰ ᠤᠨ ᠮᠦᠽᠧᠢ ᠪᠣᠯᠵᠠᠢ᠃           ︽ᠡᠨᠡ ᠤᠳᠠᠭ᠎ᠠ ᠡᠵᠡᠨ᠎ᠡ ᠬᠤᠰᠢᠭᠤᠨ ᠳᠤ ᠢᠷᠡᠭᠡᠳ ᠡᠶᠢᠮᠦ ᠰᠠᠶᠢᠬᠠᠨ ᠦᠵᠡᠰᠭᠦᠯᠡᠩ ᠤᠨ ᠣᠷᠳᠣᠨ ᠎ ᠢᠶᠠᠷ ᠲᠣᠭᠤᠷᠢᠨ ᠦᠵᠡᠭᠡᠳ ᠮᠠᠰᠢ ᠪᠠᠶᠠᠷᠲᠠᠢ ᠪᠠᠶᠢᠨ᠎ᠠ᠂ ᠦᠵᠡᠰᠭᠦᠯᠡᠩ ᠤᠨ ᠠᠭᠤᠯᠭ᠎ᠠ ᠮᠠᠰᠢ ᠪᠠᠶᠠᠯᠢᠭ ᠪᠠᠶᠢᠵᠤ᠂ ᠪᠢᠳᠡ ᠡᠵᠡᠨ᠎ᠡ ᠬᠤᠰᠢᠭᠤᠨ ᠤ ᠲᠡᠦᠬᠡ ᠶᠢᠨ ᠬᠤᠪᠢᠰᠤᠯᠲᠠ ᠶᠢᠨ ᠲᠤᠬᠠᠢ ᠵᠣᠬᠢᠬᠤ ᠣᠶᠢᠯᠠᠭᠠᠯᠲᠠ ᠲᠠᠢ ᠪᠣᠯᠵᠠᠢ᠂ ᠡᠨᠡ ᠬᠦ ᠦᠵᠡᠰᠭᠦᠯᠡᠩ ᠤᠨ ᠣᠷᠳᠣᠨ ᠲᠤᠩ ᠦᠵᠡᠭᠦᠰᠢᠲᠡᠢ︾ ᠭᠡᠵᠦ ᠳ᠋ᠠᠯᠢᠶᠠᠨ ᠬᠤᠳᠠ ᠶᠢᠨ ᠵᠢᠭᠤᠯᠴᠢᠯᠠᠭᠴᠢ ᠵᠤᠤ ᠺᠦᠨ ᠴᠠᠭᠠᠨ ᠰᠠᠷ᠎ᠠ ᠠᠴᠠ ᠡᠮᠦᠨᠡᠬᠡᠨ ᠡᠵᠡᠨ᠎ᠡ ᠮᠦᠽᠧᠢ ᠪᠠᠷ ᠲᠣᠭᠤᠷᠢᠨᠦᠵᠡᠭᠡᠳ ᠰᠡᠳᠬᠢᠯ ᠳᠣᠭᠳᠣᠯᠤᠨ ᠶᠠᠷᠢᠵᠤ ᠪᠠᠶᠢᠯ᠎ᠠ᠃          ᠲᠡᠦᠬᠡᠨ ᠥᠯᠢᠭᠡᠷ ᠢ ᠰᠠᠶᠢᠲᠤᠷ ᠬᠦᠦᠷᠨᠢᠨ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ          ᠡᠵᠡᠨ᠎ᠡ ᠮᠦᠽᠧᠢ ᠳᠤ ᠳᠣᠮᠣᠭᠲᠤ ᠡᠵᠡᠨ᠎ᠡ ᠶᠢᠨ ᠭᠠᠶᠢᠬᠠᠮᠰᠢᠭᠲᠤ ᠥᠩᠭᠡ ᠦᠵᠡᠮᠵᠢ᠂ ᠵᠢᠦᠢ ᠶᠠᠨ ᠤ ᠣᠨ ᠰᠠᠷ᠎ᠠ᠂ ᠬᠠᠷ᠎ᠠ ᠭᠤᠣᠯ ᠤᠨ ᠤᠷᠤᠰᠬᠠᠯ᠂ ᠠᠷᠠᠳ ᠤᠨ ᠵᠠᠩ ᠦᠶᠯᠠ᠂ ᠡᠯᠡᠰᠦᠨ ᠴᠦᠯ ᠦᠦᠷ ᠤᠨ ᠲᠤᠶᠠᠭ᠎ᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠤᠨ ᠦᠵᠡᠭᠦᠯᠭᠡ ᠶᠢᠨ ᠲᠢᠩᠬᠢᠮ ᠵᠡᠷᠭᠡ 7 ᠦᠨᠳᠦᠰᠦᠨ ᠦᠵᠡᠭᠦᠯᠭᠡ ᠪᠠ 1 ᠲᠦᠷ ᠴᠠᠭ ᠤᠨ ᠦᠵᠡᠭᠦᠯᠭᠡ ᠶᠢᠨ ᠲᠢᠩᠬᠢᠮ ᠪᠠᠶᠢᠵᠤ᠂ ᠡᠵᠡᠨ᠎ᠡ ᠬᠤᠰᠢᠭᠤᠨ ᠤ ᠭᠠᠵᠠᠷ ᠰᠢᠨᠵᠢᠯᠡᠭᠡᠨ᠂ ᠠᠳᠠᠯᠢ ᠪᠤᠰᠤ ᠲᠡᠦᠬᠡᠨ ᠴᠠᠭ ᠦᠶ᠎ᠡ ᠶᠢᠨ ᠤᠯᠤᠰ ᠲᠥᠷᠥ᠂ ᠴᠡᠷᠢᠭ ᠤᠨ ᠶᠠᠪᠤᠳᠠᠯ᠂ ᠠᠵᠤ ᠠᠬᠤᠢ ᠵᠢᠴᠢ ᠦᠨᠳᠦᠰᠦᠲᠡᠨ ᠤ ᠬᠠᠷᠢᠴᠠᠭᠠᠨ ᠤ ᠲᠡᠦᠬᠡ᠂ ᠠᠷᠠᠳ ᠤᠨ ᠵᠠᠩ ᠦᠶᠯᠡ᠂ ᠣᠶᠢᠷ᠎ᠠ ᠦᠶ᠎ᠡ ᠶᠢᠨ ᠲᠦᠷᠢᠮᠡᠬᠡᠶᠢᠯᠡᠯ ᠢ ᠡᠰᠡᠷᠭᠦᠴᠡᠬᠦ ᠪᠠ ᠴᠢᠯᠦᠭᠡᠯᠡᠯᠲᠡ ᠶᠢᠨ ᠲᠠᠶᠢᠨ ᠤ ᠲᠡᠦᠬᠡ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠭᠤᠯᠭ᠎ᠠ ᠶᠢ ᠬᠠᠮᠤᠷᠴᠤ᠂ ᠦᠨᠳᠦᠰᠦᠲᠡᠨ ᠨᠦᠭᠦᠳ ᠤᠨ ᠤᠷᠳᠤ ᠬᠤᠭᠤᠴᠠᠭᠠᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠶᠠᠪᠤᠴᠠ ᠳᠤ ᠡᠭᠦᠳᠦᠨ ᠪᠦᠲᠦᠭᠡᠭᠰᠡᠨ ᠡᠯᠪᠡᠭ ᠪᠠᠶᠠᠯᠢᠭ ᠪᠣᠳᠠᠰ ᠤᠨ ᠰᠣᠶᠣᠯ ᠪᠣᠯᠣᠨ ᠡᠷᠬᠢᠮ ᠨᠠᠨᠳᠢᠨ ᠤᠶᠤᠨ ᠤ ᠡᠬᠢ ᠪᠠᠶᠠᠯᠢᠭ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠳᠤ ᠡᠬᠢ ᠪᠠᠶᠠᠯᠢᠭ ᠤᠨ ᠪᠠᠲᠤᠯᠠᠭ᠎ᠠ ᠬᠠᠩᠭᠠᠪᠠ᠃          ᠡᠵᠡᠨ᠎ᠡ ᠮᠦᠽᠧᠢ ᠦᠨᠳᠦᠰᠦᠲᠡᠨ ᠤ ᠪᠦᠯᠬᠦᠮᠳᠡᠯ ᠢ ᠬᠠᠷᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠭᠦᠢᠴᠡᠳ ᠠᠭᠤᠳᠠᠯᠵᠤ᠂ ᠨᠡᠶᠢᠳᠡ 5379 ᠢᠵᠢ ᠲᠡᠦᠬᠡᠨ ᠳᠤᠷᠠᠰᠬᠠᠯᠲᠤ ᠵᠦᠢᠯᠡᠰ ᠢ ᠴᠤᠭᠯᠠᠭᠤᠯᠤᠨ ᠡᠯ᠎ᠡ ᠭᠠᠵᠠᠷ ᠤᠨ ᠵᠢᠭᠤᠯᠴᠢᠯᠠᠬᠰᠠᠳ ᠲᠤ ᠳᠡᠯᠭᠡᠨ ᠦᠵᠡᠭᠦᠯᠵᠦ ᠪᠤᠢ᠂ ᠡᠭᠦᠨ ᠳᠤ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠨᠡᠶᠢᠲᠡ 116 ᠢᠵᠢ ︵ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ 19᠂ ᠬᠤᠶᠠᠳᠤᠭᠠᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ 47 ᠢᠵᠢ᠂ ᠭᠤᠷᠪᠠᠳᠤᠭᠠᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ 50 ᠢᠵᠢ︶ ᠪᠠᠶᠢᠵᠤ᠂ ᠴᠠᠭ ᠤᠨ ᠲᠠᠯ᠎ᠠ ᠪᠠᠷ 3600 ᠵᠢᠯ ᠢ ᠰᠤᠨᠳᠠᠯᠠᠵᠤ᠂ ᠶᠡᠷᠦᠩᠬᠡᠢ ᠲᠤᠭ᠎ᠠ ᠬᠡᠮᠵᠢᠶ᠎ᠡ ᠨᠢ ᠣᠯᠠᠨ᠂ ᠲᠥᠷᠥᠯ ᠵᠦᠢᠯ ᠨᠢ ᠪᠦᠷᠢᠨ᠂ ᠴᠢᠨᠠᠷ ᠳᠡᠰ᠂ ᠦᠨ᠎ᠡ ᠥᠷᠲᠡᠭ ᠨᠢ ᠥᠨᠳᠥᠷ ᠪᠠᠶᠢᠳᠠᠭ᠃ 2022 ᠣᠨ ᠳᠤ ᠰᠢᠨ᠎ᠡ ᠪᠠᠷ ᠪᠠᠶᠢᠭᠤᠯᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠦᠵᠡᠭᠦᠯᠭᠡ ᠶᠢᠨ ᠲᠢᠩᠬᠢᠮ ᠤᠨ ᠶᠡᠷᠦᠩᠬᠡᠢ ᠲᠠᠯᠠᠪᠠᠢ ᠎ ᠨᠢ 170 ᠲᠡᠭᠰᠢ ᠳᠥᠷᠪᠡᠯᠵᠢᠨ ᠮᠸᠲᠷ ᠰᠢᠬᠠᠮ ᠪᠠᠶᠢᠵᠤ᠂ ᠲᠡᠦᠬᠡ ᠶᠢᠨ ᠮᠠᠲ᠋ᠧᠷᠢᠶᠠᠯ ᠢ ᠭᠦᠢᠴᠡᠳ ᠠᠰᠢᠭᠯᠠᠵᠤ᠂ ᠦᠰᠦᠭ ᠪᠢᠴᠢᠭ᠂ ᠭᠡᠷᠡᠯ ᠵᠢᠷᠤᠭ᠂ ᠸᠢᠳᠢᠤ᠋ ᠵᠡᠷᠭᠡ ᠪᠠᠷ ᠳᠠᠮᠵᠢᠨ ︽ᠲᠣᠷᠭᠤᠳᠴᠤᠳ ᠳᠣᠷᠣᠨᠠᠰᠢ ᠪᠤᠴᠠᠭᠰᠠᠨ ᠨᠢ︾ ᠂ ︽ᠬᠤᠰᠢᠭᠤᠨ ᠲᠥᠪ ᠢᠶᠠᠨ ᠭᠤᠷᠪᠠᠨᠲᠠ ᠨᠡᠭᠦᠯᠭᠡᠵᠦ - ᠬᠠᠮᠤᠭ ᠤᠨ ᠥᠩ ᠰᠢᠮᠡᠯᠢᠭ ᠨᠤᠲᠤᠭ ᠪᠡᠯᠴᠢᠭᠡᠷ ᠢᠶᠠᠨ ᠰᠠᠨᠰᠠᠷ ᠤᠨ ᠠᠶᠠᠯᠠᠯ ᠳᠤ ᠵᠣᠷᠢᠭᠤᠯᠤᠭᠰᠠᠨ ᠨᠢ︾ ᠵᠡᠷᠭᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠭᠦᠨᠵᠡᠭᠡᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠨᠡᠮᠡᠷᠢᠯᠡᠪᠡ᠃          ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠵᠤ ᠪᠦᠯᠬᠦᠮᠳᠡᠯ ᠨᠢᠭᠲᠠᠷᠠᠯ ᠢ ᠴᠢᠩᠭᠠᠳᠬᠠᠨ᠎ᠠ          ᠡᠵᠡᠨ᠎ᠡ ᠮᠦᠽᠧᠢ ᠶᠢᠨ ᠬᠢᠨ ᠦᠵᠡᠭᠦᠯᠭᠡ ᠶᠢᠨ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠵᠦ ᠳᠤᠮᠳᠠᠳᠤ ᠎ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠤᠯᠠᠮᠵᠢᠯᠠᠨ ᠬᠥᠭᠵᠢᠭᠦᠯᠵᠡᠢ᠃ ︽ᠳᠤᠮᠳᠠᠳᠤ ᠶᠢᠨ ᠯᠣᠣ ᠶᠢᠨ ᠰᠣᠶᠣᠯ ᠤᠨ ᠵᠠᠭᠤᠨ ᠣᠷᠳᠣᠨ ᠤ ᠬᠠᠮᠲᠤᠷᠠᠭᠰᠠᠨ ᠦᠵᠡᠰᠭᠦᠯᠡᠩ︾᠂ ︽ᠾᠧᠨᠠᠨ ᠤ ᠠᠨ ᠶᠠᠩ ᠤᠨ ᠮᠣᠳᠣᠨ ᠪᠠᠷ ᠤᠨ ᠵᠢᠷᠤᠭ ᠤᠨ ᠦᠵᠡᠰᠭᠦᠯᠡᠩ︾᠂ ︽ᠲᠠᠩᠰᠤᠭ ᠰᠠᠶᠢᠬᠠᠨ ᠠᠯᠠᠱᠠ - ᠠᠷᠠᠳ ᠤᠨ ᠵᠠᠩ ᠦᠢᠯᠡ ᠎ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠦᠵᠡᠰᠭᠦᠯᠡᠩ︾᠂ ︽ᠠᠯᠠᠱᠠ ᠶᠢᠨ ᠭᠤᠶᠢᠳᠠ ᠦᠵᠡᠮᠵᠢ - ᠬᠠᠲᠠᠨ ᠵᠢᠷᠤᠭ ᠵᠢᠴᠢ ᠵᠢᠦᠢ ᠶᠠᠨ ᠤ ᠬᠠᠭᠤᠴᠢ ᠤᠷᠠᠯᠢᠭ ᠣᠨ ᠦᠵᠡᠰᠭᠦᠯᠠᠩ︾ ᠵᠡᠷᠭᠡ ᠤᠯᠠᠨ ᠬᠠᠷᠠᠭᠠᠰᠤ ᠠᠴᠠ ᠳᠤᠮᠳᠠᠳᠤ ᠎ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠨᠢᠭᠲᠠᠷᠠᠯ ᠢ ᠴᠢᠩᠭᠠᠳᠬᠠᠵᠤ ᠪᠠᠶᠢᠨ᠎ᠠ᠃          ᠬᠥᠮᠦᠵᠢᠯ ᠦᠢᠯᠡᠳᠦᠯᠭᠡ ᠶᠢᠨ ᠪᠠᠶᠠᠯᠢᠭ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠴᠢᠩᠭᠠᠳᠬᠠᠪᠠ᠃ ᠨᠡᠶᠢᠭᠡᠮ ᠤᠨ ᠪᠦᠯᠭᠦᠮ᠂ ᠪᠠᠶᠢᠭᠤᠯᠭ᠎ᠠ ᠨᠢᠭᠡᠴᠢ ᠶᠢᠨ ᠬᠡᠷᠡᠭᠴᠡᠭᠡ ᠱᠠᠭᠠᠷᠳᠠᠯᠭ᠎ᠠ ᠠᠴᠠ ︽ᠨᠠᠮ ᠤᠨ ᠰᠠᠬᠢᠯᠭ᠎ᠠ ᠪᠠᠲᠤ ᠎ ᠶᠢ ᠴᠢᠩᠳᠠᠯᠠᠬᠤ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ︾ ᠭᠠᠷᠭᠠᠵᠤ᠂ ᠲᠤᠰᠬᠠᠢ ᠮᠡᠷᠭᠡᠵᠢᠯᠲᠡᠨ ᠪᠠ ᠪᠠᠭᠰᠢ ᠶᠢ ᠤᠷᠢᠵᠤ ᠲᠤᠰᠬᠠᠢ ᠰᠡᠳᠦᠪᠲᠦ ᠲᠠᠶᠢᠯᠤᠮᠵᠢ᠂ ᠭᠤᠣᠯ ᠰᠡᠳᠦᠪᠲᠦ ᠤᠬᠠᠭᠤᠯᠭ᠎ᠠ ᠪᠠ ᠬᠠᠷ᠎ᠠ ᠬᠤᠲᠠ ᠶᠢᠨ ᠪᠠᠭᠤᠷᠢ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠪᠡ᠃          ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠢᠶᠠᠷ ᠠᠴᠢᠶᠠᠯᠠᠪᠤᠷᠢ ᠪᠤᠯᠭᠠᠵᠤ᠂ ︽ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ︾᠂ ︽ᠯᠣᠣ ᠳᠡᠭᠦᠯᠢᠵᠦ ᠰᠢᠨ᠎ᠡ ᠵᠢᠯ ᠢᠶᠠᠨ ᠤᠭᠲᠤᠬᠤ︾᠂ ︽ᠴᠠᠭᠠᠨ ᠰᠠᠷ᠎ᠠ ᠶᠢᠨ ᠠᠷᠪᠠᠨ ᠲᠠᠪᠤᠨ ᠳᠤ ᠳ᠋ᠧᠩ ᠤᠨ ᠣᠨᠢᠰᠤᠭ᠎ᠠ ᠲᠠᠭᠠᠬᠤ︾ ᠵᠡᠷᠭᠡ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠦᠵᠡᠰᠭᠦᠯᠡᠩ᠂ ᠴᠠᠭᠠᠰᠤᠨ ᠬᠠᠶᠢᠴᠢᠯᠠᠮᠠᠯ᠂ ᠥᠩᠭᠡᠲᠦ ᠵᠢᠷᠤᠭ ᠤᠨ ᠸᠠᠭᠠᠷ ᠤᠨ ᠤᠷᠠᠯᠢᠭ᠂ ᠳ᠋ᠧᠩ ᠤᠨ ᠣᠨᠢᠰᠤᠭ᠎ᠠ ᠲᠠᠭᠠᠬᠤ᠂ ᠴᠠᠭᠠᠨ ᠰᠠᠷ᠎ᠠ ᠎ ᠶᠢᠨ ᠬᠤᠣᠰ ᠤᠶᠠᠩᠭ᠎ᠠ ᠪᠢᠴᠢᠬᠦ ᠵᠡᠷᠭᠡ ᠭᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠡᠢ᠃          ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠵᠤ ᠲᠤᠮᠳᠠᠳᠤ ᠶᠢᠨ ᠪᠣᠯᠪᠠᠰᠤᠨ ᠢ ᠭᠡᠷᠡᠯᠳᠦᠭᠦᠯᠦᠨ᠎ᠡ          ᠡᠵᠡᠨ᠎ᠡ ᠮᠦᠽᠧᠢ ᠰᠤᠳᠤᠯᠭᠠᠨ ᠤ ᠡᠷᠴᠢᠮ ᠢᠶᠠᠨ ᠴᠢᠩᠭᠠᠷᠠᠭᠤᠯᠵᠤ ᠦᠷ᠎ᠡ ᠪᠦᠲᠦᠭᠡᠯ ᠢ ᠤᠯᠠᠷᠢᠭᠤᠯᠬᠤ ᠎ ᠶᠢ ᠴᠢᠬᠤᠯᠠᠴᠢᠯᠠᠨ ᠵᠢᠦᠢ ᠶᠠᠨ ᠤ ᠰᠣᠶᠣᠯ᠂ ᠲᠣᠷᠭᠤᠳᠴᠤᠳ ᠳᠣᠷᠣᠨᠠᠰᠢ ᠪᠤᠴᠠᠭᠰᠠᠨ ᠵᠡᠷᠭᠡ ᠳᠠᠪᠠᠭᠤᠯᠢᠭ ᠡᠬᠢ ᠪᠠᠶᠠᠯᠢᠭ ᠲᠠᠭᠠᠨ ᠰᠠᠭᠤᠷᠢᠯᠠᠵᠤ᠂ ᠮᠤᠵᠢ ᠶᠢᠨ ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠤᠭᠠᠯᠠᠨ ᠬᠤᠶᠠᠳᠤᠭᠠᠷ ᠬᠤᠭᠤᠴᠠᠭᠠᠨ ᠤ ᠵᠢᠦᠢ ᠶᠠᠨ ᠤ ᠰᠣᠶᠣᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠵᠢᠴᠢ ᠪᠠᠷᠠᠭᠤᠨ ᠰᠢᠶᠠ ᠶᠤᠸᠠᠨ ᠤᠯᠤᠰ ᠤᠨ ᠬᠠᠷ᠎ᠠ ᠬᠤᠳᠠ ᠶᠢᠨ ᠲᠡᠦᠬᠡ ᠰᠣᠶᠣᠯ ᠤᠨ ᠰᠤᠳᠤᠯᠭᠠᠨ ᠤ ᠡᠷᠳᠡᠮ ᠰᠢᠨᠵᠢᠯᠡᠭᠡᠨ ᠤ ᠬᠤᠷᠠᠯ᠂ ᠡᠵᠡᠨ᠎ᠡ ᠬᠤᠰᠢᠭᠤᠨ ᠤ ᠲᠣᠷᠭᠤᠳᠴᠤᠳ ᠤᠨ ᠲᠡᠦᠬᠡ ᠰᠣᠶᠣᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ᠂ ᠵᠢᠦᠢ ᠶᠠᠨ ᠤ ᠪᠠᠭᠤᠷᠢ ᠶᠢᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ᠂ ᠡᠬᠡ ᠪᠠᠶᠢᠭᠠᠯᠢ ᠲᠠᠢ ᠬᠠᠮᠲᠤ ᠣᠷᠣᠰᠢᠬᠤᠢ ᠵᠡᠷᠭᠡ ᠰᠢᠷᠢᠰ ᠡᠷᠳᠡᠮ ᠰᠢᠨᠵᠢᠯᠡᠭᠡᠨ ᠤ ᠠᠵᠢᠯᠯᠠᠭ᠎ᠠ ᠶᠢ ᠡᠷᠭᠢᠯᠡᠵᠦ᠂ ︽ᠡᠵᠡᠨ᠎ᠡ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ︾᠎ ᠢ ᠬᠡᠪᠯᠡᠭᠦᠯᠦᠨ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠᠬᠢ ᠲᠡᠦᠬᠡ ᠎ ᠶᠢᠨ ᠳᠤᠷᠠᠰᠬᠠᠯᠲᠤ ᠵᠦᠢᠯᠡᠰ ᠤᠨ ᠦᠨ᠎ᠡ ᠦᠷᠳᠡᠭ ᠢ ᠭᠦᠨᠵᠡᠭᠡᠢ ᠰᠤᠳᠤᠯᠤᠨ ᠠᠭᠤᠳᠠᠯᠵᠠᠢ᠃           ︽ᠨᠡᠶᠢᠲᠡᠯᠢᠭ ᠴᠢᠨᠠᠷ︾᠂ ︽ᠠᠭᠤᠰᠤᠯᠴᠠᠯ ᠤᠨ ᠴᠢᠨᠠᠷ︾ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ᠂ ᠡᠷᠲᠡᠨ ᠤ ᠨᠣᠮ ᠰᠤᠳᠤᠷ ᠪᠠ ᠲᠡᠦᠬᠡ ᠶᠢᠨ ᠪᠣᠳᠠᠲᠤ ᠶᠠᠪᠤᠳᠠᠯ ᠢ ᠭᠦᠨᠵᠡᠭᠡᠢ ᠠᠭᠤᠳᠠᠯᠵᠤ᠂ ︽ᠵᠢᠦᠢ ᠶᠠᠨ ᠤ ᠪᠠᠭᠤᠷᠢ︾ ᠵᠡᠷᠭᠡ ᠤᠬᠠᠭᠤᠯᠭ᠎ᠠ ᠶᠢᠨ ᠹᠢᠯᠢᠮ ᠢ ᠰᠡᠭᠦᠳᠡᠷᠯᠡᠨ ᠦᠢᠯᠡᠳᠴᠦ ᠲᠥᠪ ᠤᠨ ᠲᠧᠯᠸᠢᠰ ᠢᠶᠠᠷ ᠨᠡᠪᠲᠡᠷᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠲᠠᠢ ᠬᠠᠮᠵᠢᠯᠴᠠᠨ ︽ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠳᠣᠣᠷ᠎ᠠ ᠪᠦᠷᠢᠯᠳᠦᠭᠰᠡᠨ ᠵᠢᠦᠢ ᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠪᠠ ᠡᠮᠬᠢᠳᠬᠡᠯ︾ ᠭᠡᠬᠦ ᠰᠤᠳᠤᠯᠭᠠᠨ ᠤ ᠲᠥᠷᠥᠯ ᠵᠦᠢᠯ ᠢ ᠡᠬᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠵᠤ᠂ ᠲᠡᠦᠬᠡ ᠎ ᠶᠢᠨ ᠳᠤᠷᠠᠰᠬᠠᠯᠲᠤ ᠵᠦᠢᠯᠡᠰ ᠲᠤ ᠠᠴᠢᠶᠠᠯᠠᠵᠤ ᠪᠦᠬᠦᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠥᠯᠢᠭᠡᠷ ᠢ ᠰᠠᠶᠢᠲᠤᠷ ᠶᠠᠷᠢᠪᠠ᠃ ᠰᠦᠯᠵᠢᠶᠡᠨ ᠥᠷᠲᠡᠭᠡ᠂ ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠡᠬᠢ ᠪᠠᠶᠠᠯᠢᠭ ᠤᠨ ᠤᠯᠠᠮᠵᠢᠯᠠᠬᠤ ᠬᠡᠪᠴᠢᠶ᠎ᠡ ᠶᠢ ᠥᠷᠭᠡᠳᠬᠡᠵᠦ᠂ ᠨᠡᠶᠢᠲᠡᠯᠢᠭ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠭᠤᠣᠯ ᠰᠡᠳᠦᠪᠲᠦ ᠵᠣᠬᠢᠶᠠᠨ ᠪᠦᠲᠦᠭᠡᠯᠭᠡ ᠳᠤ ᠲᠦᠰᠢᠭᠯᠡᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠶᠠᠷᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠠᠢ᠃           ︽ᠡᠵᠡᠨ᠎ᠡ ᠮᠦᠽᠧᠢ ᠶᠢᠨ ᠶᠡᠭᠡ ᠬᠡᠮᠵᠢᠶᠡᠨ ᠤ ᠬᠠᠳᠠᠭᠠᠯᠠᠮᠵᠢ ᠪᠣᠯ ᠭᠦᠨ ᠵᠤᠵᠠᠭᠠᠨ ᠲᠡᠦᠬᠡ ᠰᠣᠶᠣᠯ ᠮᠥᠨ᠂ ᠣᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠭᠡᠷᠡᠴᠢ ᠪᠤᠶᠤ ᠤᠯ᠎ᠠ ᠮᠥᠷ ᠮᠥᠨ᠃ ᠡᠵᠡᠨ᠎ᠡ ᠮᠦᠽᠧᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠎ ᠪᠠᠷ ᠠᠵᠢᠯ ᠤᠨ ᠭᠤᠣᠯ ᠰᠢᠵᠢᠮ ᠢᠶᠠᠨ ᠪᠤᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠰᠣᠶᠣᠯ ᠪᠣᠯᠣᠨ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠰᠠᠶᠢᠲᠤᠷ ᠠᠰᠢᠭᠯᠠᠵᠤ︿ᠮᠦᠽᠧᠢ +ᠬᠠᠮᠤᠭ ᠤᠨ ᠥᠩ ᠰᠢᠮᠡᠯᠢᠭ ᠨᠤᠲᠤᠭ ᠪᠡᠯᠴᠢᠭᠡᠷ ᠢᠶᠠᠨ ᠰᠠᠨᠰᠠᠷ ᠤᠨ ᠠᠶᠠᠯᠠᠯ ᠳᠤ ᠵᠣᠷᠢᠭᠤᠯᠤᠭᠰᠠᠨ ᠨᠢ﹀ᠭᠡᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠲᠤ ᠴᠣᠭᠴᠠᠯᠠᠵᠤ᠂ ᠦᠵᠡᠭᠦᠯᠭᠡ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠡᠷᠭᠡ ᠪᠠᠷ ᠳᠠᠮᠵᠢᠨ ᠬᠥᠮᠥᠰ ᠲᠤ ᠵᠥᠭᠡᠯᠡᠨ ᠬᠤᠷ᠎ᠠ ᠲᠦᠮᠡᠨ ᠪᠣᠳᠠᠰ ᠢ ᠤᠮᠳᠠᠯᠠᠬᠤ ᠰᠢᠭ᠋ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠴᠢᠩᠭᠠᠳᠬᠠᠨ᠎ᠠ︾ ᠭᠡᠵᠦ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠣᠨ ᠡᠷᠭᠢᠯᠡᠭᠴᠢ᠂ ᠡᠵᠡᠨ᠎ᠡ ᠮᠦᠽᠧᠢ ᠶᠢᠨ ᠳᠠᠷᠤᠭ᠎ᠠ ᠲᠡᠮᠦᠷ ᠰᠤᠷᠪᠤᠯᠵᠢᠯᠠᠬᠴᠢ ᠳᠤ ᠶᠠᠷᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号