ᠬᠠᠷ᠎ᠠ ᠮᠢᠬ᠎ᠠ ᠢᠳᠡᠬᠦ ᠶᠢᠨ ᠰᠠᠶᠢᠨ ᠲᠠᠢ ᠲᠠᠯ᠎ᠠ
ᠨᠡᠶᠢᠲᠡᠯᠡᠭᠰᠡᠨ ᠴᠠᠭ᠄
2025/5/20
                             ᠨᠢᠭᠡ᠂ ᠲᠠᠷᠢᠬᠢ ᠲᠣᠯᠣᠭᠠᠢ ᠶᠢ ᠰᠡᠷᠭᠡᠭ ᠪᠣᠯᠭᠠᠨ᠎ᠠ᠃ ᠠᠮᠢᠳᠤ ᠪᠣᠳᠠᠰ ᠤᠨ ᠬᠤᠪᠢᠰᠤᠯ ᠤᠨ ᠤᠬᠠᠭᠳᠠᠬᠤᠨ ᠤ ᠦᠵᠡᠬᠦ ᠪᠠᠷ᠂ ᠬᠠᠷ᠎ᠠ ᠮᠢᠬ᠎ᠠ ᠶᠢᠨ ᠳᠣᠲᠣᠷ᠎ᠠ ᠠᠭᠤᠯᠤᠭᠳᠠᠵᠤ ᠪᠠᠶᠢᠭ᠎ᠠ ᠪᠣᠳᠠᠰ ᠨᠢ ᠶᠡᠭᠡ ᠲᠠᠷᠢᠬᠢᠨ ᠤ ᠬᠡᠮᠵᠢᠶ᠎ᠡ ᠶᠢ ᠶᠡᠬᠡᠰᠬᠡᠵᠦ᠂ ᠬᠥᠮᠥᠨ ᠲᠥᠷᠥᠯᠬᠢᠲᠡᠨ ᠢ ᠡᠪᠡᠰᠦᠨ ᠲᠡᠵᠢᠭᠡᠯᠲᠦ ᠰᠡᠷᠡᠯᠯᠢᠭ ᠲᠦᠷᠦᠯ ᠤᠨ ᠠᠮᠢᠳᠠᠨ ᠠᠴᠠ ᠢᠯᠭᠠᠭ᠎ᠠ ᠲᠠᠢ ᠪᠤᠯᠭᠠᠬᠰᠠᠨ ᠶᠤᠮ᠃ ᠬᠡᠳᠦᠶᠢᠪᠡᠷ ᠶᠡᠭᠡ ᠲᠠᠷᠢᠬᠢᠨ ᠤ ᠬᠦᠨᠳᠦ ᠶᠢᠨ ᠬᠡᠮᠵᠢᠶ᠎ᠡ ᠨᠢ ᠬᠥᠮᠥᠨ ᠲᠥᠷᠥᠯᠬᠢᠲᠡᠨ ᠤ ᠪᠡᠶ᠎ᠡ ᠶᠢᠨ ᠬᠦᠨᠳᠦ ᠶᠢᠨ ᠬᠡᠮᠵᠢᠶ᠎ᠡ ᠶᠢᠨ 2% ᠢ ᠯᠡ ᠡᠵᠡᠯᠡᠬᠦ ᠲᠡᠳᠦᠢ ᠪᠤᠯᠪᠠᠴᠦ ᠬᠠᠷᠢᠨ 20% ᠶᠢᠨ ᠡᠨᠧᠷᠭᠢ ᠶᠢ ᠡ᠊ᠨᠳᠡ ᠬᠡᠷᠡᠭᠰᠡᠵᠦ ᠪᠠᠶᠢᠳᠠᠭ᠂ ᠡᠭᠦᠨ ᠢ ᠶᠠᠭ ᠬᠠᠷ᠎ᠠ ᠮᠢᠬ᠎ᠠ ᠭᠦᠢᠴᠡᠳ ᠬᠠᠩᠭᠠᠵᠤ ᠪᠠᠶᠢᠳᠠᠭ ᠪᠠᠶᠢᠨ᠎ᠠ᠃ ᠡᠭᠦᠨ ᠤ ᠬᠠᠮᠲᠤ᠂ ᠬᠠᠷ᠎ᠠ ᠮᠢᠬ᠎ᠠ ᠨᠢ ᠬᠥᠮᠥᠨ ᠲᠥᠷᠥᠯᠬᠢᠲᠡᠨ ᠤ ᠶᠡᠭᠡ ᠲᠠᠷᠢᠬᠢᠨ ᠤ ᠪᠤᠶᠢᠵᠢᠯᠳᠠ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠳᠡᠭDHA ᠪᠣᠳᠠᠰ ᠬᠠᠩᠭᠠᠳᠠᠭ᠃          ᠬᠤᠶᠠᠷ᠂ ᠲᠠᠷᠬᠠᠯᠠᠭ᠎ᠠ ᠶᠢ ᠰᠠᠶᠢᠵᠢᠷᠠᠭᠤᠯᠤᠨ᠎ᠠ᠃ ᠬᠠᠷ᠎ᠠ ᠮᠢᠬᠠᠨ ᠳᠤ ᠶᠡᠭᠡ ᠬᠡᠮᠵᠢᠶᠡᠨ ᠤ ᠲᠡᠮᠦᠷ ᠪᠠ ᠴᠠᠶᠢᠷ ᠤᠨ ᠡᠯᠧᠮᠧᠨ᠋ᠲ ᠠᠭᠤᠯᠵᠤ᠂ ᠲᠡᠳᠡᠭᠡᠷ ᠨᠢ ᠬᠥᠮᠥᠨ ᠤ ᠪᠡᠶ᠎ᠡ ᠶᠢᠨ ᠡᠷᠡᠭᠦᠯ ᠴᠢᠭᠢᠷᠠᠭ ᠤᠨ ᠦᠯᠦ ᠬᠠᠯᠳᠠᠭᠠᠬᠤ ᠰᠢᠰᠲ᠋ᠧᠮ ᠳᠤ ᠲᠤᠲᠠᠭᠳᠠᠵᠤ ᠪᠣᠯᠣᠰᠢ ᠦᠭᠡᠢ ᠪᠣᠳᠠᠰ ᠪᠤᠯᠬᠤ ᠶᠤᠮ᠃ ᠡᠭᠦᠨ ᠠᠴᠠ ᠭᠠᠳᠠᠨ᠎ᠠ᠂ ᠬᠠᠷ᠎ᠠ ᠮᠢᠬᠠᠨ ᠳᠤ ᠪᠠᠰᠠ ᠡᠯᠪᠡᠭ ᠪᠠᠶᠠᠯᠢᠭ ᠸᠢᠲ᠋ᠠᠮᠢᠨD ᠪᠠ ᠸᠢᠲ᠋ᠠᠮᠢᠨA ᠡᠯᠧᠮᠧᠨ᠋ᠲ ᠠᠭᠤᠯᠳᠠᠭ᠂ ᠡᠨᠡ ᠨᠢ ᠬᠥᠮᠥᠨ ᠤ ᠪᠡᠶ᠎ᠡ ᠶᠢᠨ ᠡᠪᠡᠳᠴᠢᠨ ᠤ ᠪᠠᠺᠲ᠋ᠧᠷᠢ ᠶᠢ ᠡᠰᠡᠷᠭᠦᠴᠡᠬᠦ ᠳᠤ ᠬᠠᠪᠰᠤᠷᠤᠮᠵᠢ ᠪᠤᠯᠳᠠᠭ᠃          ᠭᠤᠷᠪᠠ᠂ ᠶᠠᠳᠠᠷᠠᠯ ᠢ ᠨᠠᠮᠳᠠᠭᠤᠯᠤᠨ᠎ᠠ᠃ ᠬᠠᠷ᠎ᠠ ᠮᠢᠬ᠎ᠠ ᠨᠢ ᠢᠳᠡᠰᠢ ᠶᠢᠨ ᠳᠣᠲᠣᠷᠠᠬᠢ ᠲᠡᠮᠦᠷ ᠤᠨ ᠬᠠᠮᠤᠭ ᠰᠠᠶᠢᠨ ᠢᠷᠡᠯᠲᠡ ᠨᠢ ᠪᠠᠶᠢᠵᠤ᠂ ᠬᠥᠮᠥᠨ ᠤ ᠪᠡᠶ᠎ᠡ ᠳᠤ ᠬᠡᠷᠡᠭᠰᠡᠳᠡᠭ ᠴᠢᠰᠤᠨ ᠤ ᠤᠯᠠᠭᠠᠨ ᠤᠭᠤᠷᠠᠭ ᠬᠠᠩᠭᠠᠬᠤ ᠳᠤ ᠲᠤᠰᠠᠲᠠᠢ᠃ ᠬᠠᠷ᠎ᠠ ᠮᠢᠬᠠᠨ ᠤ ᠳᠣᠲᠣᠷᠠᠬᠢ ᠲᠡᠮᠦᠷ ᠨᠢ ᠢᠳᠡᠰᠢᠨ ᠨᠣᠭᠤᠭ᠎ᠠ ᠪᠤᠶᠤ ᠲᠤᠰᠬᠠᠢ ᠨᠥᠬᠦᠪᠦᠷᠢᠯᠡᠬᠦ ᠡᠳ᠋ ᠤᠨ ᠳᠣᠲᠣᠷᠠᠬᠢ ᠲᠡᠮᠦᠷ ᠠᠴᠠ ᠬᠥᠮᠥᠨ ᠤ ᠪᠡᠶ᠎ᠡ ᠳᠤ ᠠᠮᠠᠷᠬᠠᠨ ᠰᠢᠩᠭᠡᠭᠡᠭᠳᠡᠳᠡᠭ᠃          ᠳᠥᠷᠪᠡ᠂ ᠪᠤᠯᠴᠢᠩ ᠰᠢᠷᠪᠦᠰᠦ ᠶᠢ ᠴᠢᠩᠭᠠᠷᠠᠭᠤᠯᠤᠨ᠎ᠠ᠃ ᠬᠠᠷ᠎ᠠ ᠮᠢᠬᠠᠨ ᠳᠤ ᠤᠭᠤᠷᠠᠭ ᠡᠯᠪᠡᠭ ᠠᠭᠤᠯᠳᠠᠭ᠂ ᠡᠨᠡ ᠨᠢ ᠬᠥᠮᠥᠨ ᠤ ᠪᠡᠶ᠎ᠡ ᠶᠢᠨ ᠳᠣᠲᠣᠷᠠᠬᠢ ᠪᠤᠯᠴᠢᠩ ᠰᠢᠷᠪᠦᠰᠦ ᠶᠢ ᠴᠢᠩᠭᠠᠷᠠᠭᠤᠯᠬᠤ ᠳᠤ ᠬᠡᠷᠡᠭᠰᠡᠳᠡᠭ ᠴᠢᠬᠤᠯᠠ ᠪᠣᠳᠠᠰ ᠪᠣᠯᠣᠨ᠎ᠠ᠃ ᠬᠠᠷ᠎ᠠ ᠮᠢᠬ᠎ᠠ ᠶᠢᠨ ᠳᠣᠲᠣᠷᠠᠬᠢ ᠪᠤᠯᠴᠢᠩ ᠤᠨ ᠬᠦᠴᠢᠯ ᠨᠢ ᠪᠤᠯᠴᠢᠩ ᠤᠨ ᠴᠢᠬᠤᠯᠠ ᠪᠦᠷᠢᠯᠳᠦᠭᠦᠨ ᠪᠣᠳᠠᠰ ᠪᠣᠯᠬᠤᠷ ᠪᠤᠯᠴᠢᠩ ᠤᠨ ᠥᠰᠦᠯᠲᠡ ᠳᠤ ᠬᠠᠩᠭᠠᠯᠲᠠ ᠲᠠᠢ ᠡᠨᠧᠷᠭᠢ ᠬᠠᠩᠭᠠᠳᠠᠭ᠃ ᠬᠤᠷᠤᠳ ᠤᠨ ᠳᠣᠲᠣᠷᠠᠬᠢ ᠤᠭᠤᠷᠠᠭ ᠤᠨ ᠶᠠᠰᠤ ᠴᠢᠨᠠᠷ ᠨᠢ ᠬᠠᠷ᠎ᠠ ᠮᠢᠬᠠᠨ ᠤ ᠳᠣᠲᠣᠷᠠᠬᠢ ᠤᠭᠤᠷᠠᠭ ᠲᠤ ᠬᠦᠷᠬᠦ ᠦᠭᠡᠢ ᠶᠤᠮ᠂ ᠬᠠᠷ᠎ᠠ ᠮᠢᠬ᠎ᠠ ᠶᠢᠨ ᠳᠣᠲᠣᠷ᠎ᠠ ᠬᠥᠮᠥᠨ ᠤ ᠪᠡᠶ᠎ᠡ ᠳᠤ ᠬᠡᠷᠡᠭᠰᠡᠬᠦ 8 ᠵᠦᠢᠯ ᠤᠨ ᠠᠮᠢᠨᠦ᠋ ᠬᠦᠴᠢᠯ ᠭᠦᠢᠴᠡᠳ ᠠᠭᠤᠯᠤᠭᠳᠠᠳᠠᠭ᠃ ᠡᠭᠦᠨ ᠠᠴᠠ ᠭᠠᠳᠠᠨ᠎ᠠ ᠬᠠᠷ᠎ᠠ ᠮᠢᠬᠠᠨ ᠤ ᠳᠣᠲᠣᠷ᠎ᠠ ᠺᠠᠯᠼ ᠪᠠ ᠺᠠᠯᠢ ᠶᠡᠭᠡ ᠠᠭᠤᠯᠳᠠᠭ᠂ ᠡᠨᠡ ᠨᠢ ᠬᠥᠮᠥᠨ ᠤ ᠪᠡᠶ᠎ᠡ ᠶᠢᠨ ᠪᠤᠯᠴᠢᠩ ᠨᠡᠬᠡᠳᠡᠰᠦ ᠶᠢ ᠴᠢᠩᠭᠠᠷᠠᠭᠤᠯᠳᠠᠭ ᠴᠢᠬᠤᠯᠠ ᠮᠢᠨᠧᠷᠠᠯ ᠪᠣᠳᠠᠰ ᠪᠤᠯᠬᠤ ᠶᠤᠮ᠃          ᠲᠠᠪᠤ᠂ ᠴᠢᠰᠤᠨ ᠳᠠᠷᠤᠯᠲᠠ ᠶᠢ ᠳᠣᠷᠣᠭᠰᠢᠯᠠᠭᠤᠯᠤᠨ᠎ᠠ᠃ ᠣᠶᠢᠷ᠎ᠠ ᠶᠢᠨ ᠬᠤᠭᠤᠴᠠᠭᠠᠨ ᠤ ᠤᠯᠠᠨ ᠵᠦᠢᠯ ᠤᠨ ᠰᠤᠳᠤᠯᠤᠯᠲᠠ ᠪᠠᠷ᠂ ᠬᠠᠷ᠎ᠠ ᠮᠢᠬ᠎ᠠ ᠢᠳᠡᠪᠡᠯ ᠴᠢᠰᠤᠨ ᠳᠠᠷᠤᠯᠲᠠ ᠳᠤ ᠮᠠᠭᠤ ᠨᠥᠯᠥᠭᠡ ᠦᠵᠡᠭᠦᠯᠳᠡᠭ ᠦᠭᠡᠢ᠂ ᠬᠠᠷᠢᠨ ᠡᠰᠡᠷᠭᠦ ᠪᠠᠷ ᠬᠥᠮᠥᠰ ᠤᠨ ᠴᠢᠰᠤᠨ ᠳᠠᠷᠤᠯᠲᠠ ᠶᠢ ᠳᠣᠷᠣᠭᠰᠢᠯᠠᠭᠤᠯᠬᠤ ᠳᠤ ᠲᠤᠰᠠᠲᠠᠢ ᠭᠡᠵᠦ ᠲᠣᠳᠣᠷᠬᠠᠶᠢᠯᠠᠭᠰᠠᠨ ᠪᠠᠶᠢᠨ᠎ᠠ᠃        
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号