| 1. ᠦᠯᠡᠳᠡᠪᠦᠷᠢ ᠬᠤᠭᠤᠯᠠ ᠪᠠᠶᠢᠩᠭᠤ ᠢᠳᠡᠬᠦ᠃ ᠦᠯᠡᠳᠡᠪᠦᠷᠢ ᠬᠤᠭᠤᠯᠠ ᠨᠢ ᠰᠢᠮ᠎ᠡ ᠲᠡᠵᠢᠭᠡᠯ | ᠠᠯᠳᠠᠭᠳᠠᠭᠤᠯᠬᠤ ᠶᠢᠨ ᠳᠠᠭᠠᠤ ᠪᠠᠺᠲ᠋ᠧᠷᠢ ᠡᠭᠦᠰᠬᠡᠬᠦ ᠪᠥᠭᠡᠳ ᠦᠮᠡᠨ ᠡᠭᠦᠰᠬᠡᠳᠡᠭ ᠨᠢᠭᠡ ᠵᠦᠢᠯ ᠤᠨ ᠳᠤᠲᠠᠭᠤ ᠠᠽᠣᠲ | ᠬᠦᠴᠢᠯ ᠤᠨ ᠳᠠᠪᠤᠰᠤ ᠠᠭᠤᠯᠳᠠᠭ᠃ ᠣᠨᠴᠠᠭᠠᠶᠢᠯᠠᠨ ᠡᠳᠦᠷ ᠥᠨᠵᠢᠭᠰᠡᠨ ᠪᠡᠯᠡᠨ ᠨᠣᠭᠤᠭ᠎ᠠ ᠶᠢ ᠢᠳᠡᠵᠦ ᠪᠤᠯᠬᠤ ᠦᠭᠡᠢ᠃ | 2. ᠨᠣᠭᠤᠭ᠎ᠠ ᠵᠢᠮᠢᠰ ᠢ ᠲᠣᠭᠲᠠᠮᠠᠯ ᠬᠤᠭᠤᠴᠠᠭ᠎ᠠ ᠲᠠᠢ ᠢᠳᠡᠬᠦ ᠦᠭᠡᠢ ᠪᠠᠶᠢᠬᠤ᠃ ᠨᠣᠭᠤᠭ᠎ᠠ ᠵᠢᠮᠢᠰ ᠢᠳᠡᠬᠦ | ᠦᠭᠡᠢ ᠪᠣᠯ ᠬᠤᠳᠣᠭᠤᠳᠤ ᠭᠡᠳᠡᠰᠦᠨ ᠤ ᠰᠢᠨ᠎ᠡ ᠬᠠᠭᠤᠴᠢᠨ ᠤ ᠰᠣᠯᠢᠯᠴᠠᠭ᠎ᠠ ᠶᠢ ᠬᠠᠷᠰᠢᠯᠠᠵᠤ ᠬᠤᠳᠣᠭᠤᠳᠤᠨ ᠤ ᠦᠮᠡᠨ᠂ | ᠭᠡᠳᠡᠰᠦᠨ ᠤ ᠦᠮᠡᠨ ᠳᠤ ᠠᠮᠠᠷᠬᠠᠨ ᠨᠡᠷᠪᠡᠭᠳᠡᠵᠦ ᠮᠡᠳᠡᠨ᠎ᠡ᠂ ᠪᠢᠳᠡ ᠡᠳᠦᠷ ᠪᠣᠯᠭᠠᠨ ᠨᠠᠭᠠᠲᠤ ᠵᠠᠬ᠎ᠠ ᠳᠠᠭᠠᠨ 400 ᠭᠷᠡᠮ | ᠢᠳᠡᠰᠢᠨ ᠨᠣᠭᠤᠭ᠎ᠠ ᠪᠤᠶᠤ ᠭᠤᠸ᠎ᠠ ᠵᠢᠮᠢᠰ ᠢᠳᠡᠬᠦ ᠨᠢ ᠴᠢᠬᠤᠯᠠ᠃ | 3. ᠬᠥᠳᠡᠯᠭᠡᠭᠡᠨ ᠳᠤᠲᠠᠭᠳᠠᠬᠤ᠃ ᠤᠳᠠᠭᠠᠨ ᠰᠠᠭᠤᠵᠤ ᠬᠥᠳᠡᠯᠬᠦ ᠦᠭᠡᠢ ᠪᠣᠯ ᠪᠡᠶ᠎ᠡ ᠳᠣᠲᠣᠷᠠᠬᠢ | ᠡᠪᠡᠳᠴᠢᠨ ᠢ ᠡᠰᠡᠷᠭᠦᠴᠡᠬᠦ ᠡᠰ ᠲᠤᠲᠠᠭᠳᠠᠵᠤ᠂ ᠦᠷᠭᠦᠯᠵᠢ ᠬᠥᠳᠡᠯᠭᠡᠭᠡᠨ ᠬᠢᠳᠡᠭ ᠬᠥᠮᠥᠰ ᠲᠠᠢ ᠬᠠᠷᠢᠴᠠᠭᠤᠯᠪᠠᠯ | ᠭᠡᠳᠡᠰᠦᠨ ᠤ ᠦᠮᠡᠨ ᠳᠤ ᠨᠡᠷᠪᠡᠭᠳᠡᠬᠦ ᠨᠣᠷᠮ᠎ᠠ ᠨᠢ ᠵᠠᠭᠤᠨ ᠤ 40 ᠠᠴᠠ 50 ᠬᠤᠪᠢ ᠥᠨᠳᠥᠷ ᠪᠠᠶᠢᠳᠠᠭ ᠢ ᠰᠤᠳᠤᠯᠭᠠᠲᠠᠳ | ᠮᠡᠳᠡᠵᠡᠢ᠃ | 4.ᠬᠤᠭᠤᠯᠠ ᠤᠮᠳᠠ ᠶᠢ ᠭᠡᠳᠤ ᠬᠠᠯᠠᠭᠤᠨ ᠢᠶᠠᠷ ᠢᠳᠡᠵᠦ ᠤᠤᠭᠤᠬᠤ᠃ ᠪᠤᠴᠠᠯᠤᠭᠰᠠᠨ ᠤᠰᠤ᠂ ᠬᠠᠯᠠᠭᠤᠨ | ᠤᠮᠳᠠᠭᠠᠨ ᠪᠤᠶᠤ ᠳᠡᠩᠳᠡᠭᠦᠦ ᠬᠠᠯᠠᠭᠤᠨ ᠢᠳᠡᠭᠡᠨ ᠨᠢ ᠤᠯᠠᠭᠠᠨ ᠬᠤᠭᠤᠯᠠᠢ ᠶᠢ ᠭᠡᠮᠲᠦᠭᠡᠵᠦ᠂ ᠡᠳᠦᠷ ᠤᠨ ᠤᠳᠠᠭᠠᠨ ᠳᠠᠭᠠᠨ | ᠤᠯᠠᠭᠠᠨ ᠬᠤᠭᠤᠯᠠᠢ ᠶᠢᠨ ᠬᠤᠣᠷᠲᠤ ᠬᠠᠪᠤᠳᠠᠷ ᠢ ᠡᠭᠦᠰᠬᠡᠬᠦ ᠪᠣᠯᠣᠮᠵᠢ ᠲᠠᠢ᠃ |