ᠴᠢᠰᠤᠨ ᠳᠠᠷᠤᠯᠲᠠ ᠥᠨᠳᠥᠷᠵᠢᠬᠦ ᠡᠪᠡᠳᠴᠢᠨ ᠳᠤ ᠨᠡᠷᠪᠡᠭᠳᠡᠬᠦ ᠰᠢᠯᠲᠠᠭᠠᠨ
ᠨᠡᠶᠢᠲᠡᠯᠡᠭᠰᠡᠨ ᠴᠠᠭ᠄
2025/5/20
         1. ᠭᠡᠳᠦ ᠱᠣᠷᠪᠣᠭ ᠢᠳᠡᠬᠦ᠃ ᠴᠢᠰᠤᠨ ᠳᠠᠷᠤᠯᠲᠠ ᠥᠨᠳᠥᠷᠵᠢᠬᠦ ᠨᠢ ᠢᠳᠡᠭᠡᠨ ᠲᠠᠢ ᠰᠢᠭᠤᠳ ᠬᠤᠯᠪᠣᠭᠳᠠᠨ᠎ᠠ ᠂ ᠳᠠᠪᠤᠰᠤ ᠢᠯᠡᠭᠦᠦ ᠢᠳᠡᠬᠦ ᠨᠢ ᠴᠢᠰᠤᠨ ᠰᠤᠳᠠᠯ ᠤᠨ ᠬᠠᠨ᠎ᠠ ᠶᠢ ᠭᠡᠮᠲᠦᠭᠡᠵᠦ᠂ ᠴᠢᠰᠤᠨ ᠳᠠᠷᠤᠯᠲᠠ ᠶᠢ ᠠᠭᠠᠵᠢᠮ ᠢᠶᠠᠷ ᠥᠨᠳᠥᠷ ᠪᠣᠯᠭᠠᠳᠠᠭ  ᠃          2.ᠬᠡᠲᠦᠷᠬᠡᠢ ᠮᠠᠷᠢᠶᠠᠯᠠᠬᠤ᠃ ᠬᠡᠪ ᠤᠨ ᠪᠡᠶ᠎ᠡ ᠶᠢᠨ ᠬᠦᠨᠳᠦ ᠠᠴᠠ 50 ᠵᠢᠩ ᠬᠡᠲᠦᠷᠡᠭᠰᠡᠨ ᠬᠥᠮᠥᠰ᠂ ᠡᠰᠡᠬᠦᠯ᠎ᠡ ᠨᠢᠷᠤᠭᠤᠨ ᠤ ᠬᠡᠰᠡᠭ ᠢᠶᠠᠷ ᠢᠶᠠᠨ ᠭᠡᠳᠦ ᠮᠠᠷᠢᠶ᠎ᠠ ᠲᠠᠢ ᠬᠥᠮᠥᠰ ᠤᠨ ᠴᠢᠰᠤᠨ ᠳᠠᠷᠤᠯᠲᠠ ᠥᠨᠳᠥᠷᠵᠢᠬᠦ ᠨᠤᠷᠮ᠎ᠠ ᠨᠢ ᠡᠷᠡᠭᠦᠯ ᠬᠥᠮᠥᠰ ᠤᠨ ᠬᠢ ᠠᠴᠠ 3.5 ᠲᠠᠭᠢᠨ ᠥᠨᠳᠥᠷ ᠭᠡᠵᠦ ᠨᠤᠲᠠᠯᠠᠭᠰᠠᠨ ᠪᠠᠶᠢᠳᠠᠭ᠃          3.ᠠᠮᠠᠷᠬᠠᠨ ᠠᠭᠤᠷᠯᠠᠵᠤ ᠤᠴᠠᠭᠠᠷᠯᠠᠬᠤ᠃ ᠭᠡᠳᠦ ᠠᠭᠤᠷᠯᠠᠵᠤ ᠪᠠᠴᠢᠮᠳᠠᠬᠤ᠂ ᠠᠶᠤᠵᠤ ᠰᠦᠷᠳᠡᠬᠦ ᠦᠶ᠎ᠡ ᠳᠤ ᠵᠢᠷᠦᠬᠡᠨ ᠤ ᠯᠤᠭᠰᠢᠯᠲᠠ ᠲᠦᠷᠭᠡᠰᠴᠦ᠂ ᠠᠮᠢᠰᠬᠤᠯ ᠪᠠᠴᠢᠭᠤᠳᠠᠨ᠂ ᠴᠢᠨᠠᠭᠰᠢᠯᠠᠭᠠᠳ ᠪᠡᠶ᠎ᠡ ᠴᠡᠴᠡᠷᠬᠢᠯᠡᠬᠦ ᠬᠡᠮᠵᠢᠶᠡᠨ ᠳᠤ ᠬᠦᠷᠴᠦ᠂ ᠴᠢᠰᠤᠨ ᠳᠠᠷᠤᠯᠲᠠ ᠶᠢ ᠠᠮᠠᠷᠬᠠᠨ ᠥᠨᠳᠥᠷ ᠪᠣᠯᠭᠠᠳᠠᠭ  ᠃          4.ᠠᠷᠢᠬᠢᠨ ᠳᠤ ᠰᠢᠨᠤᠬᠤ᠃ ᠠᠷᠢᠬᠢ ᠤᠤᠭᠤᠬᠤ ᠦᠶ᠎ᠡ ᠳᠤ ᠵᠢᠷᠦᠬᠡᠨ ᠤ ᠳᠠᠪᠲᠠᠮᠵᠢ ᠨᠡᠮᠡᠭᠳᠡᠵᠦ᠂ ᠴᠢᠰᠤᠨ ᠰᠤᠳᠠᠯ ᠢᠪᠴᠤᠷᠠᠨ᠂ ᠴᠢᠰᠤᠨ ᠳᠠᠷᠤᠯᠲᠠ ᠶᠢ ᠥᠨᠳᠥᠷ ᠪᠣᠯᠭᠠᠳᠠᠭ᠃ ᠪᠠᠶᠢᠩᠭᠤ᠂ ᠤᠳᠠᠭᠠᠨ ᠴᠢᠨᠠᠷᠲᠠᠢ ᠠᠷᠢᠬᠢ ᠤᠤᠭᠤᠬᠤ  ᠳᠤ ᠭᠦᠷᠪᠡᠯ ᠴᠢᠰᠤᠨ ᠰᠤᠳᠠᠯ ᠢ ᠬᠠᠲᠠᠭᠤᠷᠠᠭᠤᠯᠳᠠᠭ᠃                      
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号