ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠰᠢᠯᠲᠠᠭᠠᠨ
ᠨᠡᠶᠢᠲᠡᠯᠡᠭᠰᠡᠨ ᠴᠠᠭ᠄
2025/5/20
         1. ᠥᠷᠯᠥᠭᠡᠨ ᠤ ᠬᠤᠭᠤᠯᠠ ᠪᠠᠨ ᠳᠤᠲᠠᠭᠤ ᠢᠳᠡᠬᠦ᠃ ᠥᠷᠯᠥᠭᠡᠨ ᠤ ᠬᠤᠭᠤᠯᠠ ᠢᠳᠡᠳᠡᠭ ᠦᠭᠡᠢ ᠬᠡᠦᠬᠡᠳ ᠢ ᠥᠷᠯᠥᠭᠡᠨ ᠤ ᠬᠤᠭᠤᠯᠠ ᠢᠳᠡᠳᠡᠭ ᠬᠡᠦᠬᠡᠳ ᠲᠠᠢ ᠬᠠᠷᠢᠴᠠᠭᠤᠯᠪᠠᠯ᠂ ᠴᠢᠰᠤᠨ ᠤ ᠳᠣᠲᠣᠷᠠᠬᠢ ᠨᠣᠶᠢᠷ ᠤᠨ ᠪᠤᠯᠴᠢᠷᠬᠠᠢ ᠶᠢᠨ ᠬᠤᠷᠮᠣᠨ ᠨᠢ ᠬᠡᠰᠡᠭ ᠬᠤᠭᠤᠴᠠᠭᠠᠨ ᠳᠤ 26% ᠪᠠᠷ ᠪᠠᠭᠤᠷᠠᠵᠤ᠂ II ᠭᠡᠯᠪᠡᠷᠢ ᠶᠢᠨ ᠰᠢᠬᠢᠷ ᠰᠢᠵᠢᠩ ᠡᠪᠡᠳᠴᠢᠨ ᠲᠤᠰᠬᠤ ᠪᠣᠯᠣᠮᠵᠢ ᠥᠨᠳᠥᠷ ᠪᠠᠶᠢᠳᠠᠭ ᠢ ᠠᠩᠭ᠍ᠯᠢ ᠶᠢᠨ ᠨᠢᠭᠡᠨ ᠰᠤᠳᠤᠯᠭᠠᠲᠠᠨ ᠠᠴᠠ ᠢᠯᠡᠷᠡᠭᠦᠯᠪᠡ᠃          2. ᠡᠳᠦᠷ ᠤᠨ ᠭᠤᠷᠪᠠᠨ ᠡᠷᠢᠨ ᠤ ᠬᠤᠭᠤᠯᠠ ᠪᠠᠨ ᠴᠠᠭ ᠲᠤᠨᠢ ᠢᠳᠡᠬᠦ ᠦᠭᠡᠢ ᠪᠠᠶᠢᠬᠤ᠃ ᠭᠤᠷᠪᠠᠨ ᠴᠠᠭ ᠤᠨ ᠬᠤᠭᠤᠯᠠ ᠪᠠᠨ ᠴᠠᠭ ᠲᠠᠭᠠᠨ ᠢᠳᠡᠬᠦ ᠦᠭᠡᠢ ᠪᠣᠯ ᠴᠢᠰᠤᠨ ᠤ ᠰᠢᠬᠢᠷ ᠤᠨ ᠰᠣᠯᠢᠯᠴᠠᠭ᠎ᠠ ᠶᠢ ᠠᠯᠳᠠᠭᠳᠠᠭᠤᠯᠳᠠᠭ᠃          3. ᠲᠠᠮᠠᠬᠢ ᠲᠠᠲᠠᠬᠤ᠃ 9 ᠵᠢᠯ ᠤᠨ ᠳᠣᠲᠣᠷ᠎ᠠ 500 ᠲᠦᠮᠡᠨ ᠬᠥᠮᠥᠰ ᠲᠤ ᠪᠠᠶᠢᠴᠠᠭᠠᠯᠲᠠ ᠬᠢᠭᠰᠡᠨ ᠨᠢᠭᠡᠨ ᠰᠤᠳᠤᠯᠭᠠᠨ ᠤ ᠦᠷ᠎ᠡ ᠳ᠋ᠦᠩ ᠠᠴᠠ ᠦᠵᠡᠪᠡᠯ᠂ ᠤᠯᠠᠨ ᠵᠢᠯ ᠲᠠᠮᠠᠬᠢ ᠲᠠᠲᠠᠭᠰᠠᠨ ᠬᠥᠮᠥᠰ ᠤᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠪᠣᠯᠣᠮᠵᠢ ᠨᠢ ᠲᠠᠮᠠᠬᠢ ᠲᠠᠲᠠᠬᠤ ᠦᠭᠡᠢ ᠬᠥᠮᠥᠰ ᠤᠨ ᠬᠢ ᠠᠴᠠ 15 ᠠᠴᠠ 30 ᠬᠤᠪᠢ ᠥᠨᠳᠥᠷ ᠪᠠᠶᠢᠳᠠᠭ ᠢ ᠭᠡᠷᠡᠴᠢᠯᠡᠪᠡ᠃          4. ᠭᠡᠳᠦ ᠨᠠᠷᠢᠯᠢᠭ ᠪᠣᠯᠪᠠᠰᠤᠷᠠᠭᠤᠯᠤᠭᠰᠠᠨ ᠭᠤᠯᠢᠷ᠂ ᠲᠤᠲᠤᠷᠭ᠎ᠠ ᠢᠳᠡᠬᠦ᠃ ᠭᠡᠳᠦ ᠨᠠᠷᠢᠯᠢᠭ ᠪᠣᠯᠪᠠᠰᠤᠷᠠᠭᠤᠯᠤᠭᠰᠠᠨ ᠬᠤᠭᠤᠯᠠ ᠤᠮᠳᠠ ᠨᠢ ᠴᠢᠰᠤᠨ ᠤ ᠰᠢᠬᠢᠷ ᠢ ᠭᠡᠳᠦ ᠥᠨᠳᠥᠷ ᠪᠤᠶᠤ ᠭᠡᠳᠦ ᠳᠣᠣᠷ᠎ᠠ ᠪᠣᠯᠭᠠᠳᠠᠭ᠂ ᠲᠡᠷᠡ ᠲᠤᠰᠤᠮ ᠢᠶᠠᠨ ᠬᠥᠳᠡᠯᠭᠡᠭᠡᠨ ᠬᠢᠬᠦ ᠦᠭᠡᠢ ᠪᠣᠯ ᠰᠢᠬᠢᠷ ᠢ ᠠᠮᠠᠷᠬᠠᠨ ᠢᠯᠭᠠᠷᠠᠭᠤᠯᠵᠤ ᠲᠡᠶᠢᠯᠭᠦ ᠦᠭᠡᠢ ᠪᠣᠯᠭᠠᠳᠠᠭ᠃ ᠡᠶᠢᠮᠦ ᠠᠴᠠ ᠤᠭᠤᠷᠠᠭ᠂ ᠡᠷᠦᠳᠡᠰᠦ ᠸᠢᠲ᠋ᠠᠮᠢᠨ ᠢᠶᠠᠷ ᠪᠠᠶᠠᠯᠢᠭ ᠨᠣᠭᠤᠭ᠎ᠠ᠂ ᠪᠦᠳᠦᠭᠦᠯᠢᠭ ᠭᠤᠯᠢᠷ᠂ ᠪᠤᠳᠠᠭ᠎ᠠ ᠶᠢ ᠢᠯᠡᠭᠦᠦ ᠢᠳᠡᠵᠦ ᠬᠡᠪᠰᠢᠪᠡᠯ ᠰᠠᠶᠢᠨ᠃        
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号