| | ᠡᠪᠦᠯ ᠪᠣᠯᠵᠤ ᠲᠡᠭᠷᠢ ᠬᠦᠢᠲᠡᠷᠡᠬᠦ ᠪᠠᠷ ᠬᠥᠮᠥᠰ ᠤᠨ ᠭᠡᠷ ᠤᠨ ᠭᠠᠳᠠᠨᠠᠬᠢ ᠬᠥᠳᠡᠯᠭᠡᠭᠡᠨ ᠳᠤ ᠣᠷᠤᠯᠴᠠᠬᠤ ᠶᠢ | ᠵᠣᠬᠢᠬᠤ ᠬᠡᠮᠵᠢᠶ᠎ᠡ ᠪᠠᠷ ᠨᠥᠯᠥᠭᠡᠯᠡᠬᠦ ᠪᠣᠯᠣᠯ᠎ᠠ᠃ ᠡᠪᠦᠯ ᠬᠠᠪᠤᠷ ᠤᠨ ᠤᠯᠠᠷᠢᠯ ᠳᠤ ᠬᠦᠢᠲᠡᠨ ᠠᠴᠠ ᠠᠶᠤᠵᠤ ᠠᠯᠵᠠᠭᠤᠷᠠᠨ | ᠵᠠᠯᠬᠠᠭᠤᠷᠠᠵᠤ ᠭᠡᠷ ᠲᠡᠭᠡᠨ ᠰᠠᠭᠤᠬᠤ ᠨᠢ ᠵᠣᠬᠢᠰ ᠦᠭᠡᠢ ᠶᠤᠮ᠃ ᠬᠠᠷᠢᠨ ᠡᠭᠦᠨ ᠤ ᠡᠰᠡᠷᠭᠦ ᠪᠠᠷ᠂ ᠵᠣᠬᠢᠰᠲᠠᠢ ᠪᠡᠶ᠎ᠡ ᠶᠢᠨ | ᠲᠠᠮᠢᠷ ᠤᠨ ᠬᠥᠳᠡᠯᠭᠡᠭᠡᠨ ᠬᠢᠬᠦ ᠨᠢ ᠬᠥᠮᠥᠰ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠡᠭᠡᠯᠢᠯᠡᠭᠡ ᠶᠢᠨ ᠴᠢᠳᠠᠪᠤᠷᠢ ᠪᠠ | ᠵᠢᠷᠦᠬᠡ ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ ᠦᠭᠡᠢ᠂ ᠪᠠᠰᠠ ᠪᠡᠶ᠎ᠡ ᠮᠠᠬᠠᠪᠤᠳ ᠢ ᠬᠠᠬᠢᠷ ᠬᠦᠢᠲᠡᠨ | ᠣᠷᠴᠢᠨ ᠲᠣᠭᠤᠷᠢᠨ ᠳᠤ ᠨᠠᠩ ᠰᠠᠶᠢᠨ ᠵᠣᠬᠢᠴᠠᠬᠤ ᠪᠤᠯᠭᠠᠵᠤ᠂ ᠡᠷᠡᠭᠦᠯ ᠴᠢᠭᠢᠷᠠᠭ ᠪᠠ ᠠᠮᠢᠵᠢᠷᠠᠯ ᠤᠨ ᠬᠦᠴᠦᠨ ᠲᠠᠢ | ᠪᠠᠶᠢᠬᠤ ᠶᠢ ᠪᠠᠲᠤᠯᠠᠵᠤ ᠴᠢᠳᠠᠳᠠᠭ ᠠᠵᠢ᠃ | ᠲᠡᠭᠡᠪᠡᠯ᠂ ᠶᠠᠮᠠᠷ ᠶᠠᠮᠠᠷ ᠬᠥᠳᠡᠯᠭᠡᠭᠡᠨ ᠨᠢ ᠡᠪᠦᠯ ᠬᠠᠪᠤᠷ ᠤᠨ ᠤᠯᠠᠷᠢᠯ ᠳᠤ ᠲᠣᠬᠢᠷᠠᠬᠤ ᠪᠤᠢ︖ ᠡ᠊ᠩ | ᠲᠡᠷᠢᠭᠦᠨ ᠳᠤ ᠭᠦᠶᠦᠵᠦ ᠪᠣᠯᠣᠨ᠎ᠠ᠃ ᠭᠦᠶᠦᠬᠦ ᠨᠢ ᠶᠠᠪᠤᠬᠤ ᠲᠤᠳᠤᠮ ᠬᠥᠮᠥᠰ ᠤᠨ ᠬᠦᠷᠢᠶᠡᠯᠡᠯ ᠢ ᠣᠯᠵᠤ ᠪᠠᠶᠢᠨ᠎ᠠ᠃ | ᠲᠤᠰᠬᠠᠢ ᠮᠡᠷᠭᠡᠵᠢᠯᠲᠡᠨ ᠤ ᠦᠵᠡᠬᠦ ᠪᠠᠷ᠂ ᠭᠦᠶᠦᠬᠦ ᠨᠢ ᠬᠦᠵᠦᠭᠦᠦ ᠰᠡᠭᠡᠷ᠂ ᠮᠥᠷᠥᠨ ᠤ ᠬᠡᠰᠡᠭ ᠤᠨ ᠠᠰᠠᠭᠤᠳᠠᠯ ᠢ | ᠢᠯᠡᠳᠲᠡ ᠰᠠᠶᠢᠵᠢᠷᠠᠭᠤᠯᠵᠤ᠂ ᠵᠢᠷᠦᠬᠡ ᠠᠭᠤᠰᠬᠢᠨ ᠤ ᠴᠢᠳᠠᠮᠵᠢ ᠶᠢ ᠳᠡᠭᠡᠭᠰᠢᠯᠡᠭᠦᠯᠵᠦ ᠪᠣᠯᠣᠨ᠎ᠠ᠃ ᠭᠡᠬᠦ ᠳᠡᠭᠡᠨ ᠪᠡᠶ᠎ᠡ ᠶᠢᠨ | ᠬᠦᠨᠳᠦ ᠪᠠᠨ ᠬᠢᠵᠠᠭᠠᠷᠯᠠᠵᠤ ᠪᠠᠶᠢᠭ᠎ᠠ ᠪᠤᠶᠤ ᠪᠡᠶ᠎ᠡ ᠪᠢᠯᠳᠠᠷ ᠤᠨ ᠬᠡᠪ ᠤᠨ ᠪᠠᠶᠢᠳᠠᠯ ᠢᠶᠠᠨ ᠪᠠᠷᠢᠮᠲᠠᠯᠠᠬᠤ ᠰᠠᠨᠠᠭ᠎ᠠ ᠲᠠᠢ | ᠬᠥᠮᠥᠰ ᠲᠤ ᠠᠪᠴᠤ ᠬᠡᠯᠡᠪᠡᠯ᠂ ᠠᠭᠠᠵᠢᠮ ᠭᠦᠶᠦᠬᠦ ᠨᠢ ᠪᠡᠶ᠎ᠡ ᠶᠢᠨ ᠳᠣᠲᠣᠷᠠᠬᠢ ᠢᠯᠡᠭᠦᠴᠡ ᠥᠭᠡᠬᠦ ᠶᠢ | ᠬᠤᠷᠣᠭᠳᠠᠭᠤᠯᠬᠤ ᠳᠤ ᠮᠠᠰᠢ ᠠᠰᠢᠭᠲᠠᠢ ᠪᠠᠶᠢᠳᠠᠭ᠃ ᠭᠡᠪᠡᠴᠦ ᠠᠩᠬᠠᠷᠬᠤ ᠴᠢᠬᠤᠯᠠᠲᠠᠢ ᠵᠦᠢᠯ ᠭᠡᠪᠡᠯ᠂ ᠭᠦᠶᠦᠬᠦ ᠳᠡᠭᠡᠨ | ᠴᠡᠴᠡᠷᠯᠢᠭ᠂ ᠭᠤᠣᠯ ᠤᠨ ᠭᠦᠪᠡᠭᠡ ᠪᠤᠶᠤ ᠰᠤᠷᠭᠠᠭᠤᠯᠢ ᠶᠢᠨ ᠬᠦᠷᠢᠶᠡᠨ ᠤ ᠭᠦᠶᠦᠯᠲᠡ ᠶᠢᠨ ᠵᠠᠮ ᠵᠡᠷᠭᠡ ᠠᠭᠠᠷ ᠰᠢᠨ᠎ᠡ | ᠰᠣᠷᠭᠤᠭ ᠣᠷᠴᠢᠨ ᠲᠣᠭᠤᠷᠢᠨ ᠢ ᠰᠣᠩᠭᠤᠪᠠᠯ ᠰᠠᠶᠢᠨ᠂ ᠬᠠᠬᠢᠷ ᠬᠦᠢᠲᠡᠨ ᠠᠭᠤᠷ ᠠᠮᠢᠰᠬᠤᠯ ᠳᠤ ᠭᠡᠷ ᠤᠨ ᠭᠠᠳᠠᠨ᠎ᠠ | ᠣᠷᠳᠣ ᠬᠤᠭᠤᠴᠠᠭ᠎ᠠ ᠭᠦᠶᠦᠬᠦ ᠶᠢ ᠰᠠᠨᠠᠭᠠᠴᠢᠯᠠᠬᠤ ᠦᠭᠡᠢ᠃ ᠳᠠᠷᠠᠭᠠᠯᠠᠪᠠᠯ ᠳᠡᠭᠡᠰᠦ ᠦᠰᠦᠷᠴᠦ ᠪᠣᠯᠣᠨ᠎ᠠ᠃ ᠠᠭᠠᠷ ᠤᠨ | ᠳᠤᠯᠠᠭᠠᠨ ᠬᠦᠢᠲᠡᠷᠡᠬᠦ ᠶᠢ ᠳᠠᠭᠠᠯᠳᠤᠨ᠂ ᠣᠯᠠᠩᠬᠢ ᠬᠥᠮᠥᠰ ᠭᠡᠷ ᠳᠣᠲᠣᠷ᠎ᠠ ᠬᠥᠳᠡᠯᠭᠡᠭᠡᠨ ᠬᠢᠬᠦ ᠪᠣᠯᠵᠠᠢ᠂ ᠡᠭᠦᠨ ᠳᠤ | ᠳᠡᠭᠡᠰᠦ ᠦᠰᠦᠷᠬᠦ ᠨᠢ ᠠᠶᠠᠨᠳᠠᠭᠠᠨ ᠤ ᠰᠣᠩᠭᠤᠯᠲᠠ ᠶᠢᠨ ᠨᠢᠭᠡ ᠪᠣᠯᠵᠠᠢ᠃ ᠱᠠᠩᠬᠠᠢ ᠶᠢᠨ ᠪᠡᠶ᠎ᠡ ᠶᠢᠨ ᠲᠠᠮᠢᠷ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ︵ᠱᠠᠩᠬᠠᠢ ᠬᠤᠲᠠ ᠶᠢᠨ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠲᠥᠪ︶ ᠤᠨ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠳᠡᠭᠡᠰᠦ ᠦᠰᠦᠷᠬᠦ ᠪᠣᠯ ᠨᠢᠭᠡ ᠵᠦᠢᠯ ᠤᠨ ᠥᠨᠳᠥᠷ ᠪᠦᠲᠦᠮᠵᠢᠲᠡᠢ | ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠡᠭᠡᠯᠢᠯᠡᠭᠡ ᠶᠢᠨ ᠴᠢᠳᠠᠪᠤᠷᠢ ᠵᠢᠴᠢ ᠵᠢᠷᠦᠬᠡ ᠠᠭᠤᠰᠬᠢᠨ ᠤ ᠴᠢᠳᠠᠪᠤᠷᠢ ᠶᠢ | ᠳᠡᠭᠡᠭᠰᠢᠯᠡᠭᠦᠯᠭᠦ ᠪᠠᠷ ᠪᠠᠷᠠᠬᠤ ᠦᠭᠡᠢ ᠪᠠᠰᠠ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠠᠰᠢᠭᠲᠠᠢ᠃ | ᠳᠡᠭᠡᠰᠦ ᠦᠰᠦᠷᠬᠦ ᠨᠢ ᠪᠠᠰᠠ ᠪᠦᠭᠦ ᠪᠡᠶ᠎ᠡ ᠶᠢᠨ ᠣᠯᠠᠨ ᠬᠡᠰᠡᠭ ᠤᠨ ᠪᠤᠯᠴᠢᠩ ᠢ ᠪᠤᠯᠪᠠᠰᠤᠷᠠᠭᠤᠯᠵᠤ᠂ ᠪᠡᠶ᠎ᠡ ᠶᠢᠨ | ᠵᠣᠬᠢᠴᠠᠭᠤᠯᠬᠤ ᠴᠢᠳᠠᠪᠤᠷᠢ ᠶᠢ ᠪᠤᠯᠪᠠᠰᠤᠷᠠᠭᠤᠯᠵᠤ ᠴᠢᠳᠠᠨ᠎ᠠ᠃ ᠭᠡᠪᠡᠴᠦ ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ | ᠳᠡᠭᠡᠰᠦ ᠦᠰᠦᠷᠬᠦ ᠬᠥᠳᠡᠯᠭᠡᠭᠡᠨ ᠤ ᠬᠦᠴᠦᠯᠡᠴᠡ ᠨᠡᠯᠢᠶᠡᠳ ᠶᠡᠭᠡ ᠪᠣᠯᠬᠤᠷ ᠪᠡᠶ᠎ᠡ ᠮᠠᠬᠠᠪᠤᠳ ᠡᠷᠡᠭᠦᠯ ᠴᠢᠭᠢᠷᠠᠭ᠂ | ᠬᠥᠳᠡᠯᠭᠡᠭᠡᠨ ᠬᠢᠳᠡᠭ ᠳᠠᠳᠬᠠᠯ ᠲᠠᠢ ᠬᠡᠦᠬᠡᠳ᠂ ᠵᠠᠯᠠᠭᠤᠴᠤᠳ ᠪᠠᠭᠠᠴᠤᠳ ᠪᠠ ᠨᠠᠰᠤᠨ ᠳᠤ ᠭᠦᠷᠦᠭᠰᠡᠳ ᠲᠤ ᠲᠣᠬᠢᠷᠠᠨ᠎ᠠ᠃ | ᠲᠡᠷᠡ ᠮᠥᠷᠲᠡᠭᠡᠨ ᠳᠡᠭᠡᠰᠦ ᠦᠰᠦᠷᠬᠦ ᠦᠶᠡᠰ ᠴᠢᠳᠠᠬᠤ ᠶᠢᠨ ᠬᠢᠷᠢ ᠪᠠᠷ ᠲᠡᠭᠰᠢᠬᠡᠨ ᠮᠥᠷᠲᠡᠭᠡᠨ ᠵᠣᠬᠢᠬᠤ ᠬᠠᠷᠢᠮᠠᠬᠠᠢ | ᠴᠢᠨᠠᠷ ᠲᠠᠢ ᠭᠠᠵᠠᠷ ᠤᠨ ᠭᠠᠳᠠᠷᠭᠤ ᠶᠢ ᠰᠣᠩᠭᠤᠵᠤ᠂ ᠬᠥᠳᠡᠯᠭᠡᠭᠡᠨ ᠬᠢᠬᠦ ᠠᠴᠠ ᠡᠮᠦᠨ᠎ᠡ ᠪᠡᠶ᠎ᠡ ᠪᠠᠨ ᠰᠠᠶᠢᠲᠤᠷ ᠳᠠᠰᠬᠠᠵᠤ᠂ | ᠬᠥᠳᠡᠯᠭᠡᠭᠡᠨ ᠳᠠᠭᠤᠰᠤᠭᠰᠠᠨ ᠤ ᠳᠠᠷᠠᠭ᠎ᠠ ᠪᠡᠶ᠎ᠡ ᠪᠠᠨ ᠰᠤᠯᠠ ᠲᠠᠯᠪᠢᠬᠤ ᠨᠢ ᠪᠦᠷ ᠠᠳᠠᠯᠢᠬᠠᠨ ᠴᠢᠬᠤᠯᠠ ᠶᠤᠮ᠃ ᠳᠠᠭᠢᠪᠠᠯ | ᠠᠯᠬᠤᠵᠤ ᠪᠣᠯᠣᠨ᠎ᠠ᠃ ᠠᠯᠬᠤᠬᠤ ᠪᠣᠯ ᠨᠢᠭᠡ ᠵᠦᠢᠯ ᠤᠨ ᠪᠠᠶᠠᠷ ᠭᠦᠷ ᠲᠠᠢ ᠬᠥᠳᠡᠯᠭᠡᠭᠡᠨ ᠤ ᠭᠡᠯᠪᠡᠷᠢ ᠪᠠᠶᠢᠵᠤ᠂ ᠡᠯ᠎ᠡ | ᠨᠠᠰᠤᠨ ᠤ ᠬᠥᠮᠥᠰ ᠲᠤ ᠪᠦᠷ ᠲᠣᠬᠢᠷᠠᠨ᠎ᠠ᠃ ᠠᠯᠬᠤᠬᠤ ᠨᠢ ᠬᠤᠳᠣᠭᠤᠳᠤ ᠭᠡᠳᠡᠰᠦᠨ ᠤ ᠬᠥᠳᠡᠯᠭᠡᠭᠡᠨ ᠢ ᠠᠬᠢᠭᠤᠯᠵᠤ᠂ | ᠰᠢᠩᠭᠡᠭᠡᠯᠲᠡ ᠳᠤ ᠠᠰᠢᠭᠲᠠᠢ ᠪᠠᠷ ᠪᠠᠷᠠᠬᠤ ᠦᠭᠡᠢ᠂ ᠪᠠᠰᠠ ᠣᠶᠤᠨ ᠰᠠᠨᠠᠭᠠᠨ ᠤ ᠳᠠᠷᠤᠯᠲᠠ ᠶᠢ ᠬᠥᠩᠭᠡᠷᠡᠭᠦᠯᠵᠦ᠂ ᠨᠣᠶᠢᠷ ᠢ | ᠰᠠᠶᠢᠵᠢᠷᠠᠭᠤᠯᠳᠠᠭ᠃ ᠨᠠᠰᠤᠲᠠᠢ ᠬᠥᠮᠥᠨ ᠪᠤᠶᠤ ᠪᠡᠶ᠎ᠡ ᠮᠠᠭᠤᠲᠠᠢ ᠬᠥᠮᠥᠨ ᠳᠤ ᠠᠪᠴᠤ ᠬᠡᠯᠡᠪᠡᠯ᠂ ᠠᠯᠬᠤᠬᠤ ᠨᠢ ᠨᠢᠭᠡ | ᠵᠦᠢᠯ ᠤᠨ ᠠᠮᠤᠷ ᠲᠦᠪᠰᠢᠨ ᠮᠥᠷᠲᠡᠭᠡᠨ ᠪᠦᠲᠦᠮᠵᠢᠲᠡᠶ ᠪᠣᠯᠪᠠᠰᠤᠷᠠᠬᠤ ᠠᠷᠭ᠎ᠠ ᠪᠣᠯᠣᠨ᠎ᠠ᠃ ᠠᠯᠬᠤᠬᠤ ᠳᠤ ᠴᠡᠴᠡᠷᠯᠢᠭ᠂ | ᠰᠠᠭᠤᠭᠠᠯᠢ ᠲᠣᠭᠤᠷᠢᠭ ᠤᠨ ᠵᠦᠯᠭᠡ ᠪᠤᠶᠤ ᠭᠤᠣᠯ ᠤᠨ ᠬᠥᠪᠡᠭᠡᠨ ᠤ ᠦᠵᠡᠮᠵᠢ ᠰᠠᠶᠢᠬᠠᠨ᠂ ᠠᠭᠠᠷ ᠴᠡᠪᠡᠷ ᠭᠠᠵᠠᠷ ᠢ | ᠰᠣᠩᠭᠤᠵᠤ ᠰᠡᠯᠡᠭᠦᠴᠡᠨ ᠠᠯᠬᠤᠵᠤ᠂ ᠪᠡᠶ᠎ᠡ ᠰᠡᠳᠬᠢᠴᠡ ᠪᠠᠨ ᠲᠠᠶᠢᠳᠬᠤᠷᠠᠭᠤᠯᠵᠤ ᠪᠣᠯᠣᠨ᠎ᠠ᠃ ᠳᠡᠭᠡᠷ᠎ᠡ ᠳᠤᠷᠠᠳᠤᠭᠰᠠᠨ | ᠬᠥᠳᠡᠯᠭᠡᠭᠡᠨ ᠠᠴᠠ ᠭᠠᠳᠠᠨ᠎ᠠ᠂ ᠳᠤᠭᠤᠢ ᠤᠨᠤᠬᠤ᠂ ᠶᠤᠭ᠎ᠠ ᠵᠡᠷᠭᠡ ᠨᠢ ᠮᠥᠨ ᠴᠤ ᠡᠪᠦᠯ ᠤᠨ ᠤᠯᠠᠷᠢᠯ ᠳᠤ ᠲᠣᠬᠢᠷᠠᠬᠤ | ᠬᠥᠳᠡᠯᠭᠡᠭᠡᠨ ᠪᠠᠶᠢᠵᠤ ᠪᠡᠶ᠎ᠡ ᠮᠠᠬᠠᠪᠤᠳ ᠢ ᠪᠦᠲᠦᠮᠵᠢᠲᠡᠢ ᠪᠤᠯᠪᠠᠰᠤᠷᠠᠭᠤᠯᠵᠤ ᠴᠢᠳᠠᠨ᠎ᠠ᠃ ᠳᠤᠷᠠᠳᠤᠭᠤᠰᠢᠲᠠᠢ ᠨᠢ ᠭᠡᠷ ᠤᠨ | ᠭᠠᠳᠠᠨᠠᠬᠢ ᠮᠥᠰᠥ ᠴᠠᠰᠤᠨ ᠤ ᠬᠥᠳᠡᠯᠭᠡᠭᠡᠨ᠂ ᠡᠨᠡ ᠬᠦ ᠡᠪᠦᠯ ᠤᠨ ᠤᠯᠠᠷᠢᠯ ᠳᠤ ᠣᠨᠴᠠ ᠪᠠᠶᠢᠳᠠᠭ ᠬᠥᠳᠡᠯᠭᠡᠭᠡᠨ ᠨᠢ | ᠥᠪᠡᠷᠮᠢᠴᠡ ᠬᠠᠪᠤ ᠴᠡᠩᠭᠡᠯ ᠲᠠᠢ ᠪᠠᠶᠢᠵᠤ᠂ ᠠᠮᠤᠷ ᠲᠦᠪᠰᠢᠨ ᠢ ᠪᠠᠲᠤᠯᠠᠭᠰᠠᠨ ᠪᠠᠶᠢᠳᠠᠯ ᠳᠣᠣᠷ᠎ᠠ ᠪᠠᠶᠠᠷ ᠭᠦᠷ ᠲᠠᠢ | ᠤᠷᠤᠯᠴᠠᠵᠤ ᠪᠣᠯᠣᠨ᠎ᠠ᠃ | ᠡᠪᠦᠯ ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠨᠡᠯᠢᠶᠡᠳ ᠳᠣᠣᠷ᠎ᠠ᠂ ᠣᠷᠴᠢᠨ ᠲᠣᠭᠤᠷᠢᠨ ᠤ | ᠨᠥᠬᠦᠴᠡᠯ ᠣᠨᠴᠠᠭᠠᠶ ᠤᠴᠢᠷ ᠠᠴᠠ ᠬᠥᠳᠡᠯᠭᠡᠭᠡᠨ ᠬᠢᠬᠦ ᠳᠤ ᠳᠣᠣᠷᠠᠬᠢ ᠬᠡᠳᠦᠨ ᠲᠠᠯ᠎ᠠ ᠶᠢ ᠠᠩᠬᠠᠷᠪᠠᠯ ᠵᠣᠬᠢᠨ᠎ᠠ᠃ ᠳᠠᠷᠤᠢ᠂ | ᠲᠣᠬᠢᠷᠠᠮᠵᠢᠲᠠᠢ ᠲᠠᠮᠢᠷ ᠤᠨ ᠬᠤᠪᠴᠠᠰᠤ ᠪᠠ ᠱᠠᠬᠠᠢ ᠮᠠᠯᠠᠭᠠᠢ ᠰᠣᠩᠭᠤᠵᠤ᠂ ᠬᠥᠳᠡᠯᠭᠡᠭᠡᠨ ᠬᠢᠭᠰᠡᠨ ᠤ ᠳᠠᠷᠠᠭ᠎ᠠ ᠬᠥᠯᠥᠰᠦ | ᠭᠠᠷᠴᠤ ᠬᠢᠮᠤᠷᠠᠬᠤ ᠠᠴᠠ ᠰᠡᠷᠭᠡᠶᠢᠯᠡᠬᠦ ᠴᠢᠬᠤᠯᠠᠲᠠᠢ;ᠬᠥᠳᠡᠯᠭᠡᠭᠡᠨ ᠬᠢᠬᠦ ᠠᠴᠠ ᠡᠮᠦᠨ᠎ᠡ ᠵᠠᠪᠠᠯ ᠭᠦᠢᠴᠡᠳ ᠪᠡᠯᠡᠳᠬᠡᠯ | ᠬᠥᠳᠡᠯᠭᠡᠭᠡᠨ ᠬᠢᠬᠦ ᠬᠡᠷᠡᠭᠲᠡᠢ᠂ ᠵᠢᠱᠢᠶᠡᠯᠡᠪᠡᠯ ᠤᠳᠠᠭᠠᠨ ᠭᠦᠶᠦᠬᠦ᠂ ᠦᠶ᠎ᠡ ᠭᠡᠰᠢᠭᠦᠦ ᠪᠠᠨ ᠰᠤᠩᠭᠠᠬᠤ ᠵᠡᠷᠭᠡ ᠨᠢ | ᠬᠥᠳᠡᠯᠭᠡᠭᠡᠨ ᠬᠢᠬᠦ ᠠᠴᠠ ᠪᠣᠯᠵᠤ ᠭᠡᠮᠲᠦᠬᠦ ᠲᠦᠭᠰᠢᠭᠦᠷᠢ ᠶᠢ ᠪᠠᠭᠠᠰᠬᠠᠵᠤ ᠴᠢᠳᠠᠨ᠎ᠠ;ᠬᠥᠳᠡᠯᠭᠡᠭᠡᠨ ᠤ ᠬᠡᠮᠵᠢᠶ᠎ᠡ ᠪᠠᠨ | ᠲᠣᠬᠢᠷᠠᠭᠤᠯᠵᠤ᠂ ᠬᠡᠲᠦᠷᠬᠡᠢ ᠶᠠᠳᠠᠷᠠᠬᠤ ᠠᠴᠠ ᠰᠡᠷᠭᠡᠶᠢᠯᠡᠬᠦ ᠬᠡᠷᠡᠭᠲᠡᠢ᠂ ᠥᠪᠡᠷ ᠤᠨ ᠪᠡᠶ᠎ᠡ ᠶᠢᠨ ᠪᠠᠶᠢᠳᠠᠯ ᠪᠠ ᠬᠥᠳᠡᠯᠭᠡᠭᠡᠨ ᠤ | ᠴᠢᠳᠠᠪᠤᠷᠢ ᠪᠠᠨ ᠦᠨᠳᠦᠰᠦᠯᠡᠨ ᠲᠣᠬᠢᠷᠠᠮᠵᠢᠲᠠᠢ ᠬᠥᠳᠡᠯᠭᠡᠭᠡᠨ ᠬᠢᠵᠦ᠂ ᠠᠯᠬᠤᠮ ᠳᠠᠷᠠᠭ᠎ᠠ ᠲᠠᠢ ᠪᠠᠷ ᠬᠥᠳᠡᠯᠭᠡᠭᠡᠨ ᠤ | ᠬᠡᠮᠵᠢᠶ᠎ᠡ ᠪᠠᠨ ᠨᠡᠮᠡᠭᠳᠡᠭᠦᠯᠵᠦ᠂ ᠬᠥᠳᠡᠯᠭᠡᠭᠡᠨ ᠬᠡᠲᠦᠷᠡᠭᠰᠡᠨ ᠠᠴᠠ ᠪᠣᠯᠵᠤ ᠪᠡᠶ᠎ᠡ ᠮᠠᠬᠠᠪᠤᠳ ᠲᠤ ᠳᠠᠷᠤᠭᠠᠰᠤ ᠪᠤᠯᠬᠤ ᠠᠴᠠ | ᠵᠠᠶᠢᠯᠠᠰᠭᠢᠨ᠎ᠡ;ᠤᠰᠤ ᠨᠥᠬᠦᠪᠦᠷᠢᠯᠡᠨ᠎ᠡ᠂ ᠬᠡᠳᠦᠶᠢᠪᠡᠷ ᠡᠪᠦᠯ ᠤᠨ ᠤᠯᠠᠷᠢᠯ ᠳᠤ ᠬᠥᠯᠥᠰᠦ ᠪᠠᠭ᠎ᠠ ᠭᠠᠷᠬᠤ ᠪᠤᠯᠪᠠᠴᠤ᠂ ᠪᠡᠶ᠎ᠡ | ᠮᠠᠬᠠᠪᠤᠳ ᠮᠥᠨ ᠯᠡ ᠤᠰᠤ ᠨᠥᠬᠦᠪᠦᠷᠢᠯᠡᠬᠦ ᠴᠢᠬᠤᠯᠠᠲᠠᠢ᠂ ᠬᠥᠳᠡᠯᠭᠡᠭᠡᠨ ᠬᠢᠬᠦ ᠠᠴᠠ ᠡᠮᠦᠨ᠎ᠡ ᠬᠤᠶᠢᠨ᠎ᠠ ᠵᠣᠬᠢᠬᠤ | ᠬᠡᠮᠵᠢᠶᠡᠨ ᠤ ᠪᠦᠯᠢᠶᠡᠨ ᠤᠰᠤ ᠤᠤᠭᠤᠵᠤ ᠪᠡᠶ᠎ᠡ ᠶᠢᠨ ᠤᠰᠤᠨ ᠤ ᠲᠡᠩᠴᠡᠭᠦᠷᠢ ᠶᠢ ᠪᠠᠲᠤᠯᠠᠪᠠᠯ ᠵᠤᠭᠢᠨ᠎ᠠ;ᠠᠮᠤᠷ | ᠲᠦᠪᠰᠢᠨ ᠢ ᠠᠩᠬᠠᠷᠬᠤ ᠴᠢᠬᠤᠯᠠᠲᠠᠢ᠂ ᠡᠪᠦᠯ ᠤᠨ ᠤᠯᠠᠷᠢᠯ ᠳᠤ ᠵᠠᠮ ᠬᠠᠯᠲᠤᠷᠢᠭ᠎ᠠ ᠲᠠᠢ᠂ ᠣᠨᠴᠠᠭᠠᠶᠢᠯᠠᠨ ᠮᠥᠰᠥ ᠴᠠᠰᠤ | ᠲᠠᠢ ᠭᠠᠵᠠᠷ ᠲᠤ ᠬᠥᠳᠡᠯᠭᠡᠭᠡᠨ ᠬᠢᠬᠦ ᠳᠡᠭᠡᠨ ᠠᠮᠤᠷ ᠲᠦᠪᠰᠢᠨ ᠢ ᠣᠨᠴᠠᠭᠠᠶᠢᠯᠠᠨ ᠠᠩᠬᠠᠷᠬᠤ ᠬᠡᠷᠡᠭᠲᠡᠢ᠃ | ᠡᠪᠦᠯ ᠤᠨ ᠤᠯᠠᠷᠢᠯ ᠳᠤ ᠲᠠᠮᠢᠷ ᠤᠨ ᠬᠥᠳᠡᠯᠭᠡᠭᠡᠨ ᠬᠢᠬᠦ ᠨᠢ ᠨᠢᠭᠡ ᠵᠦᠢᠯ ᠤᠨ ᠢᠳᠡᠪᠬᠢᠲᠡᠢ᠂ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠭᠡᠯᠪᠡᠷᠢ ᠪᠣᠯᠣᠨ᠎ᠠ᠂ ᠪᠢᠳᠡ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠳᠡᠯᠭᠡᠭᠡᠨ ᠤ ᠵᠦᠢᠯ ᠢ | ᠰᠣᠩᠭᠤᠬᠤ ᠶᠢᠨ ᠬᠠᠮᠲᠤ ᠬᠥᠳᠡᠯᠭᠡᠭᠡᠨ ᠤ ᠶᠠᠪᠤᠴᠠ ᠳᠠᠬᠢ ᠨᠠᠷᠢᠨ ᠵᠦᠢᠯᠡᠰ ᠢ ᠰᠠᠶᠢᠲᠤᠷ ᠠᠩᠬᠠᠷᠴᠤ᠂ ᠬᠥᠳᠡᠯᠭᠡᠭᠡᠨ ᠤ ᠬᠠᠪᠤ | ᠴᠡᠩᠭᠡᠯ ᠢ ᠡᠳ᠋ᠯᠡᠬᠦ ᠶᠢᠨ ᠵᠡᠷᠭᠡ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠶ᠎ᠠ︕ | |