| ︽5 · 4︾ ᠤ ᠬᠥᠳᠡᠯᠭᠡᠭᠡᠨ ᠤ ᠳᠠᠷᠠᠭ᠎ᠠ᠂ ᠱᠧᠨ ᠶᠠᠨ ᠪᠢᠩ ᠮᠠᠷᠺᠰ ᠤᠨ ᠦᠵᠡᠯ ᠲᠠᠢ ᠡᠬᠢᠯᠡᠨ | ᠣᠶᠢᠷᠠᠳᠴᠤ᠂ ᠴᠧᠨ ᠳ᠋ᠦ᠋ ᠰᠢᠤ ᠲᠠᠢ ᠲᠠᠨᠢᠯᠴᠠᠵᠤ᠂ ᠲᠡᠷᠡᠴᠢᠯᠡᠨ ︽ᠰᠢᠨ᠎ᠡ ᠵᠠᠯᠠᠭᠤᠴᠤᠳ︾ ᠰᠡᠳᠬᠦᠯ ᠳᠡᠭᠡᠷ᠎ᠡ | ᠡᠬᠡ ᠪᠢᠴᠢᠭ ᠨᠡᠶᠢᠲᠡᠯᠡᠪᠡ᠃ 1920 ᠣᠨ ᠳᠤ᠂ ᠲᠡᠷᠡ ᠱᠠᠩᠬᠠᠢ ᠶᠢᠨ ᠡᠪ ᠬᠠᠮᠲᠤ ᠨᠠᠮ ᠤᠨ ᠡᠬᠢᠨ ᠤ ᠦᠶ᠎ᠡ ᠶᠢᠨ | ᠵᠣᠬᠢᠶᠠᠨ ᠪᠠᠶᠢᠭᠤᠯᠤᠯᠲᠠ ᠳᠤ ᠣᠷᠣᠵᠤ᠂ ᠶᠡᠭᠡ ᠬᠡᠮᠵᠢᠶᠡᠨ ᠤ ᠠᠵᠢᠯ ᠬᠢᠵᠡᠢ᠃ | 1921 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠵᠢᠩᠬᠢᠨᠢ ᠪᠠᠷ ᠪᠠᠶᠢᠭᠤᠯᠤᠭᠳᠠᠵᠤ᠂ ᠱᠧᠨ | ᠶᠠᠨ ᠪᠢᠩ ᠢ ᠪᠠᠭᠲᠠᠭᠠᠭᠰᠠᠨ ᠡᠯ᠎ᠡ ᠭᠠᠵᠠᠷ ᠤᠨ ᠡᠬᠢᠨ ᠤ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠭᠦᠨ ᠤᠷᠤᠭᠰᠢᠲᠠᠢ ᠪᠠᠷ ᠵᠢᠩᠬᠢᠨᠢ ᠨᠠᠮ ᠤᠨ ᠭᠡᠰᠢᠭᠦᠨ ᠪᠣᠯᠪᠠ᠃ ᠡᠬᠢᠨ ᠳᠡᠭᠡᠨ᠂ ᠨᠠᠮ ᠤᠨ ᠡᠯ᠎ᠡ ᠵᠦᠢᠯ ᠤᠨ | ᠠᠵᠢᠯ ᠨᠢᠭᠤᠴᠠ ᠪᠠᠶᠢᠳᠠᠯ ᠳᠤ ᠪᠠᠶᠢᠵᠤ᠂ ᠱᠧᠨ ᠶᠠᠨ ᠪᠢᠩ ᠠᠵᠢᠯ ᠤᠨ ᠣᠷᠴᠢᠨ ᠲᠣᠭᠤᠷᠢᠨ ᠢᠶᠠᠷ ᠢᠶᠠᠨ ᠬᠠᠯᠬᠠᠪᠴᠢ | ᠪᠣᠯᠭᠠᠨ ᠰᠢᠭᠤᠳ ᠬᠠᠷᠢᠶ᠎ᠠ ᠲᠥᠪ ᠬᠤᠷᠢᠶᠠᠨ ᠤ ᠬᠤᠯᠪᠣᠭᠠᠴᠢᠨ ᠤ ᠲᠤᠰᠢᠶᠠᠯ ᠢ ᠡᠭᠦᠷᠭᠡᠯᠡᠵᠦ᠂ ᠨᠠᠮ ᠤᠨ | ᠳᠣᠲᠣᠭᠠᠳᠤ ᠶᠢᠨ ᠴᠢᠮᠡᠭᠡ ᠬᠤᠯᠪᠣᠭᠠᠨ ᠤ ᠠᠵᠢᠯ ᠢ ᠥᠷᠨᠢᠭᠦᠯᠦᠭᠰᠡᠨ ᠪᠥᠭᠡᠳ ᠨᠠᠮ ᠤᠨ ᠡᠷᠭᠢᠯᠡᠭᠰᠡᠨ | ᠰᠤᠷᠭᠠᠭᠤᠯᠢ ᠳᠤ ᠵᠢᠭᠠᠨ ᠰᠤᠷᠭᠠᠬᠤ ᠡᠭᠦᠷᠭᠡ ᠶᠢ ᠡᠭᠦᠷᠭᠡᠯᠡᠵᠦ᠂ ᠱᠠᠩᠬᠠᠢ ᠶᠢᠨ ᠠᠵᠢᠯ ᠬᠠᠶᠠᠯᠲᠠ ᠶᠢᠨ | ᠬᠥᠳᠡᠯᠭᠡᠭᠡᠨ ᠢ ᠤᠳᠤᠷᠢᠳᠴᠤ᠂ ᠣᠷᠣᠯᠴᠠᠵᠤ᠂ ᠮᠡᠳᠡᠭᠡᠯᠡᠪᠡ᠃ | ᠶᠡᠭᠡ ᠬᠤᠪᠢᠰᠬᠠᠯ ᠤᠨ ᠬᠤᠭᠤᠴᠠᠭᠠᠨ ᠳᠤ᠂ ᠪᠠᠶᠢᠳᠠᠯ ᠤᠨ ᠠᠬᠢᠴᠠ ᠪᠣᠯᠣᠨ ᠨᠠᠮ ᠤᠨ ᠠᠵᠢᠯ ᠤᠨ | ᠬᠡᠷᠡᠭᠴᠡᠭᠡ ᠪᠠᠷ᠂ ᠱᠧᠨ ᠶᠠᠨ ᠪᠢᠩ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠮᠢᠯᠠᠯᠲᠠ ᠪᠠᠷ᠂ ᠡᠯ᠎ᠡ ᠭᠠᠵᠠᠷ ᠢᠶᠠᠷ | ᠶᠠᠪᠤᠵᠤ ᠪᠠᠶᠢᠪᠠ᠃ ᠶᠡᠭᠡ ᠬᠤᠪᠢᠰᠬᠠᠯ ᠢᠯᠠᠭᠳᠠᠭᠰᠠᠨ ᠤ ᠳᠠᠷᠠᠭ᠎ᠠ᠂ ᠬᠤᠪᠢᠰᠬᠠᠯ ᠤᠷᠤᠭᠤᠳᠠᠯ ᠳᠤ ᠣᠷᠣᠵᠤ᠂ ᠱᠧᠨ | ᠶᠠᠨ ᠪᠢᠩ ᠠᠷᠭ᠎ᠠ ᠪᠤᠰᠤ ᠨᠢᠭᠤᠨ ᠰᠠᠭᠤᠵᠤ ᠲᠡᠨᠦᠭᠦᠴᠢᠯᠡᠬᠦ ᠠᠮᠢᠳᠤᠷᠠᠯ ᠢᠶᠠᠨ ᠡᠬᠢᠯᠡᠭᠦᠯᠵᠡᠢ᠃ ᠤᠯᠤᠰ ᠤᠨ | ᠳᠣᠲᠣᠭᠠᠳᠤ ᠶᠢᠨ ᠪᠠᠴᠢᠮ ᠪᠠᠶᠢᠳᠠᠯ ᠪᠣᠯᠣᠨ ᠨᠠᠷᠢᠨ ᠪᠤᠳᠤᠯᠢᠶᠠᠨᠲᠠᠢ ᠨᠡᠶᠢᠭᠡᠮ ᠤᠨ ᠪᠠᠶᠢᠳᠠᠯ ᠨᠢ ᠲᠡᠭᠦᠨ ᠤ ᠨᠠᠮ ᠤᠨ | ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠴᠠᠭ᠎ᠠ ᠶᠢ ᠠᠭᠠᠵᠢᠮ ᠢᠶᠠᠷ ᠠᠯᠳᠠᠭᠤᠯᠪᠠ᠃ ᠤᠶᠢᠳᠬᠠᠷᠯᠠᠨ ᠡᠷᠡᠭᠡᠯᠵᠡᠬᠦ | ᠦᠶ᠎ᠡ ᠳᠤ᠂ ᠱᠧᠨ ᠶᠠᠨ ᠪᠢᠩ ᠭᠠᠷ ᠲᠠᠬᠢ ᠪᠢᠷ ᠢᠶᠠᠨ ᠠᠳᠬᠤᠨ ᠨᠠᠮ ᠤᠨ ᠦᠢᠯᠡᠰ ᠤᠨ ᠲᠥᠯᠥᠭᠡ ᠦᠷᠭᠦᠯᠵᠢᠯᠡᠨ | ᠲᠡᠮᠡᠴᠡᠬᠦ ᠪᠠᠷ ᠵᠣᠷᠢᠭ ᠰᠢᠭᠤᠳᠴᠤ᠂ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠠᠶᠠᠨ ᠵᠠᠮ ᠳᠠᠭᠠᠨ | ᠮᠣᠷᠳᠠᠯ᠎ᠠ᠃ ᠱᠠᠩᠬᠠᠢ ᠳᠤ ᠨᠢᠭᠤᠨ ᠰᠠᠭᠤᠵᠤ ᠪᠠᠶᠢᠭᠰᠠᠨ ᠬᠤᠭᠤᠴᠠᠭᠠᠨ ᠳᠠᠭᠠᠨ᠂ ᠲᠡᠷᠡ ᠶᠡᠭᠡ ᠬᠤᠪᠢᠰᠬᠠᠯ ᠤᠨ | ᠦᠶ᠎ᠡ ᠪᠠᠷ ᠠᠷᠤ ᠦᠵᠡᠭᠳᠡᠯ ᠪᠤᠯᠭᠠᠬᠰᠠᠨ ᠠᠩᠬᠠᠳᠠᠭᠴᠢ ᠥᠭᠦᠯᠡᠯᠭᠡ ︽ᠵᠡᠭᠦᠳᠦ ᠵᠡᠷᠭᠡᠯᠭᠡᠨ︾ ᠢᠶᠠᠨ ᠪᠢᠴᠢᠪᠡ; | 1928 ᠣᠨ ᠳᠤ ᠶᠠᠫᠤᠨ ᠳᠤ ᠲᠡᠨᠦᠭᠦᠴᠢᠯᠡᠵᠦ ᠪᠠᠶᠢᠭ᠎ᠠ ᠦᠶ᠎ᠡ ᠳᠡᠭᠡᠨ᠂ ᠬᠤᠪᠢᠰᠬᠠᠯ ᠤᠨ ᠢᠷᠡᠭᠡᠳᠦᠢ ᠳᠤ ᠢᠲᠡᠭᠡᠯ | ᠪᠢᠰᠢᠷᠡᠯ ᠢᠶᠠᠨ ᠨᠠᠶᠢᠳᠠᠭᠰᠠᠨ ᠷᠣᠮᠠᠨ ︽ᠰᠣᠯᠣᠩᠭ᠎ᠠ︾ ᠪᠠᠨ ᠵᠣᠭᠢᠶᠠᠪᠠ;1930 ᠣᠨ ᠳᠤ ᠱᠠᠩᠬᠠᠢ ᠳᠤ | ᠪᠤᠴᠠᠭᠰᠠᠨ ᠤ ᠳᠠᠷᠠᠭ᠎ᠠ᠂ ᠭᠤᠴᠢᠭᠠᠳ ᠣᠨ ᠤ ᠦᠶ᠎ᠡ ᠶᠢᠨ ᠤᠯᠤᠰ ᠤᠨ ᠳᠣᠲᠣᠭᠠᠳᠤ ᠶᠢᠨ ᠨᠡᠶᠢᠭᠡᠮ ᠤᠨ ᠪᠣᠳᠠᠲᠤ | ᠪᠠᠶᠢᠳᠠᠯ ᠢ ᠲᠤᠰᠬᠠᠭᠰᠠᠨ ᠠᠪᠤᠷᠭᠤ ᠪᠦᠲᠦᠭᠡᠯ ︽ᠰᠥᠨᠢ ᠳᠦᠯᠢ︾ ᠪᠠᠨ ᠪᠢᠴᠢᠵᠦ ᠳᠠᠭᠤᠰᠬᠠᠪᠠ;ᠶᠠᠫᠤᠨ ᠢ | ᠡᠰᠡᠷᠭᠦᠴᠡᠬᠦ ᠳᠠᠶᠢᠨ ᠤ ᠬᠤᠭᠤᠴᠠᠭᠠᠨ ᠳᠤ᠂ ᠦᠷᠭᠦᠯᠵᠢᠯᠡᠨ ᠶᠡᠭᠡ ᠬᠡᠮᠵᠢᠶᠡᠨ ᠤ ᠭᠤᠮᠢᠨᠳᠠᠩ ᠤᠨ ᠲᠡᠷᠰᠯᠡᠭᠦᠦ ᠮᠥᠨ | ᠴᠢᠨᠠᠷ ᠢ ᠢᠯᠡᠷᠡᠭᠦᠯᠵᠦ᠂ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠮᠡᠴᠡᠯ ᠢ ᠮᠠᠭᠲᠠᠨ ᠳᠠᠭᠤᠯᠠᠭᠰᠠᠨ | ᠬᠤᠪᠢᠰᠬᠠᠯᠲᠤ ᠪᠦᠲᠦᠭᠡᠯ ᠢ ᠵᠣᠬᠢᠶᠠᠨ ᠪᠦᠲᠦᠭᠡᠪᠡ᠃ ᠴᠢᠯᠦᠭᠡᠯᠡᠬᠦ ᠲᠠᠶᠢᠨ ᠤ ᠦᠶ᠎ᠡ ᠠᠴᠠ ᠡᠬᠢᠯᠡᠨ᠂ ᠱᠧᠨ ᠶᠠᠨ | ᠪᠢᠩ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠠᠴᠠ ᠪᠠᠨ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ᠂ | ᠤᠯᠤᠰ ᠤᠨ ᠰᠣᠶᠣᠯ ᠤᠨ ᠪᠠᠶᠢᠭᠤᠯᠤᠯᠲᠠ ᠳᠤ ᠰᠢᠯᠵᠢᠭᠰᠡᠨ ᠪᠥᠭᠡᠳ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠲᠠᠷᠠᠭ᠎ᠠ ᠰᠣᠶᠣᠯ ᠤᠨ ᠶᠠᠮᠤᠨ ᠤ ᠰᠠᠶᠢᠳ ᠤᠨ ᠲᠤᠰᠢᠶᠠᠯ ᠢ ᠡᠭᠦᠷᠭᠡᠯᠡᠵᠦ᠂ ᠨᠡᠶᠢᠭᠡᠮ | ᠵᠢᠷᠤᠮ ᠤᠨ ᠰᠣᠶᠣᠯ ᠤᠨ ᠦᠢᠯᠡᠰ ᠲᠤ ᠣᠷᠣᠯᠴᠠᠪᠠ᠃ | 1981 ᠣᠨ ᠳᠤ᠂ ᠱᠧᠨ ᠶᠠᠨ ᠪᠢᠩ ᠡᠪᠡᠳᠴᠢᠲᠡᠨ ᠤ ᠣᠷᠣ ᠳᠡᠭᠡᠷ᠎ᠡ ᠲᠥᠪ ᠬᠤᠷᠢᠶ᠎ᠠ ᠳᠤ ᠵᠠᠬᠢᠳᠠᠯ | ᠪᠢᠴᠢᠵᠦ᠂ ᠨᠠᠮ ᠤᠨ ᠬᠠᠷᠢᠶ᠎ᠠ ᠶᠢ ᠰᠡᠷᠭᠦᠭᠡᠬᠦ ᠬᠦᠰᠡᠯ ᠢᠶᠠᠨ ᠢᠯᠡᠳᠬᠡᠪᠡ᠃ ᠡᠨᠡ ᠵᠠᠬᠢᠳᠠᠯ ᠢ ᠲᠡᠷᠡ ᠠᠮᠠ ᠪᠠᠷ ᠢᠶᠠᠨ | ᠬᠡᠯᠡᠵᠦ᠂ ᠬᠦᠦ ᠨᠢ ᠣᠷᠣᠯᠠᠨ ᠪᠢᠴᠢᠵᠦ᠂ ᠲᠡᠷᠡ ᠥᠪᠡᠷ ᠢᠶᠠᠨ ᠭᠠᠷ ᠤᠨ ᠦᠰᠦᠭ ᠵᠢᠷᠤᠪᠠ᠃ ᠡᠨᠡ ᠬᠦ ᠵᠠᠬᠢᠳᠠᠯ ᠢ | ᠪᠢᠴᠢᠭᠰᠡᠨ ᠤ ᠳᠠᠷᠠᠭ᠎ᠠ᠂ ᠱᠧᠨ ᠶᠠᠨ ᠪᠢᠩ ᠄ ︽ᠪᠢ ᠦᠬᠦᠴᠢᠬᠡᠪᠡᠯ ᠶᠠᠭᠤ ᠪᠣᠯᠤᠭᠰᠠᠨ ᠢ ᠴᠤ ᠮᠡᠳᠡᠬᠦ ᠦᠭᠡᠢ | ᠪᠣᠯᠣᠨ᠎ᠠ᠂ ᠬᠡᠷᠪᠡ ᠲᠡᠷᠡ ᠦᠶᠡᠰ ᠲᠤ ᠨᠡᠬᠡᠮᠵᠢᠯᠡᠨ ᠵᠥᠪᠰᠢᠶᠡᠷᠡᠭᠰᠡᠨ ᠪᠣᠯ ᠮᠢᠨᠤ ᠨᠢᠭᠡ ᠨᠠᠰᠤᠨ ᠤ ᠢᠷᠠᠭᠤ ᠠᠯᠳᠠᠷ | ᠪᠤᠯᠬᠤ ᠶᠤᠮ︾ ᠭᠡᠪᠡ᠃ 3 ᠰᠠᠷ᠎ᠠ ᠶᠢᠨ 27 ᠤ ᠡᠳᠦᠷ᠂ ᠡᠨᠡ ᠬᠦ ᠤᠳᠬ᠎ᠠ ᠵᠣᠬᠢᠶᠠᠯ ᠤᠨ ᠲᠠᠪᠴᠠᠩ ᠤᠨ ᠠᠪᠤᠷᠭᠤ | ᠣᠳᠣᠨ ᠥᠨᠢᠳᠡ ᠬᠠᠯᠢᠵᠠᠢ᠃ 3 ᠰᠠᠷ᠎ᠠ ᠶᠢᠨ 31 ᠤ ᠡᠳᠦᠷ᠂ ᠨᠠᠮ ᠤᠨ ᠲᠥᠪ ᠬᠤᠷᠢᠶ᠎ᠠ ︽ᠱᠧᠨ ᠶᠠᠨ | ᠪᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠠᠷᠢᠶ᠎ᠠ ᠶᠢ ᠰᠡᠷᠭᠦᠭᠡᠵᠦ᠂ ᠨᠠᠮ ᠳᠤ ᠣᠷᠣᠭᠰᠠᠨ | ᠣᠨ ᠵᠢᠯ ᠢ 1921 ᠣᠨ ᠠᠴᠠ ᠡᠬᠢᠯᠡᠵᠦ ᠪᠤᠳᠤᠨ᠎ᠠ︾ ᠭᠡᠰᠡᠨ ᠲᠣᠭᠲᠠᠭᠠᠯ ᠭᠠᠷᠭᠠᠪᠠ᠃ | ᠱᠧᠨ ᠶᠠᠨ ᠪᠢᠩ ᠨᠠᠮ ᠤᠨ ᠡᠬᠢᠨ ᠤ ᠦᠶ᠎ᠡ ᠶᠢᠨ ᠬᠦᠴᠢᠷᠳᠡᠯᠲᠡᠢ ᠦᠶ᠎ᠡ ᠳᠤ ᠨᠠᠮ ᠳᠤ ᠣᠷᠣᠭᠰᠠᠨ | ᠪᠥᠭᠡᠳ ᠨᠠᠮ ᠲᠠᠢ ᠬᠠᠮᠲᠤ ᠬᠦᠴᠢᠷ ᠪᠡᠷᠬᠡᠰᠢᠶᠡᠯ ᠢ ᠲᠤᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠲᠠᠢ | ᠬᠠᠷᠢᠯᠴᠠᠭ᠎ᠠ ᠲᠠᠰᠤᠷᠠᠬᠰᠠᠨ ᠴᠦ ᠥᠪᠡᠷ ᠤᠨ ᠤᠬᠠᠮᠰᠠᠷ ᠠᠴᠠ ᠪᠠᠨ ᠬᠤᠪᠢᠰᠬᠠᠯ ᠤᠨ ︽ᠬᠡᠩᠭᠡᠷᠭᠡᠴᠢᠨ︾ ᠪᠠ ︽ | ᠪᠦᠷᠢᠶ᠎ᠡ︾ ᠪᠣᠯᠪᠠ᠃ ᠨᠠᠮ ᠢᠯᠠᠯᠲᠠ ᠣᠯᠣᠭᠰᠠᠨ ᠤ ᠳᠠᠷᠠᠭ᠎ᠠ ᠦᠷᠭᠦᠯᠵᠢᠯᠡᠨ ᠨᠠᠮ ᠤᠨ ᠲᠥᠯᠥᠭᠡ ᠵᠢᠳᠬᠦᠵᠦ᠂ | ᠨᠠᠰᠤ ᠪᠠᠷᠠᠬᠤ ᠠᠴᠠ ᠪᠠᠨ ᠡᠮᠦᠨ᠎ᠡ ᠨᠠᠮ ᠳᠠᠭᠠᠨ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠯ᠎ᠠ᠃ ᠲᠡᠭᠦᠨ ᠤ | ᠬᠦᠰᠡᠯᠡᠩ᠂ ᠢᠲᠡᠭᠡᠯ ᠵᠣᠷᠢᠭ ᠤᠨ ᠲᠤᠬᠠᠢ ᠬᠥᠭᠡᠭᠡᠴᠡᠯᠳᠦᠯ ᠨᠢ ᠡᠷᠡᠰ ᠪᠠᠲᠤ ᠪᠠᠷᠢᠮᠲᠠᠯᠠᠯ ᠪᠣᠯ ᠶᠠᠭᠤ ᠭᠡᠳᠡᠭ ᠢ | ᠭᠦᠢᠴᠡᠳ ᠢᠯᠡᠷᠡᠭᠦᠯᠵᠡᠢ᠃ | ᠢᠷᠡᠯᠲᠡ᠄ ︽ᠡᠪ ᠬᠠᠮᠲᠤ ᠨᠠᠮ ᠤᠨ ᠭᠡᠰᠢᠭᠦᠨ ᠤ ᠮᠡᠳᠡᠬᠦ | ᠶᠣᠰᠣᠲᠠᠢ ᠨᠠᠮ ᠤᠨ ᠲᠡᠦᠬᠡ ᠶᠢᠨ ᠵᠢᠵᠢᠭ ᠦᠯᠢᠭᠡᠷ ᠤᠳ ︾ |