﹇ᠬᠠᠤᠯᠢ ᠳᠦᠷᠢᠮ﹈ ᠴᠠᠭᠢᠯᠭᠠᠨ ᠬᠤᠯᠪᠣᠭᠠᠨ ᠤ ᠮᠡᠬᠡᠯᠡᠯ ᠢ ᠰᠡᠷᠡᠮᠵᠢᠯᠡᠵᠦ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢᠶᠠᠨ ᠬᠠᠮᠠᠭᠠᠯᠠᠭᠠᠷᠠᠢ
ᠨᠡᠶᠢᠲᠡᠯᠡᠭᠰᠡᠨ ᠴᠠᠭ᠄
2025/5/21
                     ᠬᠡᠷᠡᠭ ᠤᠨ ᠵᠢᠱᠢᠶ᠎ᠡ          ᠵᠠᠩ ᠠᠪᠠᠭ᠋ᠠᠢ ︽ᠮᠥᠩᠭᠦᠨ ᠭᠦᠢᠯᠭᠡᠭᠡᠨ ᠤ ᠪᠠᠶᠢᠭᠤᠯᠤᠮᠵᠢ︾ ᠭᠡᠰᠡᠨ ᠤᠲᠠᠰᠤ ᠶᠢ ᠳᠤᠰᠬᠤ ᠳᠤ᠂ ᠨᠥᠭᠦᠭᠡ ᠡᠲᠡᠭᠡᠳ ᠨᠢ ︽ᠳᠡᠭᠡᠳᠦ ᠵᠡᠷᠭᠡ ᠶᠢᠨ ᠬᠠᠳᠠᠭᠠᠯᠠᠮᠵᠢ ᠶᠢᠨ ᠪᠠᠲᠤᠯᠠᠭ᠎ᠠ ᠶᠢᠨ ᠲᠥᠯᠥᠪᠯᠡᠭᠡ︾ ᠭᠡᠳᠡᠭ ᠢᠶᠠᠨ ᠲᠠᠨᠢᠯᠴᠠᠭᠤᠯᠵᠤ᠂ ᠪᠠᠭ᠎ᠠ ᠲᠣᠭᠠᠨ ᠤ ᠵᠠᠷᠤᠳᠠᠯ ᠢ ᠲᠤᠰᠢᠶᠠᠪᠠᠯ ᠶᠡᠭᠡ ᠲᠣᠭᠠᠨ ᠤ ᠬᠠᠳᠠᠭᠠᠯᠠᠮᠵᠢ ᠳᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠵᠤ ᠴᠢᠳᠠᠬᠤ ᠪᠥᠭᠡᠳ ᠲᠥᠯᠥᠪᠦᠷᠢ ᠦᠭᠡᠢ ᠪᠠᠶᠢᠳᠠᠯ ᠳᠣᠣᠷ᠎ᠠ ᠵᠠᠷᠤᠳᠠᠯ ᠢ ᠨᠢ ᠪᠦᠭᠦᠨ ᠢᠶᠠᠷ ᠨᠢ ᠪᠤᠴᠠᠭᠠᠵᠤ ᠥᠭᠭᠦᠨ᠎ᠡ ᠭᠡᠵᠡᠢ᠃ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠲᠥᠯᠥᠭᠡ᠂ ︽ᠬᠡᠷᠡᠭᠯᠡᠭᠴᠢᠳ ᠤᠨ ᠦᠢᠯᠡᠴᠢᠯᠡᠭᠡ︾ ᠎ ᠳᠤ ᠵᠠᠩ ᠠᠪᠠᠭ᠋ᠠᠢ ᠶᠢᠨ ᠸᠢᠴᠠᠲ ᠢ ᠨᠡᠮᠡᠵᠦ᠂ ᠠᠯᠪᠠᠨ ᠤ ᠲᠠᠯ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠪᠣᠯᠣᠨ ᠳᠦᠷᠰᠦ ᠰᠢᠩᠭᠡᠭᠡᠯᠲᠡ ᠪᠠᠨ ᠢᠯᠡᠭᠡᠬᠦ ᠶᠢᠨ ᠬᠠᠮᠲᠤ ᠣᠬᠤᠷ ᠮᠡᠳᠡᠭᠡ ᠪᠠᠷ ᠳᠠᠮᠵᠢᠭᠤᠯᠤᠨ ᠨᠢᠭᠡᠨ ᠳᠠᠩᠰᠠᠯᠠᠯᠲᠠ ᠶᠢᠨ ᠬᠤᠯᠪᠣᠭᠠᠰᠤ ᠶᠢ ᠢᠯᠡᠭᠡᠵᠡᠢ᠃ ᠵᠠᠩ ᠠᠪᠠᠭ᠋ᠠᠢ ᠲᠡᠭᠦᠨ ᠤ ᠬᠡᠯᠡᠭᠰᠡᠨ ᠶᠣᠰᠣᠭᠠᠷ ᠪᠠᠩᠬᠢ ᠶᠢᠨ ᠺᠠᠷᠲ ᠤᠨ ᠮᠡᠳᠡᠭᠡ ᠵᠠᠩᠭᠢ ᠶᠢ ᠣᠷᠣᠭᠤᠯᠤᠭᠰᠠᠨ ᠳᠤ᠂ ᠮᠠᠰᠢ ᠲᠦᠷᠭᠡᠨ ᠢᠶᠠᠷ ᠪᠡᠯᠡ ᠮᠥᠩᠭᠦ ᠶᠢ ᠰᠢᠯᠵᠢᠭᠦᠯᠦᠨ ᠭᠠᠷᠭᠠᠭᠰᠠᠨ ᠮᠡᠳᠡᠭᠳᠡᠯ ᠢ ᠣᠯᠵᠠᠢ᠃ ᠵᠠᠩ ᠠᠪᠠᠭ᠋ᠠᠢ ᠤᠴᠢᠷ ᠶᠠᠪᠤᠳᠠᠯ ᠪᠤᠷᠤᠭᠤ ᠵᠦᠭ ᠲᠡᠭᠡᠨ ᠬᠠᠨᠳᠤᠭᠰᠠᠨ ᠢ ᠮᠡᠳᠡᠭᠡᠳ ᠪᠠᠩᠬᠢ ᠳᠤ ᠬᠦᠷᠴᠦ ᠪᠠᠶᠢᠴᠠᠭᠠᠨ ᠯᠠᠪᠯᠠᠭᠰᠠᠨ ᠳᠤ ᠴᠠᠭᠢᠯᠭᠠᠨ ᠬᠤᠯᠪᠣᠭᠠᠨ ᠤ ᠮᠡᠬᠡᠯᠡᠯ ᠳᠤ ᠤᠴᠠᠷᠠᠭᠰᠠᠨ ᠪᠠᠶᠢᠪᠠ᠃ ᠲᠣᠰ ᠬᠡᠷᠡᠭ ᠤᠨ ᠵᠢᠱᠢᠶ᠎ᠡ ᠨᠢ ᠣᠯᠠᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠩᠬᠢᠨᠢ ᠪᠤᠰᠤ ᠠᠷᠭ᠎ᠠ ᠵᠠᠮ ᠢᠶᠠᠷ ᠬᠤᠪᠢ ᠬᠥᠮᠥᠨ ᠤ ᠮᠡᠳᠡᠭᠡ ᠵᠠᠩᠭᠢ ᠶᠢ ᠠᠪᠬᠤ ᠪᠤᠶᠤ ᠲᠠᠩᠰᠠ ᠰᠢᠯᠵᠢᠭᠦᠯᠬᠦ ᠪᠠᠷ ᠱᠠᠭᠠᠷᠳᠠᠬᠤ ᠦᠭᠡᠢ᠂ ᠡᠶᠢᠮᠦᠷᠬᠦᠦ ᠪᠠᠶᠢᠳᠠᠯ ᠲᠣᠬᠢᠶᠠᠯᠳᠤᠪᠠᠯ ᠲᠡᠷᠡ ᠳᠠᠷᠤᠢ ᠪᠠᠩᠬᠢ ᠪᠤᠶᠤ ᠬᠢᠨᠠᠨ ᠬᠠᠮᠢᠶᠠᠷᠬᠤ ᠪᠠᠶᠢᠭᠤᠯᠤᠮᠵᠢ ᠳᠤ ᠤᠲᠠᠰᠤᠳᠠᠵᠤ ᠬᠢᠨᠠᠨ ᠬᠠᠷᠭᠤᠭᠤᠯᠬᠤ ᠬᠡᠷᠡᠭᠲᠡᠢ ᠭᠡᠳᠡᠭ ᠢ ᠰᠡᠷᠡᠮᠵᠢᠯᠡᠭᠦᠯᠵᠡᠢ᠃          ᠬᠡᠷᠡᠭ ᠤᠨ ᠵᠠᠳᠠᠯᠤᠯᠲᠠ          ᠵᠢᠩᠬᠢᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠠᠭᠠᠬᠢᠭᠰᠠᠨ ᠴᠤ ᠤᠲᠠᠰᠤ᠂ ᠣᠬᠤᠷ ᠴᠢᠮᠡᠭᠡ ᠪᠤᠶᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠵᠡᠷᠭᠡ ᠵᠢᠩᠬᠢᠨᠢ ᠪᠤᠰᠤ ᠠᠷᠭ᠎ᠠ ᠵᠠᠮ ᠢᠶᠠᠷ ᠬᠤᠪᠢ ᠬᠥᠮᠥᠨ ᠤ ᠮᠡᠳᠡᠭᠡ ᠵᠠᠩᠭᠢ ᠶᠢ ᠠᠪᠬᠤ ᠦᠭᠡᠢ ᠶᠤᠮ᠂ ᠵᠢᠱᠢᠶᠡᠯᠡᠪᠡᠯ ᠪᠠᠩᠬᠢ ᠶᠢᠨ ᠲᠠᠩᠰᠠᠨ ᠡᠷᠦᠭᠡ᠂ ᠨᠢᠭᠤᠴᠠ ᠨᠣᠮᠧᠷ ᠪᠤᠶᠤ ᠰᠢᠯᠭᠠᠨ ᠪᠠᠲᠤᠯᠠᠬᠤ ᠺᠣᠳ᠋ ᠢ ᠠᠪᠬᠤ ᠦᠭᠡᠢ᠂ ᠮᠥᠨ ᠴᠦ ᠬᠡᠷᠡᠭᠯᠡᠭᠴᠢᠳ ᠢ ᠰᠢᠭᠤᠳ ᠲᠠᠩᠰᠠ ᠰᠢᠯᠵᠢᠭᠦᠯᠵᠦ ᠦᠢᠯᠡᠴᠢᠯᠡᠭᠡ ᠨᠡᠮᠡᠭᠳᠡᠭᠦᠯᠬᠦ ᠪᠠᠷ ᠱᠠᠭᠠᠷᠳᠠᠬᠤ ᠦᠭᠡᠢ ᠶᠤᠮ᠃ ᠬᠡᠷᠪᠡ ᠡᠶᠢᠮᠦᠷᠬᠦᠦ ᠪᠠᠶᠢᠳᠠᠯ ᠲᠣᠬᠢᠶᠠᠯᠳᠤᠪᠠᠯ᠂ ᠨᠥᠭᠦᠭᠡ ᠡᠲᠡᠭᠡᠳ ᠲᠠᠢ ᠪᠠᠨ ᠬᠠᠷᠢᠯᠴᠠᠬᠤ ᠪᠠᠨ ᠳᠠᠷᠤᠶᠢᠬᠠᠨ ᠵᠣᠬᠰᠣᠬᠤ ᠶᠢᠨ ᠬᠠᠮᠲᠤ᠂ ᠠᠯᠪᠠᠨ ᠤ ᠲᠠᠯ᠎ᠠ ᠶᠢᠨ ᠤᠲᠠᠰᠤ ᠶᠢ ᠤᠲᠠᠰᠤᠳᠠᠬᠤ ᠪᠤᠶᠤ ᠪᠡᠶ᠎ᠡ ᠪᠠᠷ ᠢᠶᠠᠨ ᠪᠠᠩᠬᠢ ᠳᠤ ᠬᠦᠷᠴᠦ ᠬᠢᠨᠠᠨ ᠬᠠᠷᠭᠤᠭᠤᠯᠬᠤ ᠬᠡᠷᠡᠭᠲᠡᠢ᠃ ᠣᠯᠠᠨ ᠨᠡᠶᠢᠲᠡ ᠪᠠᠷ ᠢᠶᠠᠨ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠨ᠂ ᠲᠣᠳᠣᠷᠬᠠᠢ ᠪᠤᠰᠤ ᠬᠤᠯᠪᠣᠭᠠᠰᠤ ᠶᠢ ᠲᠣᠪᠴᠢᠳᠠᠬᠤ ᠪᠤᠶᠤ ᠢᠲᠡᠭᠡᠮᠵᠢ ᠦᠭᠡᠢ ᠰᠦᠯᠵᠢᠶᠡᠨ ᠳᠡᠭᠡᠷ᠎ᠡ ᠬᠤᠪᠢ ᠬᠥᠮᠥᠨ ᠤ ᠮᠡᠳᠡᠭᠡ ᠵᠠᠩᠭᠢ ᠪᠠᠨ ᠣᠷᠣᠭᠤᠯᠬᠤ ᠠᠴᠠ ᠵᠠᠶᠢᠯᠠᠰᠬᠢᠬᠤ ᠬᠡᠷᠡᠭᠲᠡᠢ᠃ ᠰᠡᠵᠢᠭᠯᠡᠯᠲᠡᠢ ᠪᠠᠶᠢᠳᠠᠯ ᠲᠣᠬᠢᠶᠠᠯᠳᠤᠪᠠᠯ᠂ ᠪᠠᠩᠬᠢ ᠪᠤᠶᠤ ᠬᠠᠮᠢᠶ᠎ᠠ ᠪᠦᠬᠦᠢ ᠬᠢᠨᠠᠨ ᠬᠠᠮᠢᠶᠠᠷᠬᠤ ᠪᠠᠶᠢᠭᠤᠯᠤᠮᠵᠢ ᠳᠤ ᠴᠠᠭ ᠲᠤᠬᠠᠢ ᠳᠤᠨᠢ ᠮᠡᠳᠡᠭᠦᠯᠵᠦ᠂ ᠪᠡᠯᠡ ᠮᠥᠩᠭᠦ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃          ᠰᠠᠨᠠᠭᠤᠯᠤᠮᠵᠢ          ᠵᠢᠩᠬᠢᠨᠢ ᠠᠷᠭ᠎ᠠ ᠵᠠᠮ ᠢᠶᠠᠷ ᠮᠡᠳᠡᠭᠡ ᠵᠠᠩᠭᠢ ᠶᠢ ᠬᠢᠨᠠᠨ ᠬᠠᠷᠭᠤᠭᠤᠯᠤᠨ᠎ᠠ᠄ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠠᠭᠠᠬᠢᠭᠰᠠᠨ ᠴᠤ ᠤᠲᠠᠰᠤ᠂ ᠣᠬᠤᠷ ᠮᠡᠳᠡᠭᠡ ᠪᠤᠶᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠬᠤᠪᠢ ᠶᠢᠨ ᠵᠠᠬᠢᠳᠠᠯ ᠢᠶᠠᠷ ᠬᠤᠪᠢ ᠬᠥᠮᠥᠨ ᠤ ᠮᠡᠳᠡᠭᠡ ᠵᠠᠩᠭᠢ ᠶᠢ ᠠᠪᠬᠤ ᠪᠤᠶᠤ ᠰᠢᠭᠤᠳ ᠲᠠᠩᠰᠠ ᠰᠢᠯᠵᠢᠭᠦᠯᠬᠦ ᠪᠠᠷ ᠱᠠᠭᠠᠷᠳᠠᠬᠤ ᠦᠭᠡᠢ ᠶᠤᠮ᠃ ᠡᠶᠢᠮᠦᠷᠬᠦᠦ ᠪᠠᠶᠢᠳᠠᠯ ᠲᠣᠬᠢᠶᠠᠯᠳᠤᠪᠠᠯ᠂ ᠬᠠᠷᠢᠯᠴᠠᠬᠤ ᠪᠠᠨ ᠳᠠᠷᠤᠶᠢᠬᠠᠨ ᠵᠣᠬᠰᠣᠬᠤ ᠶᠢᠨ ᠬᠠᠮᠲᠤ ᠪᠠᠩᠬᠢ ᠶᠢᠨ ᠠᠯᠪᠠᠨ ᠤ ᠲᠠᠯ᠎ᠠ ᠶᠢᠨ ᠵᠣᠴᠢᠳ ᠤᠨ ᠦᠢᠯᠡᠴᠢᠯᠡᠭᠡ ᠳᠤ ᠤᠲᠠᠰᠤᠳᠠᠬᠤ ᠪᠤᠶᠤ ᠥᠪᠡᠷ ᠤᠨ ᠪᠡᠶ᠎ᠡ ᠪᠠᠷ ᠢᠶᠠᠨ ᠪᠠᠩᠬᠢ ᠳᠤ ᠬᠦᠷᠴᠦ ᠬᠢᠨᠠᠨ ᠬᠠᠷᠭᠤᠭᠤᠯᠬᠤ ᠬᠡᠷᠡᠭᠲᠡᠢ᠃          ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠨ᠎ᠠ᠄ ᠰᠦᠯᠵᠢᠶᠡᠨ ᠳᠡᠭᠡᠷ᠎ᠡ ᠪᠤᠶᠤ ᠤᠲᠠᠰᠤᠨ ᠳᠡᠭᠡᠷ᠎ᠡ ᠪᠠᠩᠬᠢ ᠶᠢᠨ ᠲᠠᠩᠰᠠᠨ ᠡᠷᠦᠭᠡ᠂ ᠨᠢᠭᠤᠴᠠ ᠨᠣᠮᠧᠷ᠂ ᠰᠢᠯᠭᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ ᠤ ᠮᠡᠳᠡᠭᠡ ᠵᠠᠩᠭᠢ ᠶᠢ ᠭᠢᠯᠪᠠᠷᠬᠠᠨ ᠢᠶᠠᠷ ᠵᠠᠳᠠᠷᠠᠭᠤᠯᠵᠤ ᠪᠤᠯᠬᠤ ᠦᠭᠡᠢ᠃ ᠵᠥᠪᠭᠡᠨ ᠠᠮᠤᠷ ᠲᠦᠪᠰᠢᠨ ᠨᠠᠶᠢᠳᠠᠪᠤᠷᠢᠲᠠᠢ ᠲᠠᠪᠴᠠᠩ ᠳᠤ ᠡᠲᠡᠭᠡᠷ ᠮᠡᠳᠡᠭᠡ ᠵᠠᠩᠭᠢ ᠶᠢ ᠣᠷᠣᠭᠤᠯᠬᠤ ᠶᠢ ᠪᠠᠲᠤᠯᠠᠬᠤ ᠶᠢᠨ ᠬᠠᠮᠲᠤ ᠳᠠᠪᠬᠤᠷ ᠰᠢᠯᠭᠠᠨ ᠪᠠᠲᠤᠯᠠᠬᠤ ᠠᠷᠭ᠎ᠠ ᠪᠠᠷ ᠲᠠᠩᠰᠠᠨ ᠡᠷᠦᠭᠡ ᠶᠢᠨ ᠠᠮᠤᠷ ᠲᠦᠪᠰᠢᠨ ᠤ ᠴᠢᠨᠠᠷ ᠢ ᠨᠡᠮᠡᠭᠳᠡᠭᠦᠯᠦᠨ᠎ᠡ᠃              ᠲᠣᠳᠣᠷᠬᠠᠢ ᠪᠤᠰᠤ ᠬᠤᠯᠪᠣᠭᠠᠰᠤ ᠪᠠ ᠮᠠᠲ᠋ᠧᠷᠢᠶᠠᠯ ᠢ ᠰᠡᠷᠡᠮᠵᠢᠯᠡᠨ᠎ᠡ᠄ ᠢᠷᠡᠯᠲᠡ ᠨᠢ ᠲᠣᠳᠣᠷᠬᠠᠢ ᠪᠤᠰᠤ ᠬᠤᠯᠪᠣᠭᠠᠰᠤ ᠪᠠ ᠠᠯᠪᠠᠨ ᠤ ᠲᠠᠯ᠎ᠠ ᠶᠢᠨ ᠮᠠᠲ᠋ᠧᠷᠢᠶᠠᠯ ᠭᠡᠳᠡᠭ ᠲᠤ ᠰᠡᠷᠡᠮᠵᠢ ᠲᠠᠢ ᠬᠠᠨᠳᠤᠵᠤ᠂ ᠰᠡᠵᠢᠭᠯᠡᠯᠲᠡᠢ ᠬᠤᠯᠪᠣᠭᠠᠰᠤ ᠶᠢ ᠲᠣᠪᠴᠢᠳᠠᠬᠤ ᠪᠤᠶᠤ ᠥᠯᠥ ᠮᠡᠳᠡᠬᠦ ᠮᠠᠲ᠋ᠧᠷᠢᠶᠠᠯ ᠢ ᠪᠠᠭᠤᠯᠭᠠᠬᠤ ᠠᠴᠠ ᠵᠠᠶᠢᠯᠠᠰᠬᠢᠵᠦ᠂ ᠬᠤᠪᠢ ᠬᠥᠮᠥᠨ ᠤ ᠮᠡᠳᠡᠭᠡ ᠵᠠᠩᠭᠢ ᠶᠢ ᠵᠠᠳᠠᠷᠠᠭᠤᠯᠬᠤ ᠵᠥᠭᠡᠯᠡᠨ ᠲᠣᠨᠤᠭ ᠠᠴᠠ ᠰᠡᠷᠭᠡᠶᠢᠯᠡᠨ᠎ᠡ᠃   ︵ᠳᠤᠮᠳᠠᠳᠤ ᠤᠯᠤᠰ ᠤᠨ ᠳ᠋ᠠ ᠳ᠋ᠢ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠤᠮᠫᠠᠨᠢ ᠶᠢᠨ ᠸᠢᠴᠠᠲ ᠲᠠᠪᠴᠠᠩ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号