︽ᠬᠤᠶᠠᠷ ᠰᠢᠨ᠎ᠡ ︾ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠪᠠᠶᠢᠭᠤᠯᠤᠯ ᠲᠣᠭᠲᠠᠴᠠ ᠶᠢ ᠳᠠᠭᠢᠨ ᠪᠤᠶ ᠪᠣᠯᠭᠠᠪᠠ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠢᠶ᠎ᠠ ᠶᠢᠨ ᠠᠵᠢᠯ ᠤᠨ ᠳᠦᠷᠢᠮᠵᠢᠯ︾ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠪᠡ᠃ | ᠥᠪᠡᠷᠲᠡᠭᠡᠨ ᠵᠠᠰᠠᠬᠤ ᠣᠷᠣᠨ ᠤ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠬᠤᠷᠢᠶ᠎ᠠ ᠶᠢᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠂ ᠬᠡᠷᠡᠭ ᠵᠥᠪᠯᠡᠬᠦ ᠳᠦᠷᠢᠮ᠂ ᠬᠠᠷᠢᠭᠤᠴᠠᠯᠭ᠎ᠠ ᠶᠢᠨ | ᠰᠢᠰᠲ᠋ᠧᠮ᠂ ᠬᠤᠷᠠᠯ ᠤᠨ ᠳᠦᠷᠢᠮ ᠵᠡᠷᠭᠡ 8 ᠲᠠᠯ᠎ᠠ ᠶᠢᠨ 28 ᠵᠦᠢᠯ ᠤᠨ ᠠᠭᠤᠯᠭ᠎ᠠ ᠶᠢ ᠨᠠᠷᠢᠯᠢᠭᠵᠢᠭᠤᠯᠤᠨ | ᠲᠣᠳᠣᠷᠬᠠᠶᠢᠯᠠᠪᠠ᠃ | ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠢᠶ᠎ᠠ ᠶᠢᠨ ︽1 + N︾ | ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠰᠠᠭᠤᠷᠢ ᠶᠢ | ᠤᠯᠠᠮ ᠨᠢᠭᠡ ᠠᠯᠬᠤᠮ ᠪᠠᠬᠢᠵᠢᠭᠦᠯᠪᠡ᠃ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠬᠦᠴᠦᠲᠡᠢ | ᠪᠠᠲᠤᠯᠠᠭ᠎ᠠ ᠬᠠᠩᠭᠠᠪᠠ | ᠪᠦᠭᠦ ᠤᠯᠤᠰ ᠤᠨ ᠮᠤᠵᠢ ᠶᠢᠨ ᠱᠠᠲᠤᠨ ᠳᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠠᠮ ᠤᠨ ᠬᠤᠷᠢᠶ᠎ᠠ ᠶᠢ ᠤᠷᠢᠳ ᠢᠶᠠᠷ ᠵᠥᠪᠰᠢᠶᠡᠷᠡᠨ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠤ ᠲᠠᠰ ᠤᠨ 48 ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ᠂ 427 ᠠᠶᠢᠮᠠᠭ ᠬᠤᠲᠠ ᠶᠢᠨ ᠲᠠᠰ ᠤᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠢ ᠲᠣᠳᠣᠷᠬᠠᠶᠢᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠮ ᠤᠨ ᠪᠠᠶᠢᠭᠤᠯᠤᠯᠲᠠ ᠶᠢᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠬᠠᠮᠲᠤ ᠶᠢᠨ ᠠᠵᠢᠯᠯᠠᠭ᠎ᠠ ᠶᠢ ᠥᠷᠨᠢᠭᠦᠯᠪᠡ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ | ᠪᠠᠲᠤᠯᠠᠬᠤ 10 ᠵᠦᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠪᠠ᠃ | ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠦᠭᠦᠨ ᠢᠶᠠᠷ ᠢᠶᠠᠨ ᠨᠠᠮ ᠤᠨ | ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠵᠢᠯᠣᠭᠤᠳᠤᠨ ᠠᠬᠢᠭᠤᠯᠪᠠ᠃ | ᠶᠡᠭᠡ ᠲᠠᠯ᠎ᠠ ᠳᠤ ᠦᠢᠯᠡᠴᠢᠯᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ | ᠲᠦᠷᠭᠡᠨ ᠬᠦᠷᠭᠡᠬᠦ ᠠᠵᠢᠯ ᠲᠥᠷᠥᠯ ᠳᠤ ᠨᠡᠭᠦᠳᠡᠯ ᠨᠠᠮ ᠤᠨ ᠭᠡᠰᠢᠭᠦᠨ ᠤ ᠨᠠᠮ ᠤᠨ ᠡᠭᠦᠷ ᠢ 4 | ᠪᠠᠶᠢᠭᠤᠯᠵᠤ᠂ 201 ᠨᠡᠭᠦᠳᠡᠯ ᠨᠠᠮ ᠤᠨ ᠭᠡᠰᠢᠭᠦᠨ ᠢ ᠡᠳᠦᠷ ᠲᠤᠲᠤᠮ ᠤᠨ ᠬᠠᠮᠢᠶᠠᠷᠤᠯᠲᠠ ᠳᠤ ᠣᠷᠣᠭᠤᠯᠪᠠ᠃ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠢᠨ ᠡᠯ᠎ᠡ ᠲᠥᠷᠥᠯ ᠤᠨ ᠵᠠᠷᠤᠳᠠᠯ ᠢ 2500 ᠲᠦᠮᠡ ᠰᠢᠬᠠᠮ | ᠲᠥᠭᠦᠷᠢᠭ ᠲᠣᠬᠢᠷᠠᠭᠤᠯᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ | ᠳᠡᠮᠵᠢᠨ ᠪᠠᠲᠤᠯᠠᠬᠤ ᠳᠤ ᠬᠡᠷᠡᠭᠯᠡᠪᠡ᠃ | ᠰᠢᠨ᠎ᠡ ᠡᠵᠡᠩᠨᠡᠯᠲᠡ ᠶᠢᠨ ᠭᠡᠯᠪᠡᠷᠢ᠂ᠰᠢᠨ᠎ᠡ ᠠᠵᠢᠯ ᠣᠯᠭᠤᠯᠲᠠ ᠶᠢᠨ ᠪᠦᠯᠭᠦᠮ ᠨᠡᠶᠢᠲᠡ 35 ᠨᠠᠮ ᠤᠨ | ᠭᠡᠰᠢᠭᠦᠨ ᠡᠯᠰᠡᠪᠡ᠃ | 21 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠪᠠ᠃ | 878 ᠰᠢᠨ᠎ᠡ ᠡᠵᠡᠩᠨᠡᠯᠲᠡ ᠶᠢᠨ ᠭᠡᠯᠪᠡᠷᠢ ᠶᠢᠨ ᠠᠵᠤ ᠠᠬᠤᠶᠢᠯᠠᠯ ᠪᠣᠯᠣᠨ 46165 ᠰᠢᠨ᠎ᠡ ᠠᠵᠢᠯ | ᠣᠯᠭᠤᠯᠲᠠ ᠶᠢᠨ ᠪᠦᠯᠭᠦᠮ ᠨᠡᠶᠢᠲᠡ ᠶᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠂ ᠨᠡᠶᠢᠭᠡᠮ ᠤᠨ ᠵᠠᠰᠠᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠠᠵᠢᠯᠯᠠᠭ᠎ᠠ ᠳᠤ ᠢᠳᠡᠪᠬᠢᠲᠡᠢ | ᠣᠷᠣᠯᠴᠠᠭᠤᠯᠪᠠ᠃ | ᠨᠠᠮ ᠤᠨ ᠰᠢᠨ᠎ᠡ ᠶᠢ ᠡᠭᠦᠳᠬᠦ ᠤᠨᠤᠯ ᠤᠨ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ | ᠱᠤᠭᠤᠬᠤ ᠢᠨᠵᠧᠨᠧᠷᠢᠩ ᠢ ᠦᠷᠭᠦᠯᠵᠢᠯᠡᠨ ᠠᠬᠢᠭᠤᠯᠪᠠ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢᠨ ᠵᠢᠱᠢᠶ᠎ᠡ ᠦᠵᠡᠭᠦᠯᠭᠦ ᠪᠣᠯᠪᠠᠰᠤᠷᠠᠯ ᠤᠨ | ᠠᠩᠭᠢ ᠶᠢ 4 ᠬᠤᠭᠤᠴᠠᠭ᠎ᠠ ᠡᠷᠭᠢᠯᠡᠵᠦ᠂ ᠬᠤᠳᠠᠯᠳᠤᠭᠠᠴᠢᠳ ᠤᠨ ᠡᠪᠯᠡᠯ ᠤᠨ ᠨᠠᠮ ᠤᠨ ᠵᠣᠬᠢᠶᠠᠨ ᠪᠠᠶᠢᠭᠤᠯᠤᠯᠲᠠ | ᠶᠢᠨ ᠱᠦᠵᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠡᠯᠡ ᠭᠠᠷᠭᠠᠭᠴᠢ ᠪᠠ ᠰᠢᠨ᠎ᠡ ᠴᠠᠭ | ᠦᠶ᠎ᠡ ᠶᠢᠨ ᠠᠵᠤ ᠠᠬᠤᠶᠢᠯᠠᠯᠲᠠᠨ ᠤ ᠲᠤᠰᠬᠠᠢ ᠰᠡᠳᠦᠪᠲᠦ ᠪᠣᠯᠪᠠᠰᠤᠷᠠᠯ ᠢ 4 ᠬᠤᠭᠤᠴᠠᠭ᠎ᠠ ᠵᠣᠬᠢᠶᠠᠨ ᠪᠠᠶᠢᠭᠤᠯᠤᠨ | ᠥᠷᠨᠢᠭᠦᠯᠪᠡ᠃ | 300 ᠭᠠᠷᠤᠢ ᠤᠳᠠᠭ᠎ᠠ ᠬᠤᠯᠪᠤᠭᠠᠯᠠᠨ ᠰᠤᠷᠤᠯᠴᠠᠭᠤᠯᠬᠤ᠂ 600 ᠭᠠᠷᠤᠢ ᠲᠠᠯᠠᠪᠤᠷ ᠤᠬᠠᠭᠤᠯᠤᠨ | ᠲᠠᠶᠢᠯᠪᠤᠷᠢᠯᠠᠬᠤ ᠠᠵᠢᠯ ᠢ ᠥᠷᠨᠢᠭᠦᠯᠪᠡ᠃ | ᠤᠮᠠᠷᠠᠲᠤ ᠬᠢᠯᠢ ᠶᠢᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠮᠣ | ᠬᠢᠴᠢᠶᠡᠯ ᠤᠨ ᠲᠠᠩᠬᠢᠮ ᠢ 8 ᠬᠤᠭᠤᠴᠠᠭ᠎ᠠ ᠡᠷᠭᠢᠯᠡᠵᠦ᠂ ︽ᠥᠪᠥᠷ ᠮᠣᠩᠭᠤᠯ ᠬᠤᠳᠠᠯᠳᠤᠭᠠᠴᠢᠳ ᠤᠨ ᠲᠣᠮᠣ | ᠬᠢᠴᠢᠶᠡᠯ ᠤᠨ ᠲᠠᠩᠬᠢᠮ︾ ᠤᠨ ᠲᠤᠰᠬᠠᠢ ᠰᠡᠳᠦᠪᠲᠦ ᠣᠨᠣᠯ ᠤᠨ ᠰᠤᠷᠤᠯᠴᠠᠯᠭ᠎ᠠ ᠶᠢ 3 ᠬᠤᠭᠤᠴᠠᠭ᠎ᠠ ᠡᠷᠭᠢᠯᠡᠠ᠂ | 2 ᠲᠦᠮᠡ ᠭᠠᠷᠤᠢ ᠬᠥᠮᠥᠨ ᠤᠳᠠᠭ᠎ᠠ ᠭᠥᠯᠢᠶᠡᠨ ᠠᠪᠤᠪᠠ᠃ | ᠪᠦᠭᠦ ᠣᠷᠣᠨ ᠤ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ ᠵᠣᠬᠢᠶᠠᠨ ᠪᠠᠶᠢᠭᠤᠯᠤᠯᠲᠠ︾ ᠶᠢᠨ | ᠬᠦᠷᠢᠶᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ | ᠠᠵᠢᠯ ᠤᠨ ᠭᠤᠣᠯᠯᠠᠭᠴᠢ ᠬᠦᠴᠦᠨ᠂ ᠦᠨᠳᠦᠰᠦᠨ ᠱᠠᠲᠤᠨ ᠤ ᠨᠠᠮ ᠤᠨ ᠠᠵᠢᠯ ᠤᠨ ᠠᠵᠢᠯᠲᠠᠨ ᠪᠠ ᠡ᠊ᠩ ᠤᠨ ᠨᠠᠮ | ᠤᠨ ᠭᠡᠰᠢᠭᠦᠨ ᠵᠡᠷᠭᠡ ᠶᠢ ᠨᠡᠶᠢᠲᠡ 1400 ᠭᠠᠷᠤᠢ ᠤᠳᠠᠭ᠎ᠠ ᠲᠠᠰ ᠬᠤᠪᠢᠶᠠᠨ ᠲᠥᠷᠥᠯ ᠬᠤᠪᠢᠶᠠᠨ | ᠪᠤᠯᠪᠠᠰᠤᠷᠠᠭᠤᠯᠵᠤ᠂ 8 ᠲᠦᠮᠡ ᠭᠠᠷᠤᠢ ᠬᠥᠮᠥᠨ ᠤᠳᠠᠭ᠎ᠠ ᠶᠢ ᠬᠠᠮᠤᠷᠪᠠ᠃ | ᠰᠢᠨ᠎ᠡ ᠠᠵᠢᠯ ᠣᠯᠭᠤᠯᠲᠠ ᠶᠢᠨ ᠪᠦᠯᠭᠦᠮ ᠨᠡᠶᠢᠲᠡ ᠶᠢ ᠣᠨᠣᠴᠠᠲᠠᠢ ᠬᠠᠯᠠᠮᠵᠢᠯᠠᠨ ᠬᠠᠶᠢᠷᠠᠯᠠᠵᠤ | ᠦᠢᠯᠡᠴᠢᠯᠡᠪᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠠᠴᠠ | ᠲᠦᠷᠦᠭᠦᠯᠡᠵᠦ᠂ 14 ᠰᠠᠯᠠᠭ᠎ᠠ ᠮᠥᠴᠢᠷ ︵ᠨᠢᠭᠡᠴᠢ︶ ᠲᠠᠢ ᠬᠠᠮᠲᠤᠷᠠᠨ ︽ᠰᠢᠨ᠎ᠡ ᠠᠵᠢᠯ ᠣᠯᠭᠤᠯᠲᠠ ᠶᠢᠨ | ᠪᠦᠯᠭᠦᠮ ᠨᠡᠶᠢᠲᠡ ᠶᠢ ᠬᠠᠯᠠᠮᠵᠢᠯᠠᠨ ᠬᠠᠶᠢᠷᠠᠯᠠᠵᠤ ᠦᠢᠯᠡᠴᠢᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ | ᠰᠤᠳᠤᠯᠤᠨ ᠲᠣᠭᠲᠠᠭᠠᠪᠠ᠃ | ᠬᠠᠶᠢᠷ᠎ᠠ ᠬᠠᠯᠠᠮᠵᠢ ᠶᠢᠨ ᠥᠷᠲᠡᠭᠡ ᠶᠢ 681᠂ ᠵᠢᠯᠣᠭᠤᠴᠢ ᠶᠢᠨ ᠭᠡᠷ ᠢ 39 ᠰᠢᠨ᠎ᠡ ᠪᠠᠷ ᠪᠠᠶᠢᠭᠤᠯᠵᠤ | ᠂ ᠬᠤᠳᠠᠯᠳᠤᠭᠠᠴᠢᠳ ᠤᠨ ᠡᠪᠯᠡᠯ ᠤᠨ ᠨᠠᠮ ᠤᠨ ᠭᠡᠰᠢᠭᠦᠨ ᠪᠠ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ | ᠥᠷᠲᠡᠭᠡ ᠶᠢ 49 ᠪᠠᠶᠢᠭᠤᠯᠪᠠ᠃ | ᠲᠦᠷᠭᠡᠨ ᠬᠦᠷᠭᠡᠭᠴᠢ ᠳᠤ ᠰᠦᠢᠳᠬᠡᠯ ᠬᠤᠷᠢᠶᠠᠬᠤ ᠦᠭᠡᠢ ᠪᠠᠷ 3543 ᠤᠳᠠᠭ᠎ᠠ ᠪᠡᠶ᠎ᠡ ᠶᠢᠨ | ᠪᠠᠶᠢᠴᠠᠭᠠᠯᠲᠠ ᠬᠢᠵᠦ᠂ ᠰᠡᠳᠬᠢᠴᠡ ᠶᠢᠨ ᠯᠠᠪᠯᠠᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠶᠢ 754 ᠬᠥᠮᠥᠨ | ᠤᠳᠠᠭ᠎ᠠ ᠬᠠᠩᠭᠠᠪᠠ᠃ | ᠠᠵᠤ ᠠᠬᠤᠶᠢᠯᠠᠯ ᠤᠨ ᠲᠦᠷᠭᠡᠨ ᠬᠦᠷᠭᠡᠭᠴᠢ ᠳᠤ 2 ᠲᠦᠮᠡ ᠭᠠᠷᠤᠢ ᠬᠥᠮᠥᠨ ᠤᠳᠠᠭ᠎ᠠ ᠳᠠᠭᠠᠳᠬᠠᠯ | ᠬᠤᠳᠠᠯᠳᠤᠨ ᠠᠪᠴᠤ ᠥᠭᠬᠦ ᠶᠢ ᠠᠬᠢᠭᠤᠯᠪᠠ᠃ | ᠨᠠᠮ ᠤᠨ ᠪᠠᠶᠢᠭᠤᠯᠤᠯᠲᠠ ᠶᠢᠨ ᠠᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ | ᠦᠢᠯᠡᠳᠦᠯ ᠢ ᠭᠦᠢᠴᠡᠳ ᠪᠠᠳᠠᠷᠠᠭᠤᠯᠪᠠ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠨᠠᠮ ᠤᠨ ᠬᠤᠷᠢᠶ᠎ᠠ | 8 ᠠᠵᠢᠯ ᠲᠥᠷᠥᠯ ᠤᠨ ᠲᠤᠰᠬᠠᠢ ᠰᠡᠳᠦᠪ ᠬᠤᠪᠢᠶᠠᠨ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠬᠤᠳᠠᠯᠳᠤᠭᠠᠴᠢᠳ ᠤᠨ ᠡᠪᠯᠡᠯ ᠳᠤ ᠰᠢᠭᠤᠳ ᠬᠦᠷᠴᠦ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ | ᠲᠦᠷᠭᠡᠨ ᠬᠦᠷᠭᠡᠬᠦ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ | ᠥᠪᠡᠷᠲᠡᠭᠡᠨ ᠵᠠᠰᠠᠬᠤ ᠣᠷᠣᠨ ᠤ ᠱᠠᠲᠤᠨ ᠤ 91 ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ 156 ᠭᠡᠰᠢᠭᠦᠨ | ᠨᠢᠭᠡᠴᠢ ᠶᠢ ᠵᠣᠬᠢᠶᠠᠨ ᠪᠠᠶᠢᠭᠤᠯᠵᠤ 2048 ᠠᠵᠢᠯ ᠤᠨ ᠪᠠᠶᠢᠷᠢ ᠶᠢᠨ ᠣᠶᠤᠲᠠᠳ ᠤᠨ ᠠᠵᠢᠯ ᠣᠯᠭᠤᠯᠲᠠ ᠶᠢ | ᠳᠡᠮᠵᠢᠬᠦ ᠲᠤᠰᠬᠠᠢ ᠲᠠᠯᠠᠪᠤᠷ ᠤᠨ ᠤᠷᠢᠨ ᠡᠯᠰᠡᠬᠦ ᠠᠵᠢᠯ ᠢ ᠬᠠᠩᠭᠠᠵᠤ᠂ ᠲᠤᠬᠠᠢ ᠶᠢᠨ ᠲᠠᠯᠠᠪᠤᠷ ᠲᠤ 597 | ᠬᠥᠮᠥᠨ ᠲᠠᠢ ᠭᠡᠷ᠎ᠡ ᠲᠣᠭᠲᠠᠪᠠ᠃ | 4 ᠲᠦᠮᠡ ᠭᠠᠷᠤᠢ ᠰᠢᠨ᠎ᠡ ᠠᠵᠢᠯ ᠣᠯᠭᠤᠯᠲᠠ ᠶᠢᠨ ᠪᠦᠯᠭᠦᠮ ᠨᠡᠶᠢᠲᠡ ᠶᠢᠨ ᠨᠠᠮ ᠤᠨ ᠭᠡᠰᠢᠭᠦᠨ ᠪᠠ | ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠨᠡᠷ᠎ᠡ ᠮᠡᠳᠡᠭᠦᠯᠬᠦ ᠶᠢ ᠬᠥᠲᠥᠯᠥᠨ ᠵᠢᠯᠣᠭᠤᠳᠪᠠ᠃ | |