| •ᠬᠤᠩ ᠰᠢᠶᠠ | ︽ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠪᠦᠯᠭᠦᠮ ᠨᠡᠶᠢᠲᠡ ᠶᠢᠨ ᠨᠠᠮ ᠤᠨ ᠪᠠᠶᠢᠭᠤᠯᠤᠯᠲᠠ ᠶᠢ ᠲᠣᠪᠣᠶᠢᠮ᠎ᠠ | ᠰᠠᠶᠢᠲᠤᠷ ᠠᠳᠬᠤᠵᠤ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠤᠷᠢᠶᠠᠯᠠᠬᠤ ᠬᠦᠴᠦᠨ᠂ | ᠨᠢᠭᠲᠠᠷᠠᠭᠤᠯᠬᠤ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ︾ ᠭᠡᠬᠦ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ | ᠶᠢᠨ ᠨᠠᠮ ᠤᠨ ᠪᠠᠶᠢᠭᠤᠯᠤᠯᠲᠠ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠥᠭᠡᠳ ᠰᠢᠨ᠎ᠡ ᠴᠠᠭ ᠦᠶ᠎ᠡ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠮᠠᠨᠳᠤᠨ ᠬᠥᠭᠵᠢᠭᠰᠡᠨ | ᠨᠢ ᠴᠠᠭ ᠦᠶ᠎ᠡ ᠶᠢᠨ ᠬᠥᠭᠵᠢᠯᠲᠡ ᠶᠢᠨ ᠵᠠᠶᠢᠯᠠᠰᠢ ᠦᠭᠡᠢ ︽ᠪᠦᠲᠦᠭᠡᠭᠳᠡᠬᠦᠨ︾ ᠮᠥᠨ᠃ ᠢᠨᠲ᠋ᠧᠷ ᠰᠦᠯᠵᠢᠶᠡᠨ ᠤ | ᠮᠡᠷᠭᠡᠵᠢᠯ ᠤᠨ ᠨᠢᠰᠬᠦ ᠮᠡᠲᠦ ᠲᠦᠷᠭᠡᠨ ᠬᠥᠭᠵᠢᠯᠲᠡ ᠶᠢ ᠳᠠᠭᠠᠯᠳᠤᠨ᠂ ᠡᠯᠧᠺᠲᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠰᠦᠯᠵᠢᠶ᠎ᠡ ᠪᠠᠷ ᠲᠡᠷᠭᠡ ᠪᠣᠯᠵᠣᠬᠤ᠂ ᠵᠠᠬᠢᠶᠠᠯᠠᠭ᠎ᠠ ᠶᠢᠨ ᠪᠣᠳᠠᠰ | ᠬᠦᠷᠭᠡᠬᠦ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ ᠲᠠᠰᠤᠷᠠᠯᠲᠠ ᠦᠭᠡᠢ ᠢᠯᠡᠷᠡᠵᠦ᠂ ᠰᠦᠯᠵᠢᠶᠡᠨ ᠤ ᠬᠥᠲᠥᠯᠥᠭᠴᠢ᠂ | ᠰᠦᠯᠵᠢᠶ᠎ᠡ ᠪᠠᠷ ᠪᠣᠯᠵᠣᠬᠤ ᠲᠡᠷᠭᠡᠨ ᠪ᠊ ᠵᠢᠯᠣᠭᠤᠴᠢ᠂ ᠵᠠᠬᠢᠶᠠᠯᠠᠭ᠎ᠠ ᠬᠦᠷᠭᠡᠭᠴᠢ ᠵᠡᠷᠭᠡ ᠶᠡᠭᠡ ᠬᠡᠮᠵᠢᠶᠡᠨ ᠤ ᠰᠢᠨ᠎ᠡ | ᠠᠵᠢᠯ ᠣᠯᠭᠤᠯᠲᠠ ᠶᠢᠨ ᠪᠦᠯᠭᠦᠮ ᠨᠡᠶᠢᠲᠡ ᠶᠢ ᠪᠤᠶ ᠪᠤᠯᠭᠠᠬᠰᠠᠨ ᠪᠠᠶᠢᠨ᠎ᠠ᠃ ᠡᠭᠦᠨ ᠤ ᠵᠡᠷᠭᠡ ᠪᠠᠷ᠂ ᠡᠯ᠎ᠡ ᠲᠦᠷᠦᠯ | ᠤᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠴᠤ | ᠲᠠᠰᠤᠷᠠᠯᠳᠠ ᠦᠭᠡᠢ ᠴᠣᠯᠭᠤᠷᠠᠨ ᠭᠠᠷᠴᠤ᠂ ᠨᠡᠶᠢᠲᠡ ᠶᠢᠨ ᠠᠰᠠᠷᠠᠮᠵᠢ᠂ ᠰᠣᠶᠣᠯ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠵᠡᠷᠭᠡ ᠤᠯᠠᠨ ᠬᠦᠷᠢᠶᠡᠨ ᠳᠤ ᠢᠳᠡᠪᠬᠢᠲᠡᠢ ᠠᠵᠢᠯᠯᠠᠵᠤ᠂ ᠨᠡᠶᠢᠭᠡᠮ ᠳᠤ ᠤᠯᠠᠨ ᠡᠰᠢᠲᠦ ᠥᠩᠭᠡ ᠪᠤᠳᠤᠭ | ᠨᠡᠮᠡᠷᠢᠯᠡᠭᠰᠡᠨ ᠪᠠᠶᠢᠨ᠎ᠠ᠃ ᠭᠡᠪᠡᠴᠦ ᠡᠳᠡᠭᠡᠷ ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ ᠨᠢ ᠬᠥᠭᠵᠢᠯᠲᠡ ᠶᠢᠨ | ᠶᠠᠪᠤᠴᠠ ᠳᠠᠭᠠᠨ ᠪᠠᠰᠠ ᠮᠠᠰᠢ ᠤᠯᠠᠨ ᠰᠢᠯᠭᠠᠯᠲᠠ ᠳᠤ ᠲᠤᠯᠭᠠᠷᠠᠵᠤ ᠪᠠᠶᠢᠨ᠎ᠠ᠂ ᠵᠢᠱᠢᠶᠡᠯᠡᠪᠡᠯ ᠠᠵᠢᠯ ᠡᠷᠬᠢᠯᠡᠭᠰᠡᠳ | ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠴᠢᠬᠤᠯᠠᠲᠠᠢ ᠪᠠᠶᠢᠬᠤ᠂ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠬᠦᠷᠦᠯᠴᠡᠬᠦ ᠦᠭᠡᠢ ᠪᠠᠶᠢᠬᠤ᠂ ᠬᠥᠭᠵᠢᠯᠲᠡ ᠶᠢᠨ ᠴᠢᠭᠯᠡᠯ ᠲᠣᠳᠣᠷᠬᠠᠢ ᠦᠭᠡᠢ ᠪᠠᠶᠢᠬᠤ | ᠵᠡᠷᠭᠡ ᠪᠣᠯᠣᠨ᠎ᠠ᠂ ᠡᠳᠡᠭᠡᠷ ᠨᠢ ᠴᠥᠮ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠶᠢᠨ ᠴᠢᠬᠤᠯᠠ | ᠴᠢᠨᠠᠷ ᠢ ᠳᠤᠪᠤᠶᠢᠯᠭᠠᠵᠠᠢ᠃ | ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢ ᠠᠬᠢᠭᠤᠯᠬᠤ ᠪᠣᠯ | ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ᠃ ᠲᠡᠷᠡ ᠨᠢ ᠪᠢᠳᠡᠠ ᠢ ᠡᠷᠬᠡᠪᠰᠢ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠡᠯ᠎ᠡ ᠵᠦᠢᠯ ᠤᠨ | ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢ ᠱᠠᠭᠠᠷᠳᠠᠵᠤ᠂ ᠲᠠᠰᠤᠷᠠᠯᠲᠠ ᠦᠭᠡᠢ ᠬᠠᠶᠢᠨ ᠰᠦᠪᠡᠭᠴᠢᠯᠡᠨ | ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠨ᠂ ᠨᠠᠮ ᠤᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ ᠴᠢᠩᠭᠠᠳᠬᠠᠨ᠂ ᠨᠠᠮ ᠤᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠢ ᠬᠥᠭᠵᠢᠭᠡᠵᠦ᠂ ᠨᠠᠮ ᠤᠨ ᠪᠠᠶᠢᠭᠤᠯᠤᠯᠲᠠ ᠶᠢᠨ ᠴᠠᠭ ᠦᠶ᠎ᠡ ᠲᠠᠢ ᠵᠡᠷᠭᠡ ᠪᠠᠷ | ᠤᠷᠤᠭᠰᠢᠯᠠᠬᠤ ᠶᠢ ᠦᠨᠡᠨ ᠬᠦ ᠪᠠᠲᠤᠯᠠᠬᠤ ᠶᠢ ᠱᠠᠭᠠᠷᠳᠠᠵᠤ ᠪᠠᠶᠢᠳᠠᠭ᠃ ᠢᠩᠭᠢᠪᠡᠯ ᠰᠠᠶ᠋ᠢ ᠨᠠᠮ ᠤᠨ ᠤᠯᠤᠰ ᠲᠦᠷᠦ | ᠶᠢᠨ ᠳᠠᠪᠠᠭᠤᠯᠢᠭ ᠪᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠬᠥᠮᠥᠰ ᠤᠨ | ᠰᠡᠳᠬᠢᠯ ᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠲᠠᠷᠠᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠵᠤ ᠴᠢᠳᠠᠳᠠᠭ᠃ | ᠢᠷᠡᠭᠡᠳᠦᠢ ᠶᠢᠨ ᠠᠵᠢᠯ ᠳᠤᠮᠳᠠ ᠪᠠᠨ ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ | ᠤᠨ ᠪᠠᠶᠢᠭᠤᠯᠤᠯᠲᠠ ᠶᠢᠨ ᠦᠢᠯᠡᠳᠦᠯᠭᠡ ᠶᠢᠨ ᠰᠦᠪᠡᠭᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠯᠠᠬᠤ | ᠠᠷᠭ᠎ᠠ ᠪᠠ ᠲᠣᠭᠲᠠᠴᠠ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠦᠨ᠂ ᠤᠬᠠᠭᠤᠯᠵᠤ ᠬᠥᠲᠥᠯᠥᠨ | ᠵᠢᠯᠤᠭᠤᠳᠬᠤ ᠪᠠᠨ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠪᠠ ᠤᠯᠠᠨ ᠲᠦᠮᠡᠨ ᠤ ︽ᠭᠤᠷᠪᠠᠨ | ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ | ᠳᠡᠭᠡᠭᠰᠢᠯᠡᠭᠦᠯᠪᠡᠯ᠂ ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠯᠠᠪᠲᠠᠢ ᠰᠢᠨ᠎ᠡ | ᠴᠠᠭ ᠦᠶ᠎ᠡ ᠰᠢᠨ᠎ᠡ ᠠᠶᠠᠨ ᠵᠠᠮ ᠳᠤ ᠨᠡᠩ ᠭᠡᠷᠡᠯ ᠰᠠᠴᠤᠷᠠᠩᠭᠤᠢ ᠠᠮᠵᠢᠯᠲᠠ ᠶᠢ ᠣᠯᠬᠤ ᠶᠤᠮ᠃ | |