| | | ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ᠃ ᠨᠠᠮ ᠤᠨ | ᠲᠥᠪ ᠬᠤᠷᠢᠶ᠎ᠠ ᠠᠴᠠ ᠲᠣᠭᠲᠠᠭᠠᠭᠰᠠᠨ ᠪᠦᠭᠦᠨ ᠢ ᠡᠷᠡᠰ ᠬᠡᠷᠡᠭᠵᠢᠭᠦᠯᠬᠦ ᠬᠡᠷᠡᠭᠲᠡᠢ᠂ ᠳᠤᠲᠠᠭᠤ ᠲᠤᠷᠭᠤᠨ | ᠬᠡᠷᠡᠭᠵᠢᠭᠦᠯᠵᠦ ᠪᠤᠯᠬᠤ ᠦᠭᠡᠢ︾᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ | ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠪᠦᠭᠦ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ 5 ᠲᠠᠯ᠎ᠠ ᠶᠢᠨ ᠭᠤᠣᠯᠳᠠᠯᠭ᠎ᠠ ᠲᠠᠢ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠣᠨᠴᠠᠭᠠᠶᠢᠯᠠᠨ ᠴᠢᠬᠤᠯᠠᠴᠢᠯᠠᠵᠤ᠂ ᠳᠠᠬᠢᠨᠲᠠ ᠬᠦᠴᠦᠲᠡᠢ ᠳᠣᠬᠢᠶ᠎ᠠ ᠶᠢ ᠳᠠᠮᠵᠢᠭᠤᠯᠪᠠ | ᠃ | ᠬᠡᠰᠡᠭ ᠬᠤᠭᠤᠴᠠᠭᠠᠨ ᠤ ᠲᠤᠷᠰᠢ᠂ ᠨᠥᠭᠡᠴᠡ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ | ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠠᠭᠠᠯᠳᠤᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠦᠢᠯᠡᠳᠪᠦᠷᠢᠯᠡᠯ ᠡᠵᠡᠩᠨᠡᠯᠲᠡ᠂ ᠰᠢᠨ᠎ᠡ ᠶᠢ ᠡᠭᠦᠳᠦᠨ ᠦᠢᠯᠡᠰ ᠪᠣᠰᠬᠠᠬᠤ᠂ ᠢᠲᠡᠭᠡᠯ ᠤᠨ ᠵᠢᠱᠢᠯᠲᠡ | ᠵᠡᠷᠭᠡ ᠲᠠᠯ᠎ᠠ ᠪᠠᠷ ᠴᠥᠮ ᠰᠠᠶᠢᠵᠢᠷᠠᠯᠲᠠ ᠲᠠᠢ ᠪᠣᠯᠵᠤ᠂ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠢᠯᠡᠷᠡᠪᠡ᠃ ︽ | ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ | ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠬᠤ | ᠬᠡᠷᠡᠭᠲᠡᠢ︾᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠣᠭᠤᠰ ᠢ ᠥᠷᠢᠲᠦᠵᠦ ᠪᠠᠶᠢᠭ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︾᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ | ᠬᠡᠷᠡᠭᠲᠡᠢ︾᠂ ︽ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠬᠡᠷᠡᠭᠲᠡᠢ︾᠂ ︽ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠣᠲᠣᠨᠣᠰᠤᠭ ᠴᠢᠬᠡᠴᠢ | ᠬᠠᠷᠢᠴᠠᠭ᠎ᠠ ᠶᠢ ᠤᠯᠠᠮ ᠨᠢᠭᠡ ᠠᠯᠬᠤᠮ ᠪᠠᠶᠢᠭᠤᠯᠬᠤ ᠬᠡᠷᠡᠭᠲᠡᠢ︾᠂ ᠡᠨᠡ ᠬᠦ 5 ᠲᠠᠯ᠎ᠠ ᠶᠢᠨ ᠭᠤᠣᠯᠳᠠᠯᠭ᠎ᠠ ᠲᠠᠢ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠯ | ᠨᠡᠯᠢᠶᠡᠳ ᠲᠥᠪᠯᠡᠷᠡᠩᠭᠦᠢ ᠪᠠᠶᠢᠭ᠎ᠠ ᠪᠣᠳᠠᠲᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠤ ᠶᠢ ᠨᠢᠭᠡᠳᠬᠡᠬᠦ | ᠳᠣᠲᠣᠭᠠᠳᠤ ᠱᠠᠭᠠᠷᠳᠠᠯᠭ᠎ᠠ ᠶᠢ ᠢᠯᠡᠷᠡᠭᠦᠯᠦᠨ᠂ ᠮᠠᠰᠢ ᠴᠢᠩᠭ᠎ᠠ ᠪᠣᠳᠠᠲᠤ ᠬᠠᠨᠳᠤᠯᠭᠠᠲᠤ ᠴᠢᠨᠠᠷ ᠪᠠ ᠵᠢᠯᠤᠭᠤᠳᠬᠤ | ᠴᠢᠨᠠᠷ ᠲᠠᠢ ᠶᠤᠮ᠃ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠣᠯ ᠡᠵᠡᠩᠨᠡᠯᠲᠡ ᠶᠢᠨ ᠭᠤᠣᠯ ᠴᠣᠭᠴᠠ ᠶᠢᠨ ᠠᠵᠤ | ᠠᠬᠤᠢ ᠶᠢᠨ ᠠᠵᠢᠯᠯᠠᠭ᠎ᠠ ᠳᠤ ᠣᠷᠤᠯᠴᠠᠬᠤ ᠶᠢᠨ ᠤᠷᠢᠲᠠᠯ ᠮᠥᠨ᠂ ᠡᠷᠬᠡ ᠲᠡᠭᠰᠢ ᠪᠠᠷ ᠥᠷᠢᠰᠦᠯᠳᠦᠬᠦ ᠪᠣᠯ ᠵᠠᠬ᠎ᠠ | ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠵᠠᠷᠴᠢᠮ ᠮᠥᠨ᠃ ᠶᠡᠷᠦᠩᠬᠡᠢ ᠱᠦᠵᠢ ᠰᠢ ᠶᠢᠨ ᠫᠢᠩ ︽ | ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ | ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠬᠤ | ᠬᠡᠷᠡᠭᠲᠡᠢ︾ ᠭᠡᠵᠦ ᠴᠢᠬᠤᠯᠠᠴᠢᠯᠠᠭᠰᠠᠨ ᠨᠢ ᠳᠠᠷᠤᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠡᠩ ᠡᠷᠬᠡ | ᠲᠡᠭᠰᠢ ᠬᠥᠭᠵᠢᠯᠲᠡ ᠶᠢᠨ ᠠᠵᠠ ᠲᠣᠭᠢᠶᠠᠯ ᠢ ᠡᠭᠦᠳᠴᠦ ᠥᠭᠬᠦ ᠶᠢᠨ ᠲᠥᠯᠥᠭᠡ ᠶᠤᠮ᠃ |