AI ᠡᠮᠴᠢ
ᠨᠡᠶᠢᠲᠡᠯᠡᠭᠰᠡᠨ ᠴᠠᠭ᠄
2025/5/21
         ᠤᠯᠤᠰ ᠤᠨ ᠳᠣᠲᠣᠭᠠᠳᠤ ᠶᠢᠨ ᠠᠩᠬᠠᠳᠠᠭᠴᠢ          ᠬᠡᠦᠬᠡᠳ ᠤᠨ ᠰᠠᠯᠠᠭᠠᠨ ᠤ AI ᠡᠮᠴᠢ          ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠪᠠ                     ᠣᠶᠢᠷ᠎ᠠ ᠶᠢᠨ ᠡᠳᠦᠷ᠂ ᠤᠯᠤᠰ ᠤᠨ ᠬᠡᠦᠬᠡᠳ ᠤᠨ ᠠᠨᠠᠭᠠᠬᠤ ᠤᠬᠠᠭᠠᠨ ᠤ ᠲᠥᠪ᠂ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠬᠠᠮᠲᠤᠷᠠᠨ ᠣᠨᠣᠰᠢᠯᠠᠬᠤ ᠲᠥᠪ   ᠲᠤ᠂ ᠨᠢᠭᠡᠨ ᠲᠤᠰᠬᠠᠢ ᠮᠡᠷᠭᠡᠵᠢᠯᠲᠡᠨ ᠭᠡᠯᠪᠡᠷᠢ ᠶᠢᠨ ᠬᠡᠦᠬᠡᠳ ᠤᠨ ᠰᠠᠯᠠᠭᠠᠨ ᠤ AI ᠡᠮᠴᠢ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠴᠤ᠂ ᠬᠡᠦᠬᠡᠳ ᠤᠨ ᠰᠠᠯᠠᠭᠠᠨ ᠤ 13 ᠲᠤᠰᠬᠠᠢ ᠮᠡᠷᠭᠡᠵᠢᠯᠲᠡᠨ ᠲᠠᠢ ᠬᠠᠮᠲᠤ ᠨᠢᠭᠡ ᠤᠳᠠᠭᠠᠨ ᠤ ᠬᠦᠴᠢᠷ ᠲᠦᠪᠡᠭᠲᠡᠢ ᠣᠯᠠᠨ ᠰᠢᠨᠵᠢᠯᠡᠭᠡᠨ ᠤ ᠰᠠᠯᠠᠭ᠎ᠠ ᠶᠢᠨ ᠬᠠᠮᠲᠤᠷᠠᠨ ᠣᠨᠣᠰᠢᠯᠠᠬᠤ ᠠᠵᠢᠯ ᠢ ᠪᠡᠶᠡᠯᠡᠭᠦᠯᠪᠡ᠃ ᠰᠤᠷᠪᠤᠯᠵᠢᠯᠠᠬᠴᠢ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠠᠴᠠ ᠣᠶᠢᠯᠠᠭᠠᠭᠰᠠᠨ ᠨᠢ᠂ ᠡᠨᠡ ᠪᠣᠯ ᠪᠦᠭᠦ ᠤᠯᠤᠰ ᠤᠨ ᠬᠡᠦᠬᠡᠳ ᠤᠨ ᠰᠠᠯᠠᠭᠠᠨ ᠤ ᠠᠩᠬᠠᠳᠠᠭᠴᠢAI ᠡᠮᠴᠢ ᠪᠣᠯᠣᠨ᠎ᠠ᠂ ᠡᠨᠡ ᠨᠢ ᠬᠤᠪᠣᠷ ᠲᠣᠬᠢᠶᠠᠯᠳᠤᠬᠤ ᠬᠦᠴᠢᠷ ᠲᠦᠪᠡᠭᠲᠡᠢ ᠡᠪᠡᠳᠴᠢᠨ ᠢ ᠣᠨᠣᠰᠢᠯᠠᠨ ᠵᠠᠰᠠᠬᠤ ᠳᠤ ᠬᠠᠪᠰᠤᠷᠤᠮᠵᠢ ᠪᠣᠯᠵᠤ᠂ ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠳᠤ ᠰᠢᠨ᠎ᠡ ᠬᠤᠪᠢᠰᠤᠯᠲᠠ ᠠᠪᠴᠢᠷᠠᠬᠤ ᠪᠣᠯᠣᠮᠵᠢ ᠲᠠᠢ ᠪᠠᠶᠢᠨ᠎ᠠ᠃           ︽ᠲᠣᠰ ᠤᠳᠠᠭ᠎ᠠ ᠠᠵᠢᠯ ᠤᠨ ᠪᠠᠶᠢᠷᠢ ᠳᠤ ᠭᠠᠷᠤᠭᠰᠠᠨ﹀ ᠬᠡᠦᠬᠡᠳ ᠤᠨ ᠰᠠᠯᠠᠭᠠᠨ ᠤ AI ᠡᠮᠴᠢ ᠪᠣᠯ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠰᠤᠳᠤᠯᠤᠨ ᠨᠡᠭᠡᠭᠡᠵᠦ ᠪᠠᠶᠢᠭ᠎ᠠ ᠬᠡᠦᠬᠡᠳ ᠤᠨ ᠡᠷᠡᠭᠦᠯ ᠮᠡᠨᠳᠦ ᠶᠢᠨ ᠵᠣᠬᠢᠶᠠᠮᠠᠯ ᠣᠶᠤᠨ ᠴᠢᠳᠠᠪᠤᠷᠢ ᠶᠢᠨ ᠲᠣᠮᠣ ᠵᠠᠭᠪᠤᠷ ᠤᠨ ᠰᠢᠷᠢᠰ ᠦᠢᠯᠡᠳᠬᠦᠨ ᠤ ᠨᠢᠭᠡ ᠮᠥᠨ᠂ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠰᠠᠯᠠᠭᠠᠨ ᠤ 300 ᠭᠠᠷᠤᠢ ᠨᠠᠷᠠᠲᠤ ᠲᠤᠰᠬᠠᠢ ᠮᠡᠷᠭᠡᠵᠢᠯᠲᠡᠨ ᠤ ᠡᠮᠴᠢᠯᠡᠭᠡᠨ ᠤ ᠲᠤᠷᠰᠢᠯᠭ᠎ᠠ ᠪᠠ ᠲᠤᠰᠬᠠᠢ ᠮᠡᠷᠭᠡᠵᠢᠯᠲᠡᠨ ᠤ ᠬᠡᠳᠦᠨ ᠠᠷᠪᠠᠨ ᠵᠢᠯ ᠤᠨ ᠴᠢᠨᠠᠷ ᠰᠠᠶᠢᠲᠠᠢ ᠡᠮᠴᠢᠯᠡᠭᠡᠨ ᠤ ᠥᠩᠭᠡᠷᠡᠯᠲᠡ ᠶᠢᠨ ᠲᠤᠭ᠎ᠠ ᠪᠠᠷᠢᠮᠲᠠ ᠶᠢ ᠨᠡᠶᠢᠳᠬᠡᠵᠡᠢ︾ ᠭᠡᠵᠦ ᠤᠯᠤᠰ ᠤᠨ ᠬᠡᠦᠬᠡᠳ ᠤᠨ ᠠᠨᠠᠭᠠᠬᠤ ᠤᠬᠠᠭᠠᠨ ᠤ ᠲᠥᠪ ᠤᠨ ᠡᠷᠭᠢᠯᠡᠭᠴᠢ᠂ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠨᠢ ᠰᠢᠨ ᠬᠡᠯᠡᠪᠡ᠃           ᠨᠢ ᠰᠢᠨ᠂ ᠡᠨᠡ ᠬᠦ ᠲᠤᠰᠬᠠᠢ ᠮᠡᠷᠭᠡᠵᠢᠯᠲᠡᠨ ᠭᠡᠯᠪᠡᠷᠢ ᠶᠢᠨ ᠬᠡᠦᠬᠡᠳ ᠤᠨ ᠰᠠᠯᠠᠭᠠᠨ ᠤ AI ᠡᠮᠴᠢ ᠨᠢ ᠡᠮᠴᠢᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠣᠯᠵᠤ᠂ ᠡᠮᠴᠢ ᠶᠢ ᠬᠠᠪᠰᠤᠷᠤᠨ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠠ ᠡᠷᠬᠡ ᠰᠦᠷᠲᠦ ᠵᠦᠭᠯᠡᠭᠦᠷ ᠢ ᠲᠦᠷᠭᠡᠨ ᠣᠯᠵᠤ ᠪᠤᠯᠬᠤ ᠮᠥᠷᠲᠡᠭᠡᠨ ᠪᠠᠰᠠ ᠡᠮᠴᠢ ᠳᠤ ᠬᠠᠪᠰᠤᠷᠤᠨ ᠬᠦᠴᠢᠷ ᠲᠦᠪᠡᠭᠲᠡᠢ ᠬᠤᠪᠣᠷ ᠲᠣᠬᠢᠶᠠᠯᠳᠤᠬᠤ ᠡᠪᠡᠳᠴᠢᠨ ᠢ ᠣᠨᠣᠰᠢᠯᠠᠬᠤ ᠪᠠ ᠡᠮᠨᠡᠨ ᠵᠠᠰᠠᠵᠤ᠂ ᠡᠮᠴᠢᠯᠡᠭᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠣᠯᠣᠨ᠎ᠠ ᠭᠡᠵᠦ ᠲᠠᠨᠢᠯᠴᠠᠭᠤᠯᠪᠠ᠃          ᠣᠶᠢᠯᠠᠭᠠᠭᠰᠠᠨ ᠢᠶᠠᠷ᠂ ᠲᠣᠰ ᠤᠳᠠᠭᠠᠨ ᠤ ᠬᠠᠮᠲᠤᠷᠠᠭᠰᠠᠨ ᠣᠨᠣᠰᠢᠯᠠᠯᠲᠠ ᠨᠢ ︽ᠬᠡᠦᠬᠡᠳ ᠤᠨ ᠰᠠᠯᠠᠭᠠᠨ ᠤ AI ᠡᠮᠴᠢ + ᠣᠯᠠᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯᠲᠡᠨ︾ ᠭᠡᠬᠦ ᠬᠤᠣᠰ ᠡᠮᠴᠢ ᠪᠠ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠨ ᠣᠨᠣᠰᠢᠯᠠᠬᠤ ᠰᠢᠨ᠎ᠡ ᠵᠠᠭᠪᠤᠷ ᠢ ᠡᠬᠢᠯᠡᠭᠦᠯᠪᠡ᠃ ᠲᠥᠷᠥᠯ ᠵᠦᠢᠯ ᠤᠨ ᠮᠡᠷᠭᠡᠵᠢᠯ ᠤᠨ ᠬᠠᠮᠲᠤᠷᠠᠯᠴᠠᠭᠠᠨ ᠤ ᠨᠢᠭᠡᠴᠢ ᠪᠤᠯᠬᠤ ᠪᠠᠢ ᠴᠤᠸᠠᠨ ᠣᠶᠤᠨᠴᠢ ᠺᠤᠮᠫᠠᠨᠢ ᠶᠢᠨ ᠡᠭᠦᠰᠬᠡᠨ ᠪᠠᠶᠢᠭᠤᠯᠤᠭᠴᠢ ᠂ CEO ᠸᠠᠩ ᠰᠢᠶᠣᠣ ᠴᠤᠸᠠᠨ᠂ ᠬᠡᠦᠬᠡᠳ ᠤᠨ ᠰᠠᠯᠠᠭᠠᠨ ᠤ AI ᠡᠮᠴᠢ ᠶᠢᠨ ᠬᠡᠷᠡᠭᠯᠡᠯᠲᠡ ᠨᠢ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢᠨ ᠲᠦᠭᠡᠮᠡᠯᠵᠢᠯᠲᠡ ᠪᠠ ᠲᠦᠭᠡᠮᠡᠯ ᠬᠠᠷᠠᠭᠠᠯᠵᠠᠯ ᠢ ᠲᠤᠶᠢᠯ ᠤᠨ ᠶᠡᠭᠡ ᠪᠠᠷ ᠠᠬᠢᠭᠤᠯᠬᠤ ᠪᠣᠯᠣᠨ᠎ᠠ ᠭᠡᠵᠦ ᠦᠵᠡᠪᠡ᠃           ︽ᠮᠠᠨ ᠤ ᠤᠯᠤᠰ ᠲᠤ ᠣᠳᠣᠬᠠᠨ ᠳᠤ ᠬᠡᠦᠬᠡᠳ ᠤᠨ ᠰᠠᠯᠠᠭᠠᠨ ᠤ ᠡᠮᠴᠢ ᠮᠥᠨ ᠨᠡᠯᠢᠶᠡᠳ ᠲᠤᠲᠠᠭᠳᠠᠵᠤ ᠪᠠᠶᠢᠨ᠎ᠠ᠃ ᠡᠨᠡ ᠬᠦ ᠠᠬᠤᠢ ᠪᠠᠶᠢᠳᠠᠯ ᠳᠣᠣᠷ᠎ᠠ᠂ AI ᠨᠢ ᠬᠡᠦᠬᠡᠳ ᠤᠨ ᠡᠷᠡᠭᠦᠯ ᠮᠡᠨᠳᠦ ᠶᠢ ᠪᠠᠲᠤᠯᠠᠬᠤ ᠂ ᠬᠡᠦᠬᠡᠳ ᠤᠨ ᠰᠠᠯᠠᠭᠠᠨ ᠤ ᠡᠬᠢ ᠪᠠᠶᠠᠯᠢᠭ ᠢ ᠥᠷᠭᠡᠳᠬᠡᠬᠦ ᠳᠤ ᠭᠦᠨᠵᠡᠭᠡᠢ ᠬᠤᠪᠢᠰᠤᠯᠲᠠ ᠠᠪᠴᠢᠷᠠᠬᠤ ᠪᠣᠯᠣᠨ᠎ᠠ︾ ᠭᠡᠵᠦ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ ᠤᠨ ᠨᠡᠷ᠎ᠡ ᠬᠦᠨᠳᠦᠲᠦ ᠳᠠᠷᠤᠭ᠎ᠠ ᠵᠠᠩ ᠪᠦᠸᠧ ᠬᠡᠯᠡᠪᠡ᠃           ᠨᠢ ᠰᠢᠨ᠂ ᠲᠤᠰᠬᠠᠢ ᠮᠡᠷᠭᠡᠵᠢᠯᠲᠡᠨ ᠭᠡᠯᠪᠡᠷᠢ ᠶᠢᠨ᠂ ᠭᠡᠷ ᠪᠦᠯᠢ ᠶᠢᠨ ᠭᠡᠯᠪᠡᠷᠢ ᠶᠢᠨ ᠪᠠ ᠨᠡᠶᠢᠭᠡᠮ ᠲᠣᠭᠤᠷᠢᠭ ᠤᠨ ᠭᠡᠯᠪᠡᠷᠢ ᠶᠢᠨ ᠬᠡᠦᠬᠡᠳ ᠤᠨ ᠰᠠᠯᠠᠭᠠᠨ ᠤ AI ᠡᠮᠴᠢ ᠵᠠᠯᠭᠠᠭ᠎ᠠ ᠪᠠᠷ ︽ᠠᠵᠢᠯ ᠤᠨ ᠪᠠᠶᠢᠷᠢ ᠳᠤ ᠭᠠᠷᠴᠤ︾᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠣᠯᠠᠨ ᠡᠰᠢᠵᠢᠭᠰᠡᠨ ᠪᠠᠶᠢᠳᠠᠯ ᠢ ᠪᠦᠭᠦ ᠲᠠᠯ᠎ᠠ ᠪᠠᠷ ᠬᠠᠮᠤᠷᠬᠤ ᠨᠢ ᠡᠮᠴᠢᠯᠡᠭᠡᠨ ᠤ ᠡᠬᠢ ᠪᠠᠶᠠᠯᠢᠭ  ᠤᠨ ᠲᠡᠩᠴᠡᠭᠦᠷᠢᠲᠡᠢ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ ᠮᠡᠷᠭᠡᠵᠢᠯ ᠢᠶᠠᠷ ᠬᠦᠴᠦᠨ ᠴᠢᠳᠠᠯ ᠣᠯᠭᠤᠬᠤ ᠪᠠᠷ ᠳᠠᠮᠵᠢᠭᠤᠯᠤᠨ᠂ ᠬᠡᠷᠡᠭᠴᠡᠭᠡ ᠲᠠᠢ ᠬᠡᠦᠬᠡᠳ ᠲᠤ ᠴᠥᠮ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠪᠦᠭᠦ ᠤᠯᠤᠰ ᠤᠨ 3 ᠳ᠋ᠦᠩᠰᠢᠭᠤᠷ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠪᠣᠯᠣᠨ᠎ᠠ ᠭᠡᠵᠦ ᠢᠯᠡᠳᠬᠡᠪᠡ᠃
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号