ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠳᠡᠳ᠋ ᠳᠠᠷᠤᠭ᠎ᠠ ᠵᠤᠤ ᠱᠢ ᠳ᠋ᠧ᠄ | | ᠱᠤᠸᠠᠢ ᠵᠧᠩ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠲᠣᠭᠲᠠᠭᠠᠯ︾ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠭᠤᠣᠯᠳᠠᠯᠭ᠎ᠠ ᠲᠠᠢ ᠡᠭᠦᠷᠭᠡ ᠪᠣᠯᠣᠨ ᠦᠢᠯᠡᠳᠦᠯᠭᠡ ᠶᠢᠨ ᠠᠷᠭ᠎ᠠ ᠵᠠᠮ ᠢ ᠲᠣᠳᠣᠷᠬᠠᠶᠢᠯᠠᠵᠤ᠂ | ᠰᠢᠨ᠎ᠡ ᠴᠠᠭ ᠦᠶ᠎ᠡ ᠰᠢᠨ᠎ᠡ ᠠᠶᠠᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠵᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ | ᠤᠷᠢᠳ ᠬᠤᠵᠢᠳ 3 ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ 5 ᠵᠢᠯ ᠳᠠᠷᠠᠭᠠᠯᠠᠨ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠥᠪᠥᠷ ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠡᠷᠬᠡᠪᠰᠢ ᠪᠠᠲᠤ ᠴᠡᠭᠡᠵᠢᠯᠡᠬᠦ ︽ | ᠤᠯᠤᠰ ᠤᠨ ᠶᠡᠭᠡ ᠶᠠᠪᠤᠳᠠᠯ︾ ᠪᠤᠯᠭᠠᠬᠤ ᠬᠡᠷᠡᠭᠲᠡᠢ ᠭᠡᠵᠦ ᠱᠠᠭᠠᠷᠳᠠᠵᠠᠢ᠃ ᠪᠦᠭᠦ ᠣᠷᠣᠨ ᠢᠶᠠᠷ ᠢᠶᠠᠨ ᠢᠮᠠᠭᠲᠠ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ︽ᠲᠠᠪᠤᠨ ᠶᠡᠭᠡ ᠡᠭᠦᠷᠭᠡ︾ ᠶᠢᠨ ᠨᠢᠭᠡ ᠪᠤᠯᠭᠠᠵᠤ᠂ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠭᠰᠡᠭᠡᠷ ᠢᠷᠡᠪᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠲᠢᠩᠬᠢᠮ ᠬᠡᠷᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠮᠢ ᠠᠬᠤᠢ ᠣᠷᠴᠢᠨ ᠲᠣᠭᠤᠷᠢᠨ ᠤ | ᠬᠦᠷᠢᠶᠡᠨ ᠤ ᠥᠭᠡᠷᠡᠴᠢᠯᠡᠯᠲᠡ ᠶᠢᠨ ᠰᠢᠰᠲ᠋ᠧᠮ ᠢ ᠪᠦᠷᠢᠯᠳᠦᠭᠦᠯᠵᠦ᠂ ᠬᠠᠮᠵᠢᠯᠴᠠᠨ ᠥᠨᠳᠥᠷ ᠪᠦᠲᠦᠮᠵᠢᠲᠡᠢ ᠭᠠᠷᠭᠠᠨ᠂ | ᠠᠮᠢ ᠠᠬᠤᠢ ᠣᠷᠴᠢᠨ ᠲᠣᠭᠤᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠭᠰᠠᠨ ᠲᠤᠬᠠᠢ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠳᠠᠷᠤᠭ᠎ᠠ ᠵᠤᠤ ᠱᠢ | ᠳ᠋ᠧ ᠶᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠲᠢᠩᠬᠢᠮ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷᠰᠢᠤ ᠴᠢᠷᠮᠠᠶᠢᠯᠭ᠎ᠠ ᠭᠠᠷᠭᠠᠭᠰᠠᠨ ᠪᠤᠶ ︖ | ᠵᠣᠣ ᠱᠢ ᠳ᠋ᠧ᠄ ᠪᠢᠳᠡ ᠢᠮᠠᠭᠲᠠ ᠪᠡᠷᠬᠡ ᠰᠡᠳᠦᠪ ᠢ ᠰᠢᠪᠲᠤᠯᠬᠤ ᠶᠢ ᠪᠠᠷᠢᠮᠲᠠᠯᠠᠵᠤ᠂ ᠠᠮᠢ ᠠᠬᠤᠢ | ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠪᠢᠳᠡ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠥᠪᠯᠡᠯ ᠢ ᠲᠤᠰ ᠲᠤᠰ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ | ᠱᠠᠲᠤ ᠱᠠᠲᠤ ᠪᠠᠷ ᠨᠠᠶᠢᠳᠠᠪᠤᠷᠢᠵᠢᠭᠤᠯᠪᠠ᠃ ᠡ᠊ᠩ ᠲᠡᠷᠢᠭᠦᠨ ᠳᠤ᠂ ︽ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠠᠭ | ᠲᠤᠬᠠᠢ ᠳᠤᠨᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ᠂ ᠠᠭᠠᠷ | ᠮᠠᠨᠳᠠᠯ᠂ ᠤᠰᠤ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠳᠤᠯ ᠢ ᠰᠡᠷᠭᠡᠶᠢᠯᠡᠨ | ᠵᠠᠰᠠᠬᠤ ᠳᠦᠷᠢᠮ᠂ ᠦᠬᠠᠢ ᠬᠤᠳᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠨᠡᠶᠢᠲᠡᠯᠡᠵᠦ | ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ︽ᠲᠦᠷᠪᠡᠨ ᠨᠢᠷᠤᠭᠤ ᠨᠠᠢᠮᠠᠨ ᠲᠤᠯᠭᠠᠭᠤᠷᠢ︾ ᠶᠢᠨ | ᠳᠦᠷᠢᠮ ᠤᠨ ᠰᠢᠰᠲ᠋ᠧᠮ ᠢ ᠪᠠᠶᠢᠭᠤᠯᠪᠠ᠃ ᠳᠠᠷᠠᠭᠠᠯᠠᠪᠠᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠠᠳᠬᠤᠵᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠨ ᠬᠢᠨᠠᠨ ᠰᠢᠯᠭᠠᠬᠤ᠂ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ᠂ ᠠᠮᠢ | ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢᠲᠠ ᠨᠡᠬᠡᠮᠵᠢᠯᠡᠬᠦ᠂ ᠠᠮᠢ | ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠵᠡᠷᠭᠡ | ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠨᠠᠮ ᠤᠨ ᠬᠤᠷᠢᠶ᠎ᠠ ᠶᠢᠨ ᠤᠳᠤᠷᠢᠳᠤᠯᠭ᠎ᠠ᠂ ᠵᠠᠰᠠᠭ ᠤᠨ ᠣᠷᠳᠣᠨ ᠤ | ᠭᠤᠣᠯ ᠪᠤᠯᠬᠤ ᠵᠢᠯᠣᠭᠤᠳᠤᠯᠭ᠎ᠠ᠂ ᠠᠵᠤ ᠠᠬᠤᠶᠢᠯᠠᠯ ᠤᠨ ᠭᠤᠣᠯ ᠴᠣᠭᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ | ᠪᠣᠯᠣᠨ ᠤᠯᠠᠨ ᠨᠡᠶᠢᠲᠡ ᠬᠠᠮᠲᠤ ᠪᠠᠷ ᠣᠷᠤᠯᠴᠠᠬᠤ ᠬᠠᠷᠢᠭᠤᠴᠠᠯᠭ᠎ᠠ ᠶᠢᠨ ᠰᠢᠰᠲ᠋ᠧᠮ ᠢ ᠨᠡᠩ ᠴᠢᠩᠭ᠎ᠠ | ᠲᠡᠭᠦᠯᠳᠡᠷᠵᠢᠭᠦᠯᠪᠡ᠃ ᠡᠭᠦᠨ ᠠᠴᠠ ᠭᠠᠳᠠᠨ᠎ᠠ᠂ ᠪᠢᠳᠡ ᠪᠠᠰᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭᠠᠨ ᠤ ᠥᠪᠥᠷ ᠮᠣᠩᠭᠤᠯ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠥᠪᠥᠷ ᠮᠣᠩᠭᠤᠯ ᠳᠠᠬᠢ ᠠᠮᠢᠳᠤᠯᠢᠭ | ᠦᠢᠯᠡᠳᠦᠯᠭᠡ ᠶᠢ ᠭᠦᠢᠴᠡᠳ ᠢᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ | ᠡᠭᠦᠳᠬᠦ ᠳᠤ ᠬᠦᠴᠦᠨ ᠨᠡᠮᠡᠷᠢᠯᠡᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠪᠣᠯ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ | ᠲᠡᠷᠢᠭᠦᠨ ᠴᠢᠬᠤᠯᠠ ᠡᠭᠦᠷᠭᠡ ᠪᠣᠯᠣᠨ᠎ᠠ᠃ ᠥᠪᠥᠷ ᠮᠣᠩᠭᠤᠯ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠠᠯ᠎ᠠ ᠪᠠᠷ ᠶᠠᠮᠠᠷᠰᠢᠤ ᠦᠷ᠎ᠡ ᠪᠦᠲᠦᠮᠵᠢ ᠣᠯᠣᠭᠰᠠᠨ ᠪᠤᠶ︖ | | ᠵᠤᠤ ᠱᠢ ᠳ᠋ᠧ᠄ ᠪᠢᠳᠡ ᠠᠷᠠᠳ ᠲᠦᠮᠡᠨ ᠢ ᠳᠡᠭᠡᠳᠦᠯᠡᠬᠦ ᠦᠨᠳᠦᠰᠦᠨ ᠵᠣᠭᠰᠣᠯᠲᠠ ᠶᠢ ᠢᠮᠠᠭᠲᠠ | ᠪᠠᠷᠢᠮᠲᠠᠯᠠᠵᠤ᠂ ᠠᠷᠠᠳ ᠤᠯᠠᠨ ᠤ ᠲᠤᠰᠬᠠᠯ ᠲᠣᠪᠣᠶᠢᠮ᠎ᠠ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠥᠪᠥᠷ ᠮᠣᠩᠭᠤᠯ ᠤᠨ ᠨᠣᠮᠢᠨ ᠨᠣᠭᠤᠭᠠᠨ᠂ | ᠬᠥᠬᠡᠮᠳᠦᠭ ᠴᠡᠩᠬᠡᠷ᠂ ᠠᠷᠢᠭᠤᠨ ᠴᠡᠪᠡᠷ ᠢ ᠦᠨᠡᠨ ᠬᠦ ᠰᠠᠶᠢᠲᠤᠷ ᠰᠠᠬᠢᠨ ᠬᠠᠮᠠᠭᠠᠯᠠᠨ᠎ᠠ᠃ ᠪᠦᠭᠦ ᠣᠷᠣᠨ ᠤ | ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 2015 ᠣᠨ ᠤ 86.2% ᠠᠴᠠ 90.2% ᠪᠣᠯᠵᠤ | ᠨᠡᠮᠡᠭᠳᠡᠨ᠂ PM 2.5 ᠶᠢᠨ ᠥᠳᠬᠡᠴᠡ ᠪᠣᠰᠤᠭ᠎ᠠ ᠳᠥᠷᠪᠡᠯᠵᠢᠨ ᠮᠧᠲᠷ ᠪᠦᠷᠢ 36 ᠮᠢᠺᠷᠥᠭᠷᠠᠮ ᠪᠠᠶᠢᠭᠰᠠᠨ | ᠠᠴᠠ ᠪᠠᠭᠤᠷᠠᠭᠠᠳ ᠪᠣᠰᠤᠭ᠎ᠠ ᠳᠥᠷᠪᠡᠯᠵᠢᠨ ᠮᠧᠲᠷ ᠪᠦᠷᠢ 23 ᠮᠢᠺᠷᠥᠭᠷᠠᠮ ᠪᠣᠯᠵᠤ᠂ ᠠᠭᠠᠷ ᠤᠨ ᠶᠠᠰᠤ ᠴᠢᠨᠠᠷ ᠤᠨ | ᠪᠠᠷᠢᠮᠵᠢᠶ᠎ᠠ ᠳᠤ ᠭᠦᠷᠦᠭᠰᠡᠨ ᠬᠤᠲᠠ 2015 ᠣᠨ ᠳᠤ 5 ᠪᠠᠶᠢᠭᠰᠠᠨ ᠠᠴᠠ ᠨᠡᠮᠡᠭᠳᠡᠭᠡᠳ 11 ᠪᠣᠯᠪᠠ᠃ ᠭᠠᠵᠠᠷ | ᠳᠡᠭᠡᠷᠡᠬᠢ ᠤᠰᠤᠨ ᠤ ᠰᠢᠯᠢᠳᠡᠭ ᠰᠠᠶᠢᠨ ᠬᠠᠷᠢᠴᠠᠯ 2014 ᠣᠨ ᠳᠤ 57.7% ᠪᠠᠶᠢᠭᠰᠠᠨ ᠠᠴᠠ ᠳᠡᠭᠡᠭᠰᠢᠯᠡᠭᠡᠳ | 79.1% ᠪᠣᠯᠵᠤ᠂ ᠴᠢᠨᠠᠷ ᠮᠠᠭᠤᠲᠠᠢ ᠤᠰᠤᠨ ᠤ ᠬᠠᠷᠢᠴᠠᠯ 9.6% ᠪᠠᠶᠢᠭᠰᠠᠨ ᠠᠴᠠ ᠪᠠᠭᠤᠷᠠᠭᠠᠳ 1.7% | ᠪᠣᠯᠵᠤ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠭᠤᠣᠯ ᠤᠷᠤᠰᠬᠠᠯ ᠤᠨ ᠤᠰᠤᠨ ᠤ ᠴᠢᠨᠠᠷ ᠨᠢ | ᠦᠷᠭᠦᠯᠵᠢᠯᠡᠨ V ᠲᠥᠷᠥᠯ ᠳᠤ ᠲᠣᠭᠲᠠᠪᠤᠷᠢᠵᠢᠵᠠᠢ᠃ ᠤᠰᠤᠨ ᠤ ᠴᠢᠨᠠᠷ ᠢ ᠰᠠᠶᠢᠵᠢᠷᠠᠭᠤᠯᠬᠤ᠂ ᠤᠰᠤᠨ ᠤ | ᠬᠡᠮᠵᠢᠶ᠎ᠡ ᠶᠢ ᠨᠡᠮᠡᠭᠳᠡᠭᠦᠯᠬᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠭᠦ ᠶᠢᠨ | ᠲᠣᠭᠤᠷᠢᠨ ᠳᠤ᠂ ᠨᠠᠭᠤᠷ ᠴᠥᠭᠦᠷᠥᠮ ᠵᠡᠷᠭᠡ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ ᠢ | ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ︽ᠬᠥᠯᠥᠨ ᠨᠠᠭᠤᠷ ᠤᠯᠠᠭᠠᠨᠰᠤᠬᠠᠢ ᠲᠠᠭ᠎ᠠ ᠶᠢᠨ ᠨᠠᠭᠤᠷ︾ ᠤᠨ | ᠤᠰᠤᠨ ᠤ ᠣᠷᠣᠨ ᠤ ᠲᠠᠯᠠᠪᠠᠶ ᠶᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠵᠤ᠂ ᠬᠥᠯᠥᠨ ᠨᠠᠭᠤᠷ᠂ ᠲᠠᠭ᠎ᠠ ᠶᠢᠨ | ᠨᠠᠭᠤᠷ ᠢ ᠤᠯᠤᠰ ᠤᠨ ᠤᠰᠤᠨ ᠤ ᠠᠮᠢ ᠠᠬᠤᠢ ᠶᠢ ᠬᠢᠨᠠᠨ ᠬᠡᠮᠵᠢᠵᠦ ᠦᠨᠡᠯᠡᠬᠦ ᠲᠤᠷᠰᠢᠯᠲᠠ ᠶᠢᠨ ᠴᠡᠭ ᠤᠨ ᠨᠠᠭᠤᠷ | ᠪᠤᠯᠭᠠᠵᠤ᠂ ᠤᠯᠠᠭᠠᠨᠰᠤᠬᠠᠢ ᠨᠠᠭᠤᠷ ᠤᠨ ᠤᠰᠤᠨ ᠤ ᠴᠢᠨᠠᠷ ᠢ V ᠲᠥᠷᠥᠯ ᠠᠴᠠ Ⅳ ᠲᠥᠷᠥᠯ ᠳᠤ ᠭᠦᠷᠲᠡᠯ᠎ᠡ | ᠳᠡᠭᠡᠭᠰᠢᠯᠡᠭᠦᠯᠵᠦ᠂ ᠴᠠᠭᠠᠨᠨᠠᠭᠤᠷ ᠤᠯᠤᠰ ᠤᠨ ᠨᠤᠭᠤ ᠭᠠᠵᠠᠷ ᠤᠨ ᠴᠡᠴᠡᠷᠯᠢᠭ᠂ ᠰᠠᠪᠠ ᠭᠠᠵᠠᠷ ᠤᠨ ᠠᠮᠢ ᠠᠬᠤᠢ | ᠣᠷᠴᠢᠨ ᠲᠣᠭᠤᠷᠢᠨ ᠰᠠᠶᠢᠵᠢᠷᠠᠬᠤ ᠬᠠᠨᠳᠤᠰᠢ ᠲᠠᠢ ᠪᠣᠯᠪᠠ᠃ ᠪᠦᠭᠦ ᠣᠷᠣᠨ ᠤ ᠪᠣᠬᠢᠷᠲᠤᠭᠰᠠᠨ ᠲᠠᠷᠢᠶᠠᠨ ᠭᠠᠵᠠᠷ ᠢ | ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠶᠢ 98% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ | ᠪᠦᠲᠦᠮᠵᠢᠲᠡᠶ ᠪᠠᠲᠤᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠡᠷᠬᠢᠨ ᠥᠭᠡᠷᠡᠴᠢᠯᠡᠯᠲᠡ ᠶᠢᠨ | ᠠᠵᠠ ᠲᠣᠭᠢᠶᠠᠯ ᠢ ᠠᠮᠵᠢᠨ ᠮᠠᠨ ᠤ ᠣᠷᠣᠨ ᠤ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠶᠢᠬᠤ ᠪᠤᠶ︖ | ᠵᠤᠤ ᠱᠢ ᠳ᠋ᠧ᠄ ᠪᠢᠳᠡ ︽ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ | ᠬᠠᠶᠢᠷᠬᠠᠨ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ ᠠᠮᠢ ᠠᠬᠤᠢ | ᠣᠷᠴᠢᠨ ᠲᠣᠭᠤᠷᠢᠨ ᠤ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠨ ᠬᠥᠮᠥᠷᠭᠡ | ᠪᠣᠯᠣᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠤᠶᠤᠨ ᠤ ᠬᠥᠮᠥᠷᠭᠡ ᠶᠢ ᠪᠠᠶᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ | ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠬᠦᠴᠦᠯᠡᠨ ᠪᠠᠶᠢᠭᠤᠯᠪᠠ᠃ ᠠᠮᠢ ᠠᠬᠤᠢ ᠣᠷᠴᠢᠨ ᠲᠣᠭᠤᠷᠢᠨ ᠢ | ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠠᠮᠢ ᠠᠬᠤᠢ ᠣᠷᠴᠢᠨ ᠲᠣᠭᠤᠷᠢᠨ ᠢ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠨᠢᠭᠡ ᠬᠤᠪᠢ ᠪᠦᠭᠦ ᠬᠦᠴᠦᠰᠦ ᠪᠦᠬᠦᠢ ᠠᠮᠢ ᠠᠬᠤᠢ ᠣᠷᠴᠢᠨ | ᠲᠣᠭᠤᠷᠢᠨ ᠤ ᠬᠠᠮᠢᠶᠠᠷᠤᠯᠲᠠ ᠶᠢᠨ ᠵᠢᠷᠤᠭ᠂ ᠨᠢᠭᠡ ᠢᠵᠢ ᠭᠤᠷᠪᠠᠨ ᠲᠥᠷᠥᠯ ᠤᠨ ᠣᠷᠣᠨ ᠬᠤᠪᠢᠶᠠᠨ ᠬᠠᠮᠢᠶᠠᠷᠤᠨ | ᠡᠵᠡᠮᠳᠡᠬᠦ ᠨᠢᠭᠡᠴᠢ ᠪᠠ ᠨᠢᠭᠡ ᠬᠤᠪᠢ ᠣᠯᠠᠨ ᠲᠠᠰ ᠳᠠᠪᠬᠤᠷᠭ᠎ᠠ᠂ ᠣᠯᠠᠨ ᠲᠠᠯᠠᠲᠤ ᠵᠥᠪᠰᠢᠶᠡᠷᠡᠯ ᠤᠨ ᠨᠠᠷᠢᠨ | ᠬᠠᠭᠤᠳᠠᠰᠤ ᠶᠢ ᠪᠦᠷᠢᠯᠳᠦᠭᠦᠯᠪᠡ᠃ ᠲᠥᠷᠥᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠵᠤ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠳᠣᠬᠠᠨ ᠪᠤᠯᠳᠠᠯ᠎ᠠ 3101 ᠴᠢᠬᠤᠯᠠ ᠶᠡᠭᠡ ᠲᠥᠷᠥᠯ ᠵᠦᠢᠯ ᠤᠨ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠤᠨ 3100 ᠳᠤᠨᠢ | ᠴᠣᠬᠤᠯᠠᠪᠤᠷᠢᠯᠠᠯ ᠬᠢᠵᠦ᠂ ᠬᠢᠨᠠᠨ ᠵᠥᠪᠰᠢᠶᠡᠷᠡᠬᠦ ᠶᠢ ᠪᠡᠶᠡᠯᠡᠭᠦᠯᠦᠭᠰᠡᠨ ᠨᠣᠷᠮ᠎ᠠ 99.9% ᠳᠤ ᠭᠦᠷᠪᠡ᠃ ᠪᠣᠬᠢᠷᠳᠤᠯ | ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 866 ᠵᠥᠪᠰᠢᠶᠡᠷᠡᠯ ᠤᠨ | ᠦᠨᠡᠮᠯᠡᠯ ᠢ ᠬᠠᠷᠭᠤᠭᠤᠯᠤᠨ ᠣᠯᠭᠤᠵᠤ᠂ 1395 ᠬᠤᠪᠢ ᠶᠢ ᠳᠠᠩᠰᠠᠯᠠᠨ ᠬᠠᠮᠢᠶᠠᠷᠴᠤ᠂ ᠲᠣᠭᠲᠠᠮᠠᠯ ᠪᠣᠬᠢᠷᠳᠤᠯ | ᠭᠠᠳᠠᠭᠰᠢᠯᠠᠭᠤᠯᠤᠯᠲᠠ ᠳᠤ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠣᠯᠭᠤᠬᠤ ᠶᠢ ᠪᠡᠶᠡᠯᠡᠭᠦᠯᠪᠡ᠃ | ᠪᠣᠬᠢᠷᠳᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ | ᠠᠷᠠᠯᠵᠢᠶᠠᠯᠠᠬᠤ ᠲᠤᠷᠰᠢᠯᠲᠠ ᠶᠢ ᠭᠦᠨᠵᠡᠭᠡᠶᠢᠷᠡᠭᠦᠯᠵᠦ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠡᠷᠬᠡ ᠶᠢ ᠠᠷᠠᠯᠵᠢᠶᠠᠯᠠᠬᠤ ᠵᠠᠬ᠎ᠠ ᠳᠡᠯᠭᠡᠭᠦᠷ ᠲᠤ ᠢᠳᠡᠪᠬᠢᠲᠡᠢ ᠠᠭᠤᠰᠤᠯᠴᠠᠵᠤ᠂ ᠢᠯᠴᠢ ᠶᠢᠨ ᠴᠠᠭᠢᠯᠭᠠᠨ ᠤ ᠠᠵᠢᠯ | ᠲᠦᠷᠦᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢᠨ ᠣᠷᠴᠢᠨ ᠲᠣᠭᠤᠷᠢᠨ ᠳᠤ ᠦᠵᠡᠭᠦᠯᠭᠦ ᠨᠥᠯᠥᠭᠡ ᠶᠢ | ᠦᠨᠡᠯᠡᠬᠦ ᠲᠤᠷᠰᠢᠯᠲᠠ ᠶᠢ ᠪᠦᠭᠦ ᠤᠯᠤᠰ ᠲᠤ ᠡ᠊ᠩ ᠲᠡᠷᠢᠭᠦᠨ ᠳᠤ ᠥᠷᠨᠢᠭᠦᠯᠦᠭᠰᠡᠨ ᠪᠥᠭᠡᠳ ᠲᠡᠭᠦᠰ ᠠᠮᠵᠢᠯᠲᠠ ᠲᠠᠢ | ᠪᠡᠶᠡᠯᠡᠭᠦᠯᠪᠡ᠃ ᠰᠢᠨ᠎ᠡ ᠠᠶᠠᠨ ᠳᠤ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠰᠢᠪᠲᠤᠯᠤᠯᠲᠠ ᠶᠢᠨ ᠴᠡᠭ᠂ ᠬᠦᠴᠦᠯᠡᠬᠦ ᠴᠡᠭ ᠢ ᠭᠦᠨᠵᠡᠭᠡᠢ ᠰᠤᠳᠤᠯᠤᠨ ᠣᠨᠣᠴᠠᠲᠠᠢ ᠡᠷᠢᠵᠦ᠂ ᠬᠠᠳᠠᠭᠠᠰᠤ ᠬᠠᠳᠠᠬᠤ | ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠥᠪᠥᠷ ᠮᠣᠩᠭᠤᠯ ᠳᠤ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ | ᠬᠦᠷᠢᠶᠡᠨ ᠳᠤ ᠪᠣᠳᠠᠲᠤ ᠦᠷ᠎ᠡ ᠪᠦᠲᠦᠮᠵᠢ ᠭᠠᠷᠭᠠᠨ᠎ᠠ᠃ ᠪᠢᠳᠡ ᠪᠦᠭᠦ ᠬᠦᠴᠦᠨ ᠵᠦᠢᠯ ᠢ ᠪᠦᠭᠦ ᠲᠠᠯ᠎ᠠ ᠪᠠᠷ ᠵᠠᠰᠠᠬᠤ | ᠪᠠᠶᠢᠷᠢᠰᠢᠯ᠂ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠪᠠᠶᠢᠭᠤᠯᠤᠯ ᠲᠣᠭᠲᠠᠴᠠ ᠶᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠢᠰᠲ᠋ᠧᠮ ᠤᠨ ᠵᠠᠰᠠᠯᠲᠠ ᠬᠢᠭᠡᠳ | ᠭᠤᠣᠯᠳᠠᠯᠭ᠎ᠠ ᠲᠠᠢ ᠬᠦᠴᠢᠷ ᠰᠡᠳᠦᠪ ᠢ ᠰᠢᠢᠳᠪᠦᠷᠢᠯᠡᠬᠦ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠬᠢᠭᠡᠳ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠬᠢᠭᠡᠳ ᠡᠯ᠎ᠡ ᠲᠠᠯ᠎ᠠ ᠶᠢᠨ ᠬᠢᠨ | ᠬᠠᠮᠵᠢᠯᠴᠠᠨ ᠬᠥᠳᠡᠯᠦᠯᠴᠡᠬᠦ ︽ᠭᠤᠷᠪᠠ ᠶᠢ ᠤᠶᠠᠯᠳᠤᠭᠤᠯᠬᠤ︾ ᠶᠢ ᠪᠣᠳᠠᠲᠠᠢ ᠨᠠᠶᠢᠳᠠᠪᠤᠷᠢᠵᠢᠭᠤᠯᠵᠤ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠡᠮᠡᠭᠳᠡᠯ ᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠮᠠᠭᠠᠯᠠᠯᠲᠠ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠡᠮᠦᠨ᠎ᠡ | ᠨᠢ ᠠᠵᠢᠯᠯᠠᠵᠤ᠂ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠦᠵᠡᠭᠦᠯᠦᠨ᠎ᠡ᠃ |